ᠬᠠᠶᠢᠷᠤᠪ ᠤᠨ ᠲᠣᠬᠤᠢ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠤᠯᠭ᠎ᠠ ᠵᠢᠴᠢ ᠤᠳᠤᠷᠢᠳᠬᠤ ᠺᠠᠳ᠋ᠷ ᠤᠨ ᠴᠢᠬᠡᠴᠢ ᠵᠠᠰᠠᠭ ᠤᠨ ᠰᠡᠷᠡᠮᠵᠢ ᠶᠢᠨ ᠬᠥᠮᠦᠵᠢᠯ ᠤᠨ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-10-18
     10 ᠰᠠᠷ᠎ᠠ ᠶᠢᠨ 17᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠬᠠᠪᠰᠤᠷᠤᠨ ᠵᠢᠯᠣᠭᠤᠳᠤᠯᠭ᠎ᠠ ᠵᠢᠴᠢ ᠤᠳᠤᠷᠢᠳᠬᠤ ᠺᠠᠳ᠋ᠷ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠳᠤᠪᠠ᠃      ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠭᠠᠵᠠᠷ ᠤᠨ ᠳᠠᠷᠤᠭ᠎ᠠ ᠸᠠᠩ ᠳ᠋ᠦᠩ ᠮᠧᠶ ᠨᠥᠬᠦᠷ ᠢ ᠤᠷᠢᠵᠤ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠶᠢᠨ ᠬᠠᠮᠲᠤ ︽ᠤᠭ ᠰᠠᠨᠠᠭ᠎ᠠ ᠪᠠᠨ ᠦᠯᠦ ᠮᠠᠷᠲᠠᠵᠤ  ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠥᠷᠨᠢᠭᠦᠯᠬᠦ ᠦᠶ᠎ᠡ ᠶᠢᠨ ᠦᠵᠡᠯ ᠰᠠᠨᠠᠭ᠎ᠠ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠠᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠶᠡᠷᠦᠩᠬᠡᠶ ᠪᠠᠶᠢᠳᠠᠯ ᠢ ᠲᠠᠨᠢᠯᠴᠠᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠶᠡᠷᠦᠩᠬᠡᠶ ᠱᠠᠭᠠᠷᠳᠠᠯᠭ᠎ᠠ᠂ ᠦᠨᠳᠦᠰᠦᠨ ᠡᠭᠦᠷᠭᠡ ᠪᠣᠯᠤᠨ ᠪᠣᠳᠠᠲᠠᠶ ᠬᠠᠷᠠᠯᠲᠠ ᠵᠡᠷᠭᠡ ᠮᠡᠳᠡᠯᠭᠡ ᠶᠢ ᠪᠠᠲᠤ ᠰᠤᠷᠤᠯᠴᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠵᠥᠪ ᠵᠠᠰᠠᠭ ᠤᠨ ᠠᠵᠢᠯ ᠶᠢᠨ ᠠᠮᠵᠢᠯᠲᠠ ᠵᠢᠨ‌ᠦᠵᠡᠯᠲᠡ ᠪᠣᠶ ᠪᠣᠯᠭᠠᠵᠤ᠂ ᠳᠠᠷᠤᠤ ᠪᠣᠯᠭᠤᠮᠵᠢᠲᠠᠶ ᠣᠮᠣᠷᠬᠠᠭᠯᠠᠬᠤ ᠦᠭᠡᠢ᠂  ᠣᠪᠣᠷ ᠰᠤᠷᠲᠠᠯ ᠢᠶᠠᠨ ᠬᠤᠪᠢᠷᠠᠭᠤᠯᠵᠤ ᠪᠠᠶᠢᠨ᠎ᠠ᠃ ᠭᠤᠤᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠶ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠮᠥᠨ ᠴᠢᠨᠠᠷ ᠤᠨ ᠠᠰᠠᠭᠤᠳᠠᠯ ᠢ ᠰᠢᠢᠤᠡᠪᠤᠷᠢᠯᠡᠨ᠎ᠡ᠃      ᠬᠤᠷᠠᠯ ᠳᠡᠭᠡᠷ᠎ᠡ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠪᠣᠯᠤᠨ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠭᠰᠡᠨ ᠬᠡᠷᠡᠭ ᠤᠨ ᠵᠢᠱᠢᠶ᠎ᠡ ᠶᠢ ᠰᠤᠷᠤᠯᠴᠠᠵᠤ᠂ ᠨᠠᠮ ᠤᠨ ᠭᠡᠰᠢᠭᠦᠨ ᠺᠠᠳ᠋ᠷ ᠢ ᠬᠥᠲᠥᠯᠥᠨ ᠵᠢᠯᠣᠭᠤᠳᠴᠤ ᠪᠠᠶᠢᠭᠠᠤᠡ ᠡᠷᠬᠡ ᠪᠠᠨ ᠬᠢᠴᠢᠶᠠᠨᠬᠦ᠋ᠯᠠᠨ ᠬᠠᠤᠯᠢ ᠶᠢ ᠰᠠᠬᠢᠵᠤ᠂ ᠠᠷᠢᠭᠤᠨ ᠴᠢᠬᠡᠴᠢ ᠪᠠᠷ ᠵᠠᠰᠠᠭ ᠪᠠᠷᠢᠵᠤ᠂ ᠲᠣᠰ ᠪᠡᠶ᠎ᠡ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠢᠯᠵᠠᠷᠠᠯ ᠢ ᠰᠡᠷᠭᠡᠶᠢᠯᠡᠵᠦ ᠬᠤᠪᠢᠷᠠᠬᠤ ᠶᠢ ᠲᠡᠪᠴᠢᠬᠦ ᠦᠵᠡᠯ ᠰᠠᠨᠠᠭ᠎ᠠ ᠶᠣᠰᠣ ᠰᠤᠷᠲᠠᠬᠤᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ ᠭᠤᠤᠯ ᠰᠡᠳᠦᠪᠲᠦ ᠬᠥᠮᠦᠵᠢᠯ ᠤᠨ ᠱᠤᠭᠤᠮ ᠢ ᠠᠰᠢᠭᠯᠠ᠂ ᠵᠣᠬᠢᠶᠠᠨ ᠪᠠᠶᠢᠭᠤᠯᠬᠤ ᠬᠦᠴᠦᠨ᠂ ᠨᠢᠭᠲᠠᠷᠠᠭᠤᠯᠬᠤ ᠬᠦᠴᠦᠨ ᠪᠣᠯᠤᠨ ᠳᠠᠶᠢᠴᠢᠨ ᠬᠦᠴᠦᠨ ᠢ ᠦᠨᠡᠨᠬᠦ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠳᠤ ᠠᠷᠠᠳ ᠲᠦᠮᠡᠨ ᠤ ᠲᠥᠯᠥᠭᠡ ᠦᠨᠡᠨᠴᠢ ᠰᠢᠳᠤᠷᠭᠤ ᠪᠠᠶᠢᠬᠤ᠂ ᠴᠡᠪᠡᠷ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠠᠶᠢᠨ ᠺᠠᠳ᠋ᠷ ᠪᠣᠯᠬᠤ ᠪᠠᠷ ᠴᠢᠷᠮᠠᠶᠢᠪᠠ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ  ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号