2019 ᠤᠨ ᠤ 10 ᠰᠠᠷ᠎ᠠ ᠶᠢᠨ 17 ᠤ ᠡᠳᠦᠷ ᠪᠣᠯ ᠲᠥᠷᠦ ᠶᠢᠨ ᠶᠠᠪᠤᠳᠠᠯ ᠤᠨ ᠬᠤᠷᠢᠶ᠎ᠠ ᠠᠴᠠ | ᠲᠣᠭᠲᠠᠭᠠᠭᠰᠠᠨ ᠵᠢᠷᠭᠤᠳᠤᠭᠠᠷ ︽ᠤᠯᠤᠰ ᠤᠨ ᠶᠠᠳᠠᠭᠤ ᠶᠢ ᠲᠡᠳᠬᠦᠬᠦ ᠡᠳᠦᠷ︾ ᠪᠣᠯᠤᠨ 27 ᠳ᠋ᠤᠭᠠᠷ ᠣᠯᠠᠨ | ᠤᠯᠤᠰ ᠤᠨ ᠶᠠᠳᠠᠭᠤ ᠬᠦᠴᠢᠷᠳᠡᠯ ᠢ ᠠᠷᠢᠯᠭᠠᠬᠤ ᠡᠳᠦᠷ ᠪᠣᠯᠤᠨ᠎ᠠ᠃ | ᠶᠠᠳᠠᠭᠤ ᠬᠦᠴᠢᠷᠳᠡᠯ ᠢ ᠠᠷᠢᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠬᠠᠮᠲᠤ ᠪᠠᠷ | ᠴᠢᠨᠡᠭᠡᠯᠢᠭᠵᠢᠬᠦ ᠶᠢ ᠪᠡᠶᠡᠯᠡᠭᠦᠯᠬᠦ ᠶᠢᠨ ᠲᠥᠯᠥᠭᠡ᠂ ᠶᠡᠷᠦᠩᠬᠡᠶ ᠱᠦᠵᠢ ᠰᠢ ᠶᠢᠨ ᠫᠢᠩ ᠦᠨᠡᠨ ᠶᠠᠳᠠᠭᠤ ᠶᠢ | ᠰᠤᠷᠪᠤᠯᠵᠢᠯᠠᠵᠤ᠂ ᠦᠨᠡᠨ ᠶᠠᠳᠠᠭᠤ ᠶᠢ ᠦᠵᠡᠵᠦ᠂ ᠾᠧᠪᠧᠶ ᠶᠢᠨ ᠹᠦ᠋ ᠫᠢᠩ ᠠᠴᠠ ᠭᠠᠨᠰᠦ ᠶᠢᠨ ᠳ᠋ᠢᠩ ᠰᠢ ᠬᠦᠷᠲᠡᠯ᠎ᠡ᠂ | ᠱᠠᠨᠰᠢ ᠶᠢᠨ ᠯᠢᠶᠠᠩ ᠵᠢᠶᠠ ᠾᠧ ᠠᠴᠠ ᠬᠢᠷᠢᠨ ᠤ ᠶᠠᠨ ᠪᠢᠶᠠᠨ ᠬᠦᠷᠲᠡᠯ᠎ᠡ ᠁ ᠲᠡᠭᠦᠨ ᠤ ᠤᠯᠠ ᠮᠦᠷ ᠨᠢ | ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠪᠣᠯᠤᠨ ᠶᠠᠳᠠᠭᠤ ᠬᠦᠴᠢᠷᠳᠡᠯᠲᠡᠶ ᠭᠡᠷ ᠪᠦᠯᠢ ᠬᠦᠷᠲᠡᠯ᠎ᠡ | ᠭᠦᠨᠵᠡᠭᠡᠶᠢᠷᠡᠵᠦ᠂ ᠲᠡᠷᠡ᠄ ︽ᠶᠠᠳᠠᠭᠤ ᠶᠢ ᠲᠡᠳᠬᠦᠬᠦ ᠵᠠᠮ ᠳᠡᠭᠡᠷ᠎ᠡ᠂ ᠶᠠᠳᠠᠭᠤ ᠬᠦᠴᠢᠷᠳᠡᠯᠲᠡᠶ ᠭᠡᠷ ᠪᠦᠯᠢ ᠶᠢ ᠨᠢᠭᠡ ᠶᠢ | ᠴᠤ ᠬᠠᠶᠠᠵᠤ ᠪᠣᠯᠬᠤ ᠦᠭᠡᠢ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠨᠢᠭᠡ ᠶᠢ ᠴᠤ ᠬᠠᠶᠠᠵᠤ ᠪᠣᠯᠬᠤ ᠦᠭᠡᠢ︾ | ᠭᠡᠵᠦ ᠬᠡᠯᠡᠪᠡ᠃ | ᠬᠠᠶᠢᠷᠤᠪ ᠤᠨ ᠲᠣᠬᠤᠢ ᠲᠣᠭᠤᠷᠢᠭ ᠤᠨ ᠰᠢᠨ ᠶᠤᠸᠠᠨ ᠨᠡᠶᠢᠭᠡᠮ ᠲᠣᠭᠤᠷᠢᠭ ᠲᠤ ᠡᠶᠢᠮᠦ ᠨᠢᠭᠡᠨ ᠰᠠᠭᠤᠭᠠᠯᠢ | ᠠᠷᠠᠳ ᠪᠠᠶᠢᠳᠠᠭ᠂ ᠲᠡᠷᠡ ᠶᠠᠩ ᠰᠢᠶᠠᠨ ᠵᠦᠩ ᠭᠡᠳᠡᠭ᠂ ᠤᠳᠠᠭᠠᠨ ᠴᠢᠨᠠᠷᠲᠠᠶ ᠨᠦᠢᠷ ᠡᠪᠡᠳᠴᠢᠨ ᠣᠯᠤᠭᠰᠠᠨ ᠠᠴᠠ | ᠪᠣᠯᠵᠤ ᠬᠦᠨᠳᠦ ᠠᠵᠢᠯ ᠬᠢᠬᠦ ᠶᠢᠨ ᠠᠷᠭ᠎ᠠ ᠦᠭᠡᠢ ᠪᠣᠯᠵᠤ᠂ ᠭᠤᠷᠪᠠᠨ ᠼᠢᠶᠠᠨᠲᠤ ᠠᠮᠢᠨ ᠤ ᠬᠡᠷᠡᠭ ᠤᠨ ᠨᠥᠯᠥᠭᠡ ᠠᠴᠠ | ᠪᠣᠯᠵᠤ᠂ ᠦᠨᠢᠶᠡᠨ ᠰᠦ ᠶᠢ ᠪᠣᠷᠣᠯᠠᠭᠤᠯᠬᠤ ᠶᠢᠨ ᠠᠷᠭ᠎ᠠ ᠦᠭᠡᠢ ᠪᠣᠯᠵᠤ᠂ ᠤᠤᠯ ᠨᠢ ᠦᠬᠡᠷ ᠲᠡᠵᠢᠭᠡᠬᠦ ᠲᠣᠮᠣ ᠡᠷᠦᠬᠡ | ᠪᠠᠶᠢᠭᠰᠠᠨ ᠲᠡᠷᠡ ᠣᠷᠣᠯᠭ᠎ᠠ ᠪᠠᠨ ᠨᠡᠮᠡᠭᠳᠡᠭᠦᠯᠦᠭᠰᠡᠨ ᠦᠭᠡᠢ ᠮᠥᠷᠲᠡᠭᠡᠨ ᠪᠠᠰᠠ 20 ᠭᠠᠷᠤᠶ ᠲᠦᠮᠡᠨ ᠲᠥᠭᠦᠷᠢᠭ ᠤᠨ | ᠭᠠᠳᠠᠭᠠᠳᠤ ᠦᠷᠢ ᠲᠠᠢ ᠪᠣᠯᠵᠤ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯ ᠲᠠᠢ ᠪᠣᠯᠵᠤ᠂ ᠬᠤᠶᠠᠷ ᠥᠬᠢᠨ ᠤ | ᠰᠤᠷᠤᠯᠭ᠎ᠠ ᠶᠢᠨ ᠵᠠᠷᠤᠳᠠᠯ ᠪᠠ ᠠᠮᠢᠳᠤᠷᠠᠯ ᠤᠨ ᠵᠠᠷᠤᠳᠠᠯ ᠢ ᠴᠤ ᠡᠭᠦᠷᠭᠡᠯᠡᠬᠦ ᠶᠢᠨ ᠠᠷᠭ᠎ᠠ ᠦᠭᠡᠢ ᠪᠣᠯᠵᠠᠶ᠃ 2014 | ᠣᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠶᠠᠳᠠᠭᠤ ᠶᠢ ᠲᠡᠳᠬᠦᠬᠦ ᠠᠯᠪᠠᠨ ᠭᠡᠷ ᠤᠨ ᠠᠵᠢᠯᠲᠠᠨ ᠲᠡᠳᠡᠨ ᠤ | ᠭᠡᠷ ᠤᠨ ᠪᠠᠶᠢᠳᠠᠯ ᠢ ᠣᠶᠢᠯᠠᠭᠠᠵᠤ᠂ ᠲᠡᠭᠦᠨ ᠢ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠡᠲᠡᠭᠡᠳ ᠲᠤ ᠣᠷᠣᠭᠤᠯᠵᠤ᠂ | ᠬᠤᠶᠠᠷ ᠬᠡᠤᠬᠡᠨ ᠳᠤ ᠰᠤᠷᠭᠠᠨ ᠬᠥᠮᠦᠵᠢᠯ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠣᠯᠭᠤᠵᠤ᠂ ᠰᠤᠷᠤᠯᠭ᠎ᠠ ᠶᠢᠨ | ᠰᠤᠶᠢᠤᠡᠭᠡᠯ᠂ ᠬᠤᠨᠤᠭ ᠤᠨ ᠰᠤᠶᠢᠤᠡᠭᠡᠯ ᠢ ᠬᠠᠰᠤᠵᠤ ᠬᠡᠯᠲᠦᠷᠢᠭᠦᠯᠬᠦ ᠶᠢᠨ ᠬᠠᠮᠲᠤ ᠡᠯ᠎ᠡ ᠵᠤᠶᠢᠯ ᠤᠨ ᠰᠤᠷᠭᠠᠨ | ᠬᠥᠮᠦᠵᠢᠯ ᠤᠨ ᠨᠥᠬᠦᠪᠥᠷᠢ ᠶᠢᠨ ᠲᠥᠷᠦ ᠶᠢᠨ ᠪᠣᠳᠣᠯᠭ᠎ᠠ ᠶᠢ ᠬᠦᠷᠲᠡᠵᠦ᠂ ᠲᠥᠷᠦ ᠶᠢᠨ ᠪᠣᠳᠣᠯᠭ᠎ᠠ ᠶᠢᠨ | ᠬᠠᠪᠰᠤᠷᠤᠯᠭ᠎ᠠ ᠳᠡᠮᠵᠢᠯᠭᠡ ᠪᠠᠷ ᠳᠠᠮᠵᠢᠨ᠂ ᠲᠡᠭᠦᠨ ᠤ ᠪᠠᠴᠢᠮ ᠪᠠᠶᠢᠳᠠᠯ ᠢ ᠰᠢᠢᠤᠡᠪᠤᠷᠢᠯᠡᠪᠡ᠃ 2017 ᠣᠨ ᠳᠤ | ᠲᠣᠰᠬᠤᠨ ᠳᠤ ᠰᠠᠭᠤᠭ᠎ᠠ ᠺᠠᠳ᠋ᠷ ᠤᠨ ᠬᠠᠪᠰᠤᠷᠤᠯᠭ᠎ᠠ ᠳᠡᠮᠵᠢᠯᠭᠡ ᠳᠣᠤᠷ᠎ᠠ ᠲᠡᠷᠡ ᠡᠬᠡᠨᠡᠷ ᠲᠠᠢ ᠪᠠᠨ ᠠᠵᠢᠯ ᠣᠯᠵᠤ᠂ | ᠲᠣᠭᠲᠠᠭᠤᠨ ᠣᠷᠣᠯᠭ᠎ᠠ ᠲᠠᠢ ᠪᠣᠯᠵᠠᠶ᠃ ᠨᠢᠳᠤᠨᠤᠨ ᠵᠢᠯ ᠤᠨ ᠰᠡᠭᠦᠯᠴᠢ ᠪᠠᠷ ᠲᠡᠳᠡ ᠪᠤᠢ ᠪᠦᠬᠦᠢ ᠥᠷᠢ ᠰᠢᠷᠢ ᠪᠠᠨ | ᠲᠥᠯᠥᠵᠦ ᠳᠠᠭᠤᠰᠬᠠᠭᠰᠠᠨ ᠢᠶᠠᠷ ᠪᠠᠷᠠᠬᠤ ᠦᠭᠡᠢ ᠪᠠᠰᠠ ᠥᠪᠡᠷ ᠤᠨ ᠬᠠᠳᠠᠭᠠᠯᠠᠮᠵᠢ ᠲᠠᠢ ᠪᠣᠯᠵᠠᠶ᠃ ᠡᠳᠦᠭᠡ᠂ ᠠᠵᠤ | ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠦ ᠶᠢᠨ ᠪᠣᠳᠣᠯᠭ᠎ᠠ ᠳᠣᠤᠷ᠎ᠠ᠂ ᠶᠠᠩ ᠰᠢᠶᠠᠨ ᠵᠦᠩ ᠠᠵᠢᠯ ᠶᠢᠨ | ᠴᠢᠯᠥᠭᠡ ᠪᠠᠷ ᠢᠶᠠᠨ ᠪᠠᠰᠠ ᠬᠤᠶᠠᠷ ᠵᠠᠭᠤ ᠭᠠᠷᠤᠶ ᠳᠠᠬᠢᠶ᠎ᠠ ᠲᠡᠵᠢᠭᠡᠵᠦ᠂ ᠨᠢᠭᠡ ᠭᠡᠷ ᠤᠨ ᠬᠥᠮᠦᠰ ᠤᠨ ᠠᠮᠢᠳᠤᠷᠠᠯ | ᠢᠳᠡᠭ ᠢᠳᠡᠭ ᠢᠶᠠᠷ ᠰᠠᠶᠢᠵᠢᠷᠠᠵᠤ᠂ ᠴᠢᠨᠡᠭᠡᠯᠢᠭ ᠭᠡᠷ ᠪᠦᠯᠢ ᠲᠡᠰᠢ ᠤᠷᠤᠭᠰᠢᠯᠠᠵᠤ ᠪᠣᠶ᠃ | ᠤᠶᠢᠷ᠎ᠠ ᠶᠢᠨ ᠵᠢᠯ ᠠᠴᠠ ᠨᠠᠭᠠᠰᠢ᠂ ᠬᠠᠶᠢᠷᠤᠪ ᠤᠨ ᠲᠣᠬᠤᠢ ᠲᠣᠭᠤᠷᠢᠭ ᠨᠢ ᠨᠠᠮ ᠤᠨ ᠪᠠᠶᠢᠭᠤᠯᠤᠯᠲᠠ ᠪᠠᠷ | ᠬᠥᠳᠡᠯᠦᠨ ᠳᠠᠭᠠᠭᠤᠯᠬᠤ ᠪᠠᠷ ᠭᠠᠷᠲᠠᠨ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠬᠦ ᠳᠤ ᠰᠠᠭᠤᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ ᠢ ᠬᠦᠴᠦᠯᠡᠨ ᠰᠠᠶᠢᠲᠤᠷ ᠬᠢᠪᠡ᠃ ᠡᠭᠦᠨ ᠤ ᠳᠤ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ᠣᠳᠣ ᠪᠠᠶᠢᠭ᠎ᠠ ᠠᠵᠤ ᠦᠢᠯᠡᠰ ᠤᠨ | ᠰᠠᠭᠤᠷᠢ᠂ ᠬᠤᠲᠠ ᠶᠢᠨ ᠳᠡᠭᠦᠷᠭᠡ ᠶᠢᠨ ᠬᠡᠯᠪᠡᠷᠢ ᠶᠢᠨ ᠬᠥᠳᠡᠭᠡ ᠠᠵᠤ ᠠᠬᠤᠶ ᠪᠣᠯᠤᠨ ᠡᠷᠭᠢᠨ ᠲᠣᠭᠤᠷᠢᠨ ᠤ ᠬᠤᠶᠠᠷ | ᠠᠵᠤ ᠤᠶᠢᠯᠡᠤᠡᠪᠤᠷᠢ ᠶᠢᠨ ᠬᠦᠷᠢᠶᠡᠯᠡᠩ ᠲᠣᠭᠤᠷᠢᠭ ᠤᠨ ᠳᠠᠪᠠᠭᠤᠯᠢᠭ ᠲᠤ ᠭᠦᠢᠴᠠᠤᠡ ᠲᠦᠰᠢᠭᠯᠡᠵᠦ᠂ ᠬᠥᠳᠡᠭᠡ ᠠᠵᠤ | ᠠᠬᠤᠶ ᠪᠣᠯᠤᠨ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠳᠠᠶᠢᠴᠢᠯᠠᠵᠤ᠂ ᠨᠢᠭᠡ | ᠪᠦᠯᠦᠭ ᠨᠡᠶᠢᠲᠡᠯᠢᠭ ᠳᠠᠶᠢᠴᠢᠯᠠᠬᠤ ᠤᠶᠢᠯᠡᠳᠤᠯ ᠲᠠᠢ ᠬᠤᠷᠰᠢᠶ᠎ᠠ᠂ ᠳᠠᠭᠠᠭᠤᠯᠤᠭᠴᠢ ᠠᠵᠤ ᠠᠬᠤᠶᠢᠯᠠᠯ ᠴᠣᠯᠭᠤᠷᠠᠨ | ᠭᠠᠷᠴᠤ᠂ ᠰᠢᠨ᠎ᠡ ᠶᠢ ᠡᠭᠦᠳᠬᠦ ᠬᠥᠭᠵᠢᠯᠲᠡ᠂ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠨ᠂ ᠲᠠᠷᠢᠶᠠᠯᠠᠩ ᠤᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ | ᠨᠡᠮᠡᠭᠳᠡᠭᠦᠯᠵᠦ᠂ ᠲᠠᠷᠢᠶᠠᠯᠠᠬᠤ ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠬᠠᠶᠢᠷᠤᠪ ᠤᠨ ᠲᠣᠬᠤᠢ | ᠲᠣᠭᠤᠷᠢᠭ ᠤᠨ 301᠂ 663 ᠬᠦᠮᠤᠨ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ | ᠡᠷᠦᠬᠡ ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠶᠠᠳᠠᠭᠤ ᠠᠴᠠ ᠠᠩᠭᠢᠵᠢᠷᠠᠭᠰᠠᠨ ᠨᠣᠷᠮ᠎ᠠ 100 % ᠳᠤ | ᠬᠦᠷᠪᠡ᠃ | ᠣᠨᠴᠠᠭᠠᠢᠯᠠᠨ ᠡᠨᠡ ᠵᠢᠯ᠂ ᠬᠠᠶᠢᠷᠤᠪ ᠤᠨ ᠲᠣᠬᠤᠢ ᠲᠤᠭᠤᠷᠢᠭ ᠤᠨᠨᠠᠮ ᠤᠨ ᠬᠤᠷᠢᠶ᠎ᠠ᠂ ᠲᠤᠭᠤᠷᠢᠭ ᠤᠨ ᠵᠠᠰᠠᠭ | ᠤᠨ ᠤᠷᠳᠤᠨ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ | ᠪᠣᠭᠤᠮᠲᠠ ᠰᠢᠪᠲᠤᠯᠬᠤ ᠬᠤᠭᠤᠴᠠᠭᠠᠨ ᠳᠤ ︽ᠡᠷᠴᠢᠮ ᠢ ᠰᠤᠯᠠᠷᠠᠭᠤᠯᠬᠤ ᠦᠭᠡᠢ᠂ ᠲᠥᠷᠦ ᠶᠢᠨ ᠪᠣᠳᠣᠯᠭ᠎ᠠ ᠶᠢ | ᠬᠤᠪᠢᠷᠠᠭᠤᠯᠬᠤ ᠦᠭᠡᠢ᠂ ᠬᠠᠷᠢᠭᠤᠴᠠᠯᠭ᠎ᠠ ᠶᠢ ᠰᠤᠯᠠᠷᠠᠭᠤᠯᠬᠤ ᠦᠭᠡᠢ︾ ᠵᠠᠷᠴᠢᠮ ᠶᠣᠰᠣᠭᠠᠷ᠂ ᠶᠠᠳᠠᠭᠤ ᠠᠴᠠ | ᠠᠩᠭᠢᠵᠢᠷᠠᠭᠤᠯᠬᠤ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠶᠢᠨ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠬᠢᠵᠦ᠂ | ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠤᠶᠢᠯᠡᠤᠡᠪᠤᠷᠢᠯᠡᠯ ᠤᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠲᠦᠪᠰᠢᠨ ᠢ ᠯᠠᠪᠳᠠᠭᠤᠨ ᠪᠠᠲᠤᠲᠠᠶ | ᠳᠡᠭᠡᠭᠰᠢᠯᠡᠭᠦᠯᠪᠡ᠃ ᠲᠠᠷᠠᠭᠠᠴᠢ ᠶᠢᠨ ᠠᠯᠬᠤᠮ ᠳᠤ ᠬᠠᠶᠢᠷᠤᠪ ᠤᠨ ᠲᠣᠬᠤᠢ ᠲᠣᠭᠤᠷᠢᠭ ᠨᠢ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ 2019 ᠤᠨ ᠤ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠤᠨ | ᠬᠥᠳᠡᠯᠦᠩᠭᠦᠶ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠴᠤᠭᠯᠠᠭᠤᠯᠤᠨ ᠬᠢᠨᠠᠨ ᠪᠠᠶᠢᠴᠠᠭᠠᠵᠤ | ᠬᠠᠷᠭᠤᠭᠤᠯᠤᠨ ᠵᠥᠪᠰᠢᠶᠡᠷᠡᠬᠦ ᠠᠵᠢᠯ ᠶᠢᠨ ᠲᠥᠰᠦᠯ︾ ︵ᠥᠪᠥᠷ ᠲᠡᠳᠬᠦᠮᠵᠢ ᠠᠯᠪᠠᠨ ᠲᠠᠷᠬᠠᠭᠠᠭᠰᠠᠨ【2019 | 】111 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠲᠤᠭᠤᠷᠢᠭ ᠤᠨ 2019 ᠤᠨ ᠤ ᠶᠠᠳᠠᠭᠤ | ᠬᠦᠴᠢᠷᠳᠡᠯᠲᠡᠶ ᠲᠡᠳᠬᠦᠭᠦᠯᠬᠦ ᠡᠲᠡᠭᠡᠳ ᠤᠨ ᠬᠥᠳᠡᠯᠦᠩᠭᠦᠶ ᠬᠠᠮᠢᠶᠠᠷᠤᠯᠲᠠ ᠪᠠ ᠲᠤᠭ᠎ᠠ ᠪᠠᠷᠢᠮᠲᠠ ᠶᠢᠨ ᠮᠡᠳᠡᠭᠡ | ᠵᠠᠩᠭᠢ ᠶᠢ ᠴᠤᠭᠯᠠᠭᠤᠯᠬᠤ᠂ ᠬᠠᠷᠭᠤᠭᠤᠯᠤᠨ ᠪᠠᠶᠢᠴᠠᠭᠠᠬᠤ᠂ ᠬᠠᠷᠭᠤᠭᠤᠯᠤᠨ ᠵᠥᠪᠰᠢᠶᠡᠷᠡᠬᠦ ᠵᠡᠷᠭᠡ ᠬᠠᠮᠢᠶ᠎ᠠ ᠪᠦᠬᠦᠢ | ᠠᠵᠢᠯ ᠢ ᠰᠠᠶᠢᠲᠤᠷ ᠬᠢᠵᠦ᠂ ᠳᠠᠩᠰᠠ ᠪᠠ ᠺᠠᠷᠲ ᠲᠠᠢ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠥᠬᠦ ᠲᠠᠯ᠎ᠠ ᠪᠠᠷ | ᠳᠡᠭᠡᠭᠰᠢᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠵᠠᠪᠠᠯ | ᠤᠯᠬᠤ ᠪᠠᠷ ᠴᠢᠷᠮᠠᠶᠢᠬᠤ ᠬᠡᠷᠡᠭᠲᠡᠢ᠃ |