ᠬᠠᠶᠢᠷᠤᠪ ᠤᠨ ᠲᠣᠬᠤᠢ ᠲᠣᠭᠤᠷᠢᠭ᠄ ᠶᠠᠳᠠᠭᠤ ᠬᠦᠴᠢᠷᠳᠡᠯᠲᠡᠶ ᠭᠡᠷ ᠪᠦᠯᠢ ᠶᠢ ᠨᠢᠭᠡ ᠶᠢ ᠴᠤ ᠣᠷᠬᠢᠭᠳᠠᠭᠤᠯᠵᠤ ᠪᠣᠯᠬᠤ ᠥᠬᠡᠶ
ᠨᠡᠶᠢᠲᠡᠯᠡᠭᠰᠡᠨ ᠴᠠᠭ᠄
2019-10-18
     2019 ᠤᠨ ᠤ 10 ᠰᠠᠷ᠎ᠠ ᠶᠢᠨ 17᠎ ᠤ ᠡᠳᠦᠷ ᠪᠣᠯ ᠲᠥᠷᠦ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠭᠰᠠᠨ ᠵᠢᠷᠭᠤᠳᠤᠭᠠᠷ ︽ᠤᠯᠤᠰ ᠤᠨ ᠶᠠᠳᠠᠭᠤ ᠶᠢ ᠲᠡᠳᠬᠦᠬᠦ ᠡᠳᠦᠷ︾ ᠪᠣᠯᠤᠨ 27 ᠳ᠋ᠤᠭᠠᠷ ᠣᠯᠠᠨ ᠤᠯᠤᠰ ᠤᠨ ᠶᠠᠳᠠᠭᠤ ᠬᠦᠴᠢᠷᠳᠡᠯ ᠢ ᠠᠷᠢᠯᠭᠠᠬᠤ ᠡᠳᠦᠷ ᠪᠣᠯᠤᠨ᠎ᠠ᠃      ᠶᠠᠳᠠᠭᠤ ᠬᠦᠴᠢᠷᠳᠡᠯ ᠢ ᠠᠷᠢᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠪᠡᠶᠡᠯᠡᠭᠦᠯᠬᠦ ᠶᠢᠨ ᠲᠥᠯᠥᠭᠡ᠂ ᠶᠡᠷᠦᠩᠬᠡᠶ ᠱᠦᠵᠢ ᠰᠢ ᠶᠢᠨ ᠫᠢᠩ ᠦᠨᠡᠨ ᠶᠠᠳᠠᠭᠤ ᠶᠢ ᠰᠤᠷᠪᠤᠯᠵᠢᠯᠠᠵᠤ᠂ ᠦᠨᠡᠨ ᠶᠠᠳᠠᠭᠤ ᠶᠢ ᠦᠵᠡᠵᠦ᠂ ᠾᠧᠪᠧᠶ ᠶᠢᠨ ᠹᠦ᠋ ᠫᠢᠩ ᠠᠴᠠ ᠭᠠᠨᠰᠦ ᠶᠢᠨ ᠳ᠋ᠢᠩ ᠰᠢ ᠬᠦᠷᠲᠡᠯ᠎ᠡ᠂ ᠱᠠᠨᠰᠢ ᠶᠢᠨ ᠯᠢᠶᠠᠩ ᠵᠢᠶᠠ ᠾᠧ ᠠᠴᠠ ᠬᠢᠷᠢᠨ ᠤ ᠶᠠᠨ ᠪᠢᠶᠠᠨ ᠬᠦᠷᠲᠡᠯ᠎ᠡ ᠁ ᠲᠡᠭᠦᠨ ᠤ ᠤᠯᠠ ᠮᠦᠷ ᠨᠢ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠭᠡᠷ ᠪᠦᠯᠢ ᠬᠦᠷᠲᠡᠯ᠎ᠡ ᠭᠦᠨᠵᠡᠭᠡᠶᠢᠷᠡᠵᠦ᠂ ᠲᠡᠷᠡ᠄ ︽ᠶᠠᠳᠠᠭᠤ ᠶᠢ ᠲᠡᠳᠬᠦᠬᠦ ᠵᠠᠮ ᠳᠡᠭᠡᠷ᠎ᠡ᠂ ᠶᠠᠳᠠᠭᠤ ᠬᠦᠴᠢᠷᠳᠡᠯᠲᠡᠶ ᠭᠡᠷ ᠪᠦᠯᠢ ᠶᠢ ᠨᠢᠭᠡ ᠶᠢ ᠴᠤ ᠬᠠᠶᠠᠵᠤ ᠪᠣᠯᠬᠤ ᠦᠭᠡᠢ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠨᠢᠭᠡ ᠶᠢ ᠴᠤ ᠬᠠᠶᠠᠵᠤ ᠪᠣᠯᠬᠤ ᠦᠭᠡᠢ︾ ᠭᠡᠵᠦ ᠬᠡᠯᠡᠪᠡ᠃      ᠬᠠᠶᠢᠷᠤᠪ ᠤᠨ ᠲᠣᠬᠤᠢ ᠲᠣᠭᠤᠷᠢᠭ ᠤᠨ ᠰᠢᠨ ᠶᠤᠸᠠᠨ ᠨᠡᠶᠢᠭᠡᠮ ᠲᠣᠭᠤᠷᠢᠭ ᠲᠤ ᠡᠶᠢᠮᠦ ᠨᠢᠭᠡᠨ ᠰᠠᠭᠤᠭᠠᠯᠢ ᠠᠷᠠᠳ ᠪᠠᠶᠢᠳᠠᠭ᠂ ᠲᠡᠷᠡ ᠶᠠᠩ ᠰᠢᠶᠠᠨ ᠵᠦᠩ ᠭᠡᠳᠡᠭ᠂ ᠤᠳᠠᠭᠠᠨ ᠴᠢᠨᠠᠷᠲᠠᠶ ᠨᠦᠢᠷ ᠡᠪᠡᠳᠴᠢᠨ ᠣᠯᠤᠭᠰᠠᠨ ᠠᠴᠠ ᠪᠣᠯᠵᠤ ᠬᠦᠨᠳᠦ ᠠᠵᠢᠯ ᠬᠢᠬᠦ ᠶᠢᠨ ᠠᠷᠭ᠎ᠠ ᠦᠭᠡᠢ ᠪᠣᠯᠵᠤ᠂ ᠭᠤᠷᠪᠠᠨ ᠼᠢᠶᠠᠨᠲᠤ ᠠᠮᠢᠨ ᠤ ᠬᠡᠷᠡᠭ ᠤᠨ ᠨᠥᠯᠥᠭᠡ ᠠᠴᠠ ᠪᠣᠯᠵᠤ᠂ ᠦᠨᠢᠶᠡᠨ ᠰᠦ ᠶᠢ ᠪᠣᠷᠣᠯᠠᠭᠤᠯᠬᠤ ᠶᠢᠨ ᠠᠷᠭ᠎ᠠ ᠦᠭᠡᠢ ᠪᠣᠯᠵᠤ᠂ ᠤᠤᠯ ᠨᠢ ᠦᠬᠡᠷ ᠲᠡᠵᠢᠭᠡᠬᠦ ᠲᠣᠮᠣ ᠡᠷᠦᠬᠡ ᠪᠠᠶᠢᠭᠰᠠᠨ ᠲᠡᠷᠡ ᠣᠷᠣᠯᠭ᠎ᠠ ᠪᠠᠨ ᠨᠡᠮᠡᠭᠳᠡᠭᠦᠯᠦᠭᠰᠡᠨ ᠦᠭᠡᠢ ᠮᠥᠷᠲᠡᠭᠡᠨ ᠪᠠᠰᠠ 20 ᠭᠠᠷᠤᠶ ᠲᠦᠮᠡᠨ ᠲᠥᠭᠦᠷᠢᠭ ᠤᠨ ᠭᠠᠳᠠᠭᠠᠳᠤ ᠦᠷᠢ ᠲᠠᠢ ᠪᠣᠯᠵᠤ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠪᠣᠯᠵᠤ᠂ ᠬᠤᠶᠠᠷ ᠥᠬᠢᠨ ᠤ ᠰᠤᠷᠤᠯᠭ᠎ᠠ ᠶᠢᠨ ᠵᠠᠷᠤᠳᠠᠯ ᠪᠠ ᠠᠮᠢᠳᠤᠷᠠᠯ ᠤᠨ ᠵᠠᠷᠤᠳᠠᠯ ᠢ ᠴᠤ ᠡᠭᠦᠷᠭᠡᠯᠡᠬᠦ ᠶᠢᠨ ᠠᠷᠭ᠎ᠠ ᠦᠭᠡᠢ ᠪᠣᠯᠵᠠᠶ᠃ 2014 ᠣᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠠᠵᠢᠯᠲᠠᠨ ᠲᠡᠳᠡᠨ ᠤ ᠭᠡᠷ ᠤᠨ ᠪᠠᠶᠢᠳᠠᠯ ᠢ ᠣᠶᠢᠯᠠᠭᠠᠵᠤ᠂ ᠲᠡᠭᠦᠨ ᠢ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠡᠲᠡᠭᠡᠳ ᠲᠤ ᠣᠷᠣᠭᠤᠯᠵᠤ᠂ ᠬᠤᠶᠠᠷ ᠬᠡᠤᠬᠡᠨ ᠳᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠣᠯᠭᠤᠵᠤ᠂ ᠰᠤᠷᠤᠯᠭ᠎ᠠ ᠶᠢᠨ ᠰᠤᠶᠢᠤᠡᠭᠡᠯ᠂ ᠬᠤᠨᠤᠭ ᠤᠨ ᠰᠤᠶᠢᠤᠡᠭᠡᠯ ᠢ ᠬᠠᠰᠤᠵᠤ ᠬᠡᠯᠲᠦᠷᠢᠭᠦᠯᠬᠦ ᠶᠢᠨ ᠬᠠᠮᠲᠤ ᠡᠯ᠎ᠡ ᠵᠤᠶᠢᠯ ᠤᠨ ᠰᠤᠷᠭᠠᠨ ᠬᠥᠮᠦᠵᠢᠯ ᠤᠨ ᠨᠥᠬᠦᠪᠥᠷᠢ ᠶᠢᠨ ᠲᠥᠷᠦ ᠶᠢᠨ ᠪᠣᠳᠣᠯᠭ᠎ᠠ ᠶᠢ ᠬᠦᠷᠲᠡᠵᠦ᠂ ᠲᠥᠷᠦ ᠶᠢᠨ ᠪᠣᠳᠣᠯᠭ᠎ᠠ ᠶᠢᠨ ᠬᠠᠪᠰᠤᠷᠤᠯᠭ᠎ᠠ ᠳᠡᠮᠵᠢᠯᠭᠡ ᠪᠠᠷ ᠳᠠᠮᠵᠢᠨ᠂ ᠲᠡᠭᠦᠨ ᠤ ᠪᠠᠴᠢᠮ ᠪᠠᠶᠢᠳᠠᠯ ᠢ ᠰᠢᠢᠤᠡᠪᠤᠷᠢᠯᠡᠪᠡ᠃ 2017 ᠣᠨ ᠳᠤ ᠲᠣᠰᠬᠤᠨ ᠳᠤ ᠰᠠᠭᠤᠭ᠎ᠠ ᠺᠠᠳ᠋ᠷ ᠤᠨ ᠬᠠᠪᠰᠤᠷᠤᠯᠭ᠎ᠠ ᠳᠡᠮᠵᠢᠯᠭᠡ ᠳᠣᠤᠷ᠎ᠠ ᠲᠡᠷᠡ ᠡᠬᠡᠨᠡᠷ ᠲᠠᠢ ᠪᠠᠨ ᠠᠵᠢᠯ ᠣᠯᠵᠤ᠂ ᠲᠣᠭᠲᠠᠭᠤᠨ ᠣᠷᠣᠯᠭ᠎ᠠ ᠲᠠᠢ ᠪᠣᠯᠵᠠᠶ᠃ ᠨᠢᠳᠤᠨᠤᠨ ᠵᠢᠯ ᠤᠨ ᠰᠡᠭᠦᠯᠴᠢ ᠪᠠᠷ ᠲᠡᠳᠡ ᠪᠤᠢ ᠪᠦᠬᠦᠢ ᠥᠷᠢ ᠰᠢᠷᠢ ᠪᠠᠨ ᠲᠥᠯᠥᠵᠦ ᠳᠠᠭᠤᠰᠬᠠᠭᠰᠠᠨ ᠢᠶᠠᠷ ᠪᠠᠷᠠᠬᠤ ᠦᠭᠡᠢ ᠪᠠᠰᠠ ᠥᠪᠡᠷ ᠤᠨ ᠬᠠᠳᠠᠭᠠᠯᠠᠮᠵᠢ ᠲᠠᠢ ᠪᠣᠯᠵᠠᠶ᠃ ᠡᠳᠦᠭᠡ᠂ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠳᠣᠤᠷ᠎ᠠ᠂ ᠶᠠᠩ ᠰᠢᠶᠠᠨ ᠵᠦᠩ ᠠᠵᠢᠯ ᠶᠢᠨ ᠴᠢᠯᠥᠭᠡ ᠪᠠᠷ ᠢᠶᠠᠨ ᠪᠠᠰᠠ ᠬᠤᠶᠠᠷ ᠵᠠᠭᠤ ᠭᠠᠷᠤᠶ ᠳᠠᠬᠢᠶ᠎ᠠ ᠲᠡᠵᠢᠭᠡᠵᠦ᠂ ᠨᠢᠭᠡ ᠭᠡᠷ ᠤᠨ ᠬᠥᠮᠦᠰ ᠤᠨ ᠠᠮᠢᠳᠤᠷᠠᠯ ᠢᠳᠡᠭ ᠢᠳᠡᠭ ᠢᠶᠠᠷ ᠰᠠᠶᠢᠵᠢᠷᠠᠵᠤ᠂ ᠴᠢᠨᠡᠭᠡᠯᠢᠭ ᠭᠡᠷ ᠪᠦᠯᠢ ᠲᠡᠰᠢ ᠤᠷᠤᠭᠰᠢᠯᠠᠵᠤ ᠪᠣᠶ᠃      ᠤᠶᠢᠷ᠎ᠠ ᠶᠢᠨ ᠵᠢᠯ ᠠᠴᠠ ᠨᠠᠭᠠᠰᠢ᠂ ᠬᠠᠶᠢᠷᠤᠪ ᠤᠨ ᠲᠣᠬᠤᠢ ᠲᠣᠭᠤᠷᠢᠭ ᠨᠢ ᠨᠠᠮ ᠤᠨ ᠪᠠᠶᠢᠭᠤᠯᠤᠯᠲᠠ ᠪᠠᠷ ᠬᠥᠳᠡᠯᠦᠨ ᠳᠠᠭᠠᠭᠤᠯᠬᠤ ᠪᠠᠷ ᠭᠠᠷᠲᠠᠨ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ ᠳᠤ ᠰᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠦᠴᠦᠯᠡᠨ ᠰᠠᠶᠢᠲᠤᠷ ᠬᠢᠪᠡ᠃ ᠡᠭᠦᠨ ᠤ ᠳᠤ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠣᠳᠣ ᠪᠠᠶᠢᠭ᠎ᠠ ᠠᠵᠤ ᠦᠢᠯᠡᠰ ᠤᠨ ᠰᠠᠭᠤᠷᠢ᠂ ᠬᠤᠲᠠ ᠶᠢᠨ ᠳᠡᠭᠦᠷᠭᠡ ᠶᠢᠨ ᠬᠡᠯᠪᠡᠷᠢ ᠶᠢᠨ ᠬᠥᠳᠡᠭᠡ ᠠᠵᠤ ᠠᠬᠤᠶ ᠪᠣᠯᠤᠨ ᠡᠷᠭᠢᠨ ᠲᠣᠭᠤᠷᠢᠨ ᠤ ᠬᠤᠶᠠᠷ ᠠᠵᠤ ᠤᠶᠢᠯᠡᠤᠡᠪᠤᠷᠢ ᠶᠢᠨ ᠬᠦᠷᠢᠶᠡᠯᠡᠩ ᠲᠣᠭᠤᠷᠢᠭ ᠤᠨ ᠳᠠᠪᠠᠭᠤᠯᠢᠭ ᠲᠤ ᠭᠦᠢᠴᠠᠤᠡ ᠲᠦᠰᠢᠭᠯᠡᠵᠦ᠂ ᠬᠥᠳᠡᠭᠡ ᠠᠵᠤ ᠠᠬᠤᠶ ᠪᠣᠯᠤᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠠᠶᠢᠴᠢᠯᠠᠵᠤ᠂ ᠨᠢᠭᠡ ᠪᠦᠯᠦᠭ ᠨᠡᠶᠢᠲᠡᠯᠢᠭ ᠳᠠᠶᠢᠴᠢᠯᠠᠬᠤ ᠤᠶᠢᠯᠡᠳᠤᠯ ᠲᠠᠢ ᠬᠤᠷᠰᠢᠶ᠎ᠠ᠂ ᠳᠠᠭᠠᠭᠤᠯᠤᠭᠴᠢ ᠠᠵᠤ ᠠᠬᠤᠶᠢᠯᠠᠯ ᠴᠣᠯᠭᠤᠷᠠᠨ ᠭᠠᠷᠴᠤ᠂ ᠰᠢᠨ᠎ᠡ ᠶᠢ ᠡᠭᠦᠳᠬᠦ ᠬᠥᠭᠵᠢᠯᠲᠡ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠨ᠂ ᠲᠠᠷᠢᠶᠠᠯᠠᠩ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠯᠠᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠬᠠᠶᠢᠷᠤᠪ ᠤᠨ ᠲᠣᠬᠤᠢ ᠲᠣᠭᠤᠷᠢᠭ ᠤᠨ 301᠂ 663 ᠬᠦᠮᠤᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠡᠷᠦᠬᠡ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠶᠠᠳᠠᠭᠤ ᠠᠴᠠ ᠠᠩᠭᠢᠵᠢᠷᠠᠭᠰᠠᠨ ᠨᠣᠷᠮ᠎ᠠ 100 %᠎ ᠳᠤ ᠬᠦᠷᠪᠡ᠃      ᠣᠨᠴᠠᠭᠠᠢᠯᠠᠨ ᠡᠨᠡ ᠵᠢᠯ᠂ ᠬᠠᠶᠢᠷᠤᠪ ᠤᠨ ᠲᠣᠬᠤᠢ ᠲᠤᠭᠤᠷᠢᠭ ‍ᠤᠨ‌ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠎ ᠤᠨ ᠤᠷᠳᠤᠨ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠪᠣᠭᠤᠮᠲᠠ ᠰᠢᠪᠲᠤᠯᠬᠤ ᠬᠤᠭᠤᠴᠠᠭᠠᠨ ᠳᠤ ︽ᠡᠷᠴᠢᠮ ᠢ ᠰᠤᠯᠠᠷᠠᠭᠤᠯᠬᠤ ᠦᠭᠡᠢ᠂ ᠲᠥᠷᠦ ᠶᠢᠨ ᠪᠣᠳᠣᠯᠭ᠎ᠠ ᠶᠢ ᠬᠤᠪᠢᠷᠠᠭᠤᠯᠬᠤ ᠦᠭᠡᠢ᠂ ᠬᠠᠷᠢᠭᠤᠴᠠᠯᠭ᠎ᠠ ᠶᠢ ᠰᠤᠯᠠᠷᠠᠭᠤᠯᠬᠤ ᠦᠭᠡᠢ︾ ᠵᠠᠷᠴᠢᠮ ᠶᠣᠰᠣᠭᠠᠷ᠂ ᠶᠠᠳᠠᠭᠤ ᠠᠴᠠ ᠠᠩᠭᠢᠵᠢᠷᠠᠭᠤᠯᠬᠤ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠤᠶᠢᠯᠡᠤᠡᠪᠤᠷᠢᠯᠡᠯ ᠤᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠲᠦᠪᠰᠢᠨ ᠢ ᠯᠠᠪᠳᠠᠭᠤᠨ ᠪᠠᠲᠤᠲᠠᠶ ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ ᠬᠠᠶᠢᠷᠤᠪ ᠤᠨ ᠲᠣᠬᠤᠢ ᠲᠣᠭᠤᠷᠢᠭ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2019 ᠤᠨ ᠤ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠤᠨ ᠬᠢᠨᠠᠨ ᠪᠠᠶᠢᠴᠠᠭᠠᠵᠤ ᠬᠠᠷᠭᠤᠭᠤᠯᠤᠨ ᠵᠥᠪᠰᠢᠶᠡᠷᠡᠬᠦ ᠠᠵᠢᠯ ᠶᠢᠨ ᠲᠥᠰᠦᠯ︾ ︵ᠥᠪᠥᠷ ᠲᠡᠳᠬᠦᠮᠵᠢ ᠠᠯᠪᠠᠨ ᠲᠠᠷᠬᠠᠭᠠᠭᠰᠠᠨ【2019 】111 ᠳ᠋ᠦᠭᠡᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠪᠥᠬᠦ ᠲᠤᠭᠤᠷᠢᠭ ᠤᠨ 2019 ᠤᠨ ᠤ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠬᠠᠷᠭᠤᠭᠤᠯᠤᠨ ᠪᠠᠶᠢᠴᠠᠭᠠᠬᠤ᠂ ᠬᠠᠷᠭᠤᠭᠤᠯᠤᠨ ᠵᠥᠪᠰᠢᠶᠡᠷᠡᠬᠦ ᠵᠡᠷᠭᠡ ᠬᠠᠮᠢᠶ᠎ᠠ ᠪᠦᠬᠦᠢ ᠠᠵᠢᠯ ᠢ ᠰᠠᠶᠢᠲᠤᠷ ᠬᠢᠵᠦ᠂ ᠳᠠᠩᠰᠠ ᠪᠠ ᠺᠠᠷᠲ ᠲᠠᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠪᠠᠷ ᠴᠢᠷᠮᠠᠶᠢᠬᠤ ᠬᠡᠷᠡᠭᠲᠡᠢ᠃  
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号