ᠬᠥᠳᠡᠯᠮᠦᠷᠢ ᠶᠢᠨ ᠵᠢᠱᠢᠶᠡᠴᠢ ᠶᠢᠨ ᠤᠬᠠᠭᠤᠯᠤᠨ ᠲᠠᠶᠢᠯᠪᠤᠷᠢᠯᠠᠯᠲᠠ ᠰᠤᠷᠭᠠᠭᠤᠯᠢ ᠶᠢᠨ ᠬᠦᠷᠢᠶᠡᠨ ᠳᠤ ᠣᠷᠣᠵᠤ ᠬᠠᠮᠤᠭ ᠤᠨ ᠭᠤᠶᠤ ᠠᠵᠢᠯᠯᠠᠵᠤ ᠪᠠᠶᠢᠭ᠎ᠠ ᠬᠥᠮᠦᠰ ᠢ ᠮᠠᠭᠲᠠᠨ ᠲᠠᠭᠤᠯᠪᠠ
ᠨᠡᠶᠢᠲᠡᠯᠡᠭᠰᠡᠨ ᠴᠠᠭ᠄
2019-10-18
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠢᠨ ᠲᠥᠯᠥᠭᠡ᠂ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠳᠤᠮᠳᠠᠳᠤ ᠤᠯᠤᠰ ᠢ ᠮᠠᠭᠲᠠᠨ ᠰᠠᠶᠢᠰᠢᠶᠠᠬᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠢᠷᠠᠭᠤ ᠠᠶᠠᠰ ᠢ ᠴᠢᠪᠬᠠᠳᠠᠨ᠎ᠠ᠃ 10 ᠰᠠᠷ᠎ᠠ ᠶᠢᠨ 16᠎ ᠤ ᠡᠳᠦᠷ᠂ ︽ᠬᠠᠮᠤᠭ ᠤᠨ ᠭᠤᠶᠤ ᠲᠡᠮᠡᠴᠡᠭᠴᠢ︾ ᠬᠥᠳᠡᠯᠮᠦᠷᠢ ᠶᠢᠨ ᠵᠢᠱᠢᠶᠡᠴᠢ ᠶᠢᠨ ᠦᠢᠯᠡ ᠠᠵᠢᠯᠯᠠᠭ᠎ᠠ ᠶᠢᠨ ᠭᠤᠤᠯ ᠰᠡᠳᠦᠪᠲᠦ ᠲᠠᠶᠢᠯᠤᠮᠵᠢ ᠦᠬᠠᠶ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠦᠬᠠᠶ ᠬᠤᠲᠠ ᠶᠢᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠪᠠᠭᠰᠢ ᠨᠠᠷ ᠵᠠᠭᠤ ᠭᠠᠷᠤᠶ ᠰᠤᠷᠤᠭᠴᠢᠳ ᠤᠬᠠᠭᠤᠯᠤᠨ ᠲᠠᠶᠢᠯᠪᠤᠷᠢᠯᠠᠬᠤ ᠶᠢ ᠰᠣᠨᠣᠰᠴᠠᠶ      ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠳᠡᠯᠮᠦᠷᠢ ᠶᠢᠨ ᠵᠢᠱᠢᠶᠡᠴᠢ ᠠᠯᠲᠠᠨᠲᠤᠶᠠᠭ᠎ᠠ᠂ ᠦᠬᠠᠶ ᠬᠤᠲᠠ ᠶᠢᠨ ᠲᠡᠰ ᠤᠨ ᠬᠥᠳᠡᠯᠮᠦᠷᠢ ᠶᠢᠨ ᠵᠢᠱᠢᠶᠡᠴᠢ ᠶᠠᠩ ᠮᠢᠩ ᠰᠢᠦᠸᠠᠨ ᠂ ᠵᠢᠶᠠ ᠯᠢ ᠶᠤᠸᠠᠨ᠂ ᠰᠢᠤᠢ ᠵᠢᠶᠦ᠋ᠨ ᠮᠢᠨ ᠴᠡᠷᠢᠭ ᠪᠣᠷᠣᠭᠵᠢᠭᠤᠨ ᠦᠭᠡ ᠬᠡᠯᠡ ᠪᠣᠯᠤᠨ ᠥᠪᠡᠷ ᠤᠨ ᠪᠡᠶ᠎ᠡ ᠶᠢᠨ ᠠᠵᠢᠯ ᠶᠢᠨ ᠥᠩᠭᠡᠷᠡᠯᠲᠡ ᠪᠠᠷ ᠢᠶᠠᠨ ᠠᠵᠢᠯ ᠶᠢᠨ ᠪᠠᠶᠢᠷᠢ ᠪᠠᠨ ᠬᠠᠶᠢᠷᠠᠯᠠᠵᠤ ᠠᠵᠢᠯ ᠤᠶᠢᠯᠡᠰ ᠢᠶᠠᠨ ᠳᠡᠭᠡᠳᠦᠯᠡᠭᠰᠡᠨ᠂ ᠵᠣᠪᠠᠭᠤᠷᠢ ᠵᠦᠳᠡᠭᠦᠷᠢ ᠶᠢ ᠬᠦᠯᠢᠴᠡᠨ ᠲᠡᠰᠪᠦᠷᠢᠯᠡᠵᠦ᠂ ᠬᠠᠷᠠᠮ ᠦᠭᠡᠢ ᠵᠢᠳᠬᠦᠭᠰᠡᠨ ᠨᠡᠶᠢᠲᠡᠯᠢᠭ ᠦᠢᠯᠡ ᠠᠵᠢᠯᠯᠠᠭ᠎ᠠ ᠪᠠᠨ ᠶᠠᠷᠢᠪᠠ᠃ ᠬᠡᠳᠦ᠋ᠢᠪᠡᠷ ᠲᠡᠳᠡᠨ ᠤ ᠠᠵᠢᠯ ᠶᠢᠨ ᠪᠠᠶᠢᠷᠢ ᠨᠢ ᠠᠳᠠᠯᠢ ᠪᠤᠰᠤ᠂ ᠪᠡᠶ᠎ᠡ ᠶᠢᠨ ᠭᠠᠷᠤᠯ ᠨᠢ ᠠᠳᠠᠯᠢ ᠪᠤᠰᠤ ᠪᠣᠯᠪᠠᠴᠤ ᠲᠡᠳᠡ ᠬᠠᠮᠲᠤ ᠶᠢᠨ ᠣᠨᠴᠠᠯᠢᠭ ᠲᠠᠢ᠂ ᠲᠡᠳᠡ ᠪᠣᠯ ᠪᠦᠷ ᠬᠥᠳᠡᠯᠮᠦᠷᠢ ᠶᠢᠨ ᠵᠢᠱᠢᠶᠡᠴᠢ ᠶᠢᠨ ᠤᠷᠠᠨ ᠳᠠᠷᠬᠠᠨ ᠤ ᠵᠣᠷᠢᠭ ᠰᠠᠨᠠᠭᠠᠨ ᠤ ᠰᠢᠨ᠎ᠡ ᠴᠠᠭ ᠦᠶ᠎ᠡ ᠶᠢᠨ ᠤᠶᠢᠯᠡᠳᠤᠯᠭᠡᠵᠢᠭᠦᠯᠥᠭᠴᠢ᠂ ᠤᠯᠠᠮᠵᠢᠯᠠᠭᠴᠢ᠂ ᠪᠦᠬᠦ ᠬᠤᠲᠠ ᠶᠢᠨ ᠠᠵᠢᠯᠴᠢᠨ ᠠᠩᠭᠢ ᠶᠢᠨ ᠰᠢᠯᠢᠳᠡᠭ ᠲᠥᠯᠥᠭᠡᠯᠡᠭᠴᠢ᠂ ᠪᠦᠬᠦ ᠬᠤᠲᠠ ᠶᠢᠨ ᠰᠤᠷᠤᠯᠴᠠᠭᠤᠰᠢᠲᠠᠢ ᠳᠠᠭᠤᠷᠢᠶᠠᠯ ᠪᠣᠯᠤᠨ᠎ᠠ᠃      ᠤᠬᠠᠭᠤᠯᠤᠨ ᠲᠠᠶᠢᠯᠪᠤᠷᠢᠯᠠᠬᠤ ᠠᠭᠤᠯᠭ᠎ᠠ ᠳᠤ ᠣᠯᠠᠨ ᠲᠦᠮᠡᠨ ᠳᠤ ᠤᠶᠢᠯᠡᠴᠢᠯᠡᠬᠦ ᠪᠠ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠤᠶᠢᠯᠡᠳᠤᠯᠭᠡᠵᠢᠭᠦᠯᠬᠦ ᠵᠡᠷᠭᠡ ᠲᠠᠯ᠎ᠠ ᠪᠠᠷ ᠭᠠᠷᠭᠠᠭᠰᠠᠨ ᠳᠤᠪᠤᠶᠢᠮ᠎ᠠ ᠬᠤᠪᠢ ᠨᠡᠮᠡᠷᠢ ᠶᠢ ᠭᠤᠤᠯᠳᠠᠯᠭ᠎ᠠ ᠲᠠᠢ ᠲᠤᠰᠬᠠᠪᠠ᠂ ᠲᠣᠰ ᠤᠳᠠᠭ᠎ᠠ ᠶᠢᠨ ᠬᠥᠳᠡᠯᠮᠦᠷᠢ ᠶᠢᠨ ᠵᠢᠱᠢᠶᠡᠴᠢ ᠶᠢᠨ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠨ᠂ ᠵᠠᠯᠠᠭᠤ ᠰᠤᠷᠤᠭᠴᠢᠳ ᠤᠨ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠬᠤ ᠪᠠᠷ ᠴᠢᠷᠮᠠᠶᠢᠬᠤ ᠶᠢ ᠦᠨᠡᠨᠬᠦ ᠴᠢᠩᠭᠠᠳᠬᠠᠨ ᠤᠷᠮᠠᠰᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号