ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠪᠡ
ᠨᠡᠶᠢᠲᠡᠯᠡᠭᠰᠡᠨ ᠴᠠᠭ᠄
2019-10-18
     ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠦᠨᠡᠨᠬᠦ ᠰᠠᠶᠢᠵᠢᠷᠠᠭᠤᠯᠵᠤ᠂ ︽ᠬᠤᠶᠠᠷ ᠬᠤᠲᠠ ᠶᠢ ᠬᠤᠯᠪᠣᠭᠠᠯᠠᠨ ᠴᠤᠭᠴᠠᠯᠠᠬᠤ︾ ᠠᠵᠢᠯ ᠳᠤ ᠬᠦᠴᠦ ᠨᠡᠮᠡᠷᠢᠯᠡᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠵᠢᠷᠤᠮᠵᠢᠭᠰᠠᠨ ᠬᠠᠮᠢᠶᠠᠷᠤᠯᠲᠠ ᠶᠢᠨ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠪᠡ᠃       ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠢᠨ ᠲᠢᠶᠠᠨ ᠳ᠋ᠢ ᠵᠠᠬ᠎ᠠ ᠳᠡᠯᠭᠡᠭᠦᠷ ᠢᠶᠠᠷ ᠲᠤᠷᠰᠢᠯᠲᠠ ᠶᠢᠨ ᠴᠡᠭ ᠪᠣᠯᠭᠠᠵᠤ᠂ ᠵᠠᠬ᠎ᠠ ᠳᠡᠯᠭᠡᠭᠦᠷ ᠢ ᠨᠡᠭᠡᠭᠡᠨ ᠡᠷᠬᠢᠯᠡᠬᠦ ᠲᠠᠯ᠎ᠠ ᠯᠤᠭ᠎ᠠ ᠬᠠᠮᠲᠤᠪᠠᠷ ᠡᠵᠡᠩᠨᠡᠯᠲᠡ ᠶᠢᠨ ᠡᠷᠦᠬᠡ ᠯᠦᠭᠡ ︽ᠡᠭᠦᠳᠡᠨ ᠡᠮᠦᠨᠡᠬᠢ ᠭᠤᠷᠪᠠᠨ ᠲᠠᠭᠠᠭᠠᠴᠢᠯᠠᠯᠳᠠ︾ ︽ᠯᠠᠩᠭᠦᠶ ᠶᠢᠨ ᠭᠤᠷᠪᠠᠨ ᠲᠠᠭᠠᠭᠠᠴᠢᠯᠠᠯᠳᠠ︾᠎ ᠶᠢᠨ ᠬᠠᠷᠢᠭᠤᠴᠠᠯᠭ᠎ᠠ ᠶᠢᠨ ᠬᠡᠯᠡᠯᠴᠡᠭᠡᠷ ᠲᠣᠭᠲᠠᠵᠠᠶ᠃ ᠭᠤᠷᠪᠠᠨ ᠲᠠᠭᠠᠭᠠᠴᠢᠯᠠᠯᠳᠠ ᠳᠤ ᠠᠷᠢᠭᠤᠨ ᠴᠡᠪᠡᠷ ᠢ ᠳᠠᠭᠠᠭᠠᠴᠢᠯᠠᠬᠤ᠂ ᠲᠦᠷᠢ ᠲᠦᠷᠭᠦ ᠶᠢ ᠳᠠᠭᠠᠭᠠᠴᠢᠯᠠᠬᠤ᠂ ᠡᠮᠬᠢ ᠳᠢᠭᠯᠢᠮ ᠢ ᠳᠠᠭᠠᠭᠠᠴᠢᠯᠠᠬᠤ ᠵᠡᠷᠭᠡ ᠠᠭᠤᠯᠭ᠎ᠠ ᠲᠠᠢ᠂ ᠡᠵᠡᠩᠨᠡᠭᠴᠢ ᠠᠴᠠ ᠡᠭᠦᠳᠡᠨ ᠡᠮᠦᠨᠡᠭᠢ᠂ ᠯᠠᠩᠭᠦᠶ ᠶᠢᠨ ᠠᠷᠣ ᠦᠪᠦᠷ ᠤᠨ ᠠᠷᠢᠭᠤᠨ ᠴᠡᠪᠡᠷ᠂ ᠲᠤᠨᠤᠭ ᠲᠦᠭᠦᠭᠡᠷᠦᠮᠵᠢ ᠪᠠᠨ ᠲᠡᠷᠢ ᠲᠡᠭᠰᠢ ᠲᠠᠯᠪᠢᠭᠰᠠᠨ ᠪᠠᠶᠢᠬᠤ ᠶᠢ ᠪᠠᠲᠤᠯᠠᠵᠤ᠂ ᠡᠷᠦᠢ ᠬᠤᠷᠤᠢ ᠦᠭᠡᠢ ᠶᠠᠭᠤᠮ᠎ᠠ ᠨᠠᠭᠠᠬᠤ ᠦᠭᠡᠢ︔ ᠯᠠᠩᠬᠦᠢ ᠶᠢᠨ ᠨᠢᠭᠤᠷ ᠳᠡᠭᠡᠷ᠎ᠡ ᠪᠣᠬᠢᠷ ᠤᠰᠤ ᠦᠭᠡᠢ᠂ ᠭᠬᠢᠷ ᠦᠭᠡᠢ᠂ ᠪᠤᠷᠳᠠᠭ ᠦᠭᠡᠢ ᠪᠠᠶᠢᠬᠤ ᠶᠢ ᠪᠡᠶᠡᠯᠡᠭᠦᠯᠦᠨ᠎ᠡ᠃     ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠬᠤᠲᠠ ᠶᠢ ᠬᠤᠯᠪᠣᠭᠠᠯᠠᠨ ᠴᠤᠭᠴᠠᠯᠠᠬᠤ︾ ᠪᠠᠷᠢᠮᠵᠢᠶ᠎ᠠ ᠶᠢ ᠦᠨᠳᠦᠰᠦᠯᠡᠨ ᠲᠣᠭᠤᠷᠢᠨ ᠪᠠᠶᠢᠴᠠᠭᠠᠬᠤ ᠳᠠᠪᠲᠠᠮᠵᠢ ᠪᠠ ᠪᠠᠶᠢᠴᠠᠭᠠᠨ ᠬᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ︽ᠡᠷᠭᠢᠵᠦ ᠬᠠᠷᠠᠬᠤ︾ ᠠᠵᠢᠯᠯᠠᠭ᠎ᠠ ᠶᠢ ᠲᠠᠰᠤᠷᠠᠯᠲᠠ ᠥᠬᠡᠶ ᠥᠷᠨᠢᠭᠦᠯᠵᠦ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠲᠤᠬᠠᠶ ᠶᠢᠨ ᠲᠠᠯᠠᠪᠠᠢ ᠳᠤ ᠨᠢ ᠴᠡᠭᠴᠡᠯᠡᠨ ᠰᠠᠶᠢᠵᠢᠷᠠᠭᠤᠯᠪᠠ᠃ ᠡᠭᠦᠨ ᠤ ᠵᠡᠷᠭᠡᠴᠡᠭᠡ ᠪᠠᠷ᠂ ᠲᠠᠷᠢᠶᠠᠯᠠᠩ ᠤᠨ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ ᠠᠵᠢᠯ ᠢ ᠤᠤᠯ ᠤᠨ ᠭᠠᠷᠠᠭ ᠪᠦᠷᠢ 1 ᠤᠳᠠᠭ᠎ᠠ ᠬᠢᠵᠦ ᠪᠠᠶᠢᠭᠰᠠᠨ ᠢᠶᠠᠨ ᠭᠠᠷᠠᠭ ᠪᠦᠷᠢ 2᠎ ᠠᠴᠠ 3 ᠤᠳᠠᠭ᠎ᠠ ᠪᠣᠯᠭᠠᠨ ᠥᠭᠡᠷᠡᠴᠢᠯᠡᠪᠡ︔ ᠬᠡᠯᠡᠯᠴᠡᠭᠡᠷ ᠲᠣᠭᠲᠠᠭᠠᠭᠰᠠᠨ ᠬᠤᠳᠠᠯᠳᠤᠭᠠᠴᠢᠨ ᠡᠷᠦᠬᠡ ᠪᠦᠬᠦᠨ ᠬᠡᠯᠡᠯᠴᠡᠭᠡᠷ ᠤᠨ ᠠᠭᠤᠯᠭ᠎ᠠ ᠶᠣᠰᠣᠭᠠᠷ ᠬᠡᠷᠡᠭᠵᠢᠭᠦᠯᠦᠭᠰᠡᠨ ᠦᠭᠡᠢ ᠪᠠᠶᠢᠪᠠᠯ᠂ ᠬᠠᠮᠢᠶᠠᠷᠤᠯᠲᠠ ᠶᠢᠨ ᠠᠵᠢᠯᠲᠠᠨ ︽ᠡᠭᠦᠳᠡᠨ ᠡᠮᠦᠨᠡᠬᠢ ᠭᠤᠷᠪᠠᠨ ᠲᠠᠭᠠᠭᠠᠴᠢᠯᠠᠯᠳᠠ︾᠂ ︽ᠯᠠᠩᠭᠦᠶ ᠶᠢᠨ ᠭᠤᠷᠪᠠᠨ ᠲᠠᠭᠠᠭᠠᠴᠢᠯᠠᠯᠳᠠ︾᠎ ᠶᠢᠨ ᠬᠠᠷᠢᠭᠤᠴᠠᠯᠭ᠎ᠠ ᠶᠢᠨ ᠶᠣᠰᠣᠭᠠᠷ ᠲᠡᠭᠦᠨ ᠳᠤ ᠵᠣᠬᠢᠴᠠᠩᠭᠤᠶ ᠰᠢᠳᠭᠡᠯ ᠥᠭᠭᠦᠨ᠎ᠡ︔ ᠵᠠᠬ᠎ᠠ ᠳᠡᠯᠭᠡᠭᠦᠷ ᠡᠷᠬᠢᠯᠡᠬᠦ ᠲᠠᠯ᠎ᠠ ᠶᠢᠨ ᠬᠠᠮᠢᠶᠠᠷᠤᠯᠲᠠ ᠶᠢᠨ ᠠᠵᠢᠯᠲᠠᠨ᠂ ᠠᠳᠠᠯ ᠠᠬᠤᠢ ᠶᠢᠨ ᠺᠣᠮᠫᠠᠨᠢ ᠶᠢᠨ ᠠᠵᠢᠯᠲᠠᠨ ᠤ ᠪᠡᠶ᠎ᠡ ᠶᠢᠨ ᠭᠠᠷᠤᠯ ᠢ ᠬᠤᠪᠢᠷᠠᠭᠤᠯᠵᠤ᠂ ᠦᠢᠯᠡᠴᠢᠯᠡᠭᠡ ᠬᠠᠩᠭᠠᠬᠤ ᠮᠥᠷᠲᠡᠭᠡᠨ ᠪᠠᠰᠠ ᠬᠢᠨᠠᠯᠲᠠ ᠲᠠᠯᠪᠢᠬᠤ ᠳᠤ ᠣᠷᠣᠯᠴᠠᠵᠤ᠂ ᠬᠠᠮᠲᠤᠪᠠᠷ ᠠᠳᠬᠤᠬᠤ᠂ ᠬᠠᠮᠲᠤᠪᠠᠷ ᠵᠠᠰᠠᠬᠤ ᠠᠵᠢᠯ ᠤᠨ ᠪᠠᠶᠢᠷᠢᠰᠢᠯ ᠢ ᠪᠤᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号