ᠬᠠᠶᠢᠷᠤᠪ ᠤᠨ ᠲᠣᠬᠤᠢ ᠲᠤᠭᠤᠷᠢᠭ ‍ᠤᠨ‌ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠲᠤᠬᠠᠶ ᠬᠦᠤᠷᠨᠢᠯ
ᠨᠡᠶᠢᠲᠡᠯᠡᠭᠰᠡᠨ ᠴᠠᠭ᠄
2019-10-21
     ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ‍ᠤᠨ‌ᠠᠵᠤ ᠠᠬᠤᠢ ᠶᠢᠨ ᠬᠥᠭᠵᠢᠯᠲᠡ ᠪᠣᠯᠤᠨ ᠠᠮᠢ ᠠᠬᠤᠢ ᠶᠢᠨ ᠬᠠᠮᠠᠭᠠᠯᠠᠯᠲᠠ ᠶᠢ ᠵᠡᠷᠭᠡᠪᠡᠷ ᠴᠢᠬᠤᠯᠠᠴᠢᠯᠠᠬᠤ ᠠᠵᠢᠯ ᠶᠢᠨ ᠰᠡᠳᠬᠢᠮᠵᠢ ᠶᠢ ᠪᠠᠷᠢᠮᠲᠠᠯᠠᠵᠤ᠂ ᠬᠠᠶᠢᠷᠤᠪ ᠤᠨ ᠲᠣᠬᠤᠢ ᠲᠤᠭᠤᠷᠢᠭ ᠤᠨ ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠤᠰᠤ᠂ ᠴᠠᠬᠢᠯᠭᠠᠨ᠂ ᠬᠡᠢ᠂ ᠢᠯᠴᠢ ᠵᠡᠷᠭᠡ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠠᠴᠢᠶᠠᠯᠠᠬᠤ ᠴᠢᠳᠠᠯ ᠠᠯᠬᠤᠮ ᠠᠯᠬᠤᠮ ᠢᠶᠠᠷ ᠳᠡᠭᠡᠭᠰᠢᠯᠡᠪᠡ᠃      ᠡᠳᠦᠭᠡ᠂ ᠴᠡᠭᠡᠯ ᠠᠭᠤᠯᠠ ᠶᠢᠨ ᠭᠤᠤᠯ ᠬᠦᠷᠢᠶᠡᠯᠡᠩ ᠲᠣᠭᠤᠷᠢᠭ ᠦᠨᠳᠦᠰᠦᠨ ᠳᠡᠭᠡᠨ ︽ᠳᠣᠯᠤᠭ᠎ᠠ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾᠎ ᠶᠢ ᠪᠡᠶᠡᠯᠡᠭᠦᠯᠵᠦ᠂ ᠪᠤᠰᠤᠳ ᠢᠵᠢ ᠪᠦᠷᠢᠳᠦᠭᠰᠡᠨ ᠭᠤᠷᠪᠠᠨ ᠬᠦᠷᠢᠶᠡᠯᠡᠩ ᠲᠣᠭᠤᠷᠢᠭ ᠦᠨᠳᠦᠰᠦᠨ ᠳᠡᠭᠡᠨ ︽ᠳᠥᠷᠪᠡ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾᠎ ᠶᠢ ᠪᠡᠶᠡᠯᠡᠭᠦᠯᠪᠡ᠃ ᠬᠠᠶᠢᠷᠤᠪ ᠤᠨ ᠲᠣᠬᠤᠢ ᠲᠤᠭᠤᠷᠢᠭ ᠤᠨ ᠠᠵᠤ ᠤᠶᠢᠯᠡᠤᠡᠪᠤᠷᠢ ᠶᠢᠨ ᠬᠦᠷᠢᠶᠡᠯᠡᠩ ᠨᠢ ᠨᠢᠭᠡᠨᠲᠡ ᠡᠨᠧᠷᠭᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠨᠡᠭᠦᠷᠡᠰᠦᠨ ᠬᠢᠮᠢ ᠶᠢᠨ ᠠᠵᠤ ᠤᠶᠢᠯᠡᠤᠡᠪᠤᠷᠢ ᠵᠡᠷᠭᠡ ᠳᠥᠷᠪᠡᠨ ᠶᠡᠭᠡ ᠤᠯᠠᠮᠵᠢᠯᠠᠯᠲᠤ ᠠᠵᠤ ᠦᠢᠯᠡᠰ ᠤᠨ ᠪᠠᠶᠢᠷᠢᠰᠢᠯ ᠢ ᠪᠦᠷᠢᠯᠳᠦᠭᠦᠯᠵᠦ᠂ ᠮᠠᠰᠢᠨ ᠲᠡᠷᠭᠡᠨ ᠤ ᠲᠣᠨᠣᠭᠯᠠᠯ ᠤᠶᠢᠯᠡᠤᠡᠬᠦ ᠤᠶᠢᠯᠡᠰ  ᠂ ᠮᠠᠭᠨᠢ ᠶᠢᠨ ᠠᠵᠤ ᠤᠶᠢᠯᠡᠰ᠂ ᠡᠭᠦᠯᠡᠨ ᠪᠣᠳᠣᠯᠲᠠ ᠶᠢᠨ ᠲᠣᠮᠣ ᠳ᠋ᠠᠶᠢᠲ᠋ᠠ᠂ ᠴᠠᠬᠢᠭᠤᠷ ᠤᠨ ᠮᠠᠲ᠋ᠧᠷᠢᠶᠠᠯ᠂ ᠨᠡᠭᠦᠷᠡᠰᠦᠨ ᠮᠠᠲ᠋ᠧᠷᠢᠶᠠᠯ ᠵᠡᠷᠭᠡ ᠰᠢᠨ᠎ᠡ ᠪᠠᠷ ᠮᠠᠨᠳᠤᠭᠰᠠᠨ ᠠᠵᠤ ᠤᠶᠢᠯᠡᠰ ᠢᠶᠠᠷ ᠲᠥᠯᠥᠭᠡᠯᠡᠭᠦᠯᠦᠭᠰᠡᠨ ᠰᠢᠨ᠎ᠡ ᠬᠥᠭᠵᠢᠯᠲᠡ ᠶᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠲᠦᠷᠭᠡᠳᠬᠡᠵᠦ ᠪᠠᠶᠢᠨ᠎ᠠ᠃      ᠦᠨᠳᠦᠰᠦᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠪᠦᠬᠦ ᠲᠠᠯ᠎ᠠ ᠪᠠᠷ ᠢᠵᠢ ᠪᠦᠷᠢᠳᠦᠭᠦᠯᠬᠦ ᠬᠡᠷᠡᠭᠲᠡᠶ      ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠤᠭᠤᠷᠢᠭ ᠤᠨ ᠠᠵᠤ ᠤᠶᠢᠯᠡᠤᠡᠪᠤᠷᠢ ᠶᠢᠨ ᠬᠦᠷᠢᠶᠡᠯᠡᠩ ᠪᠣᠬᠢᠷ ᠤᠰᠤ ᠶᠢ ᠰᠢᠢᠤᠡᠪᠤᠷᠢᠯᠡᠬᠦ᠂ ᠴᠠᠬᠢᠯᠭᠠᠨ ᠬᠦᠴᠦᠨ ᠤ ᠬᠠᠩᠭᠠᠯᠭ᠎ᠠ ᠵᠢᠴᠢ ᠢᠯᠴᠢ ᠬᠠᠩᠭᠠᠬᠤ ᠬᠡᠢ ᠬᠠᠩᠭᠠᠬᠤ ᠲᠠᠯ᠎ᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠪᠠᠨ ᠨᠡᠮᠡᠭᠳᠡᠭᠦᠯᠵᠦ᠂ ᠨᠡᠶᠢᠲᠡ 102 ᠺᠢᠯᠣᠮᠧᠳ᠋ᠷ ᠵᠠᠮ ᠢ ᠳᠡᠪᠢᠰᠴᠦ᠂ ︽ᠶᠢᠰᠦᠨ ᠬᠥᠨᠳᠡᠯᠡᠨ ᠵᠢᠷᠭᠤᠭᠠᠨ ᠭᠤᠯᠳᠤ︾ ᠵᠠᠮ ᠱᠤᠭᠤᠮ ᠤᠨ ᠲᠣᠤᠷ ᠢ ᠠᠩᠬ᠎ᠠ ᠠᠯᠬᠤᠮ ᠪᠦᠷᠢᠯᠳᠦᠭᠦᠯᠵᠦ᠂ ᠬᠦᠷᠢᠶᠡᠯᠡᠩ ᠲᠣᠭᠤᠷᠢᠭ ᠤᠨ ᠵᠠᠮ ᠬᠠᠷᠢᠯᠴᠠᠭᠠᠨ ᠤ ᠲᠥᠬᠦᠭᠡᠷᠦᠮᠵᠢ ᠶᠢ ᠪᠦᠷᠢᠨ ᠭᠦᠢᠴᠠᠤᠡ ᠪᠣᠯᠭᠠᠬᠤ᠂ ᠵᠠᠮ ᠢ ᠰᠠᠭᠠᠳ ᠦᠭᠡᠢ ᠪᠥᠭᠡᠳ ᠡᠮᠬᠢ ᠵᠢᠷᠤᠮ ᠲᠠᠢ ᠪᠣᠯᠭᠠᠬᠤ ᠶᠢ ᠦᠨᠳᠦᠰᠦᠨ ᠳᠡᠭᠡᠨ ᠪᠡᠶᠡᠯᠡᠭᠦᠯᠪᠡ᠃      ᠪᠣᠬᠢᠷᠲᠤᠯ ᠪᠣᠳᠠᠰ ᠭᠠᠳᠠᠭᠰᠢᠯᠠᠭᠤᠯᠬᠤ ᠲᠠᠯ᠎ᠠ ᠪᠠᠷ᠂ ᠬᠠᠶᠢᠷᠤᠪ ᠤᠨ ᠲᠣᠬᠤᠢ ᠲᠣᠭᠤᠷᠢᠭ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠡᠷᠭᠢᠨ ᠬᠠᠷᠠᠬᠤ︾ ᠡᠯ᠎ᠡ ᠵᠤᠶᠢᠯ ᠤᠨ ᠰᠢᠯᠭᠠᠨ ᠠᠪᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠡᠳᠦᠷ ᠲᠤ 1 ᠲᠦᠮᠡᠨ ᠲᠣᠨ ᠪᠣᠬᠢᠷ ᠤᠰᠤ ᠰᠢᠢᠤᠡᠪᠤᠷᠢᠯᠡᠬᠦ ᠤᠶᠢᠯᠡᠤᠡᠪᠤᠷᠢ ᠵᠢᠴᠢ ᠳᠤᠮᠳᠠ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠢ ᠪᠠᠶᠢᠭᠤᠯᠪᠠ︔ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠬᠤ ᠲᠠᠯᠠᠪᠠᠢ ᠶᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ 22 ᠺᠢᠯᠣᠮᠧᠲᠷ ᠪᠣᠬᠢᠷ ᠤᠰᠤᠨ ᠤ ᠬᠤᠭᠤᠯᠠᠢ ᠶᠢᠨ ᠲᠣᠣᠷ᠂ 16 ᠺᠢᠯᠣᠮᠧᠲᠷ ᠳᠤᠮᠳᠠ ᠤᠰᠤ ᠶᠢ ᠪᠤᠴᠠᠭᠠᠨ ᠬᠡᠷᠡᠭᠯᠡᠬᠦ ᠬᠤᠭᠤᠯᠠᠢ ᠶᠢᠨ ᠲᠣᠣᠷ᠂ ᠳᠤᠮᠳᠠ ᠤᠰᠤᠨ ᠤ ᠳᠠᠷᠤᠯᠲᠠ ᠨᠡᠮᠡᠭᠳᠡᠭᠦᠯᠬᠦ ᠬᠥᠭᠡᠷᠭᠡ ᠶᠢᠨ ᠥᠷᠲᠡᠭᠡ ᠶᠢᠨ ᠨᠢᠭᠡ ᠰᠠᠭᠤᠷᠢ ᠵᠢᠴᠢ ᠬᠠᠷᠠᠭᠠᠯᠵᠠᠭᠰᠠᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠎ᠠ᠃ ᠶᠡᠷᠦᠩᠬᠡᠶᠢᠯᠡᠨ ᠪᠣᠯᠪᠠᠰᠤᠷᠠᠭᠤᠯᠬᠤ ᠣᠷᠣᠨ ᠤ ᠪᠣᠬᠢᠷ ᠤᠰᠤ ᠶᠢ ᠬᠤᠷᠢᠶᠠᠨ ᠴᠤᠭᠯᠠᠭᠤᠯᠬᠤ ᠬᠠᠮᠢᠶᠠᠷᠤᠯᠲᠠ ᠶᠢᠨ ᠲᠣᠣᠷ ᠢ ᠨᠢᠭᠡᠨᠲᠡ ᠪᠠᠶᠢᠭᠤᠯᠵᠤ᠂ ᠲᠤᠬᠢᠷᠠᠭᠤᠯᠤᠨ ᠲᠤᠷᠰᠢᠬᠤ ᠶᠢ ᠪᠡᠶᠡᠯᠡᠭᠦᠯᠦᠭᠰᠡᠨ ᠤ ᠳᠠᠷᠠᠭ᠎ᠠ ᠠᠰᠢᠭᠯᠠᠯᠲᠠ ᠳᠤ ᠣᠷᠣᠭᠤᠯᠤᠨ᠂ ᠶᠡᠷᠦᠩᠬᠡᠶᠢᠯᠡᠨ ᠪᠣᠯᠪᠠᠰᠤᠷᠠᠭᠤᠯᠬᠤ ᠲᠣᠭᠤᠷᠢᠭ ᠵᠢᠴᠢ ᠭᠤᠣᠯ ᠬᠦᠷᠢᠶᠡᠯᠡᠩ ᠲᠣᠭᠤᠷᠢᠭ ᠤᠨ ᠡᠮᠦᠨ᠎ᠡ ᠬᠡᠰᠡᠭ ᠤᠨ ᠤᠰᠤ ᠵᠠᠯᠠᠬᠤ ᠠᠰᠠᠭᠤᠳᠠᠯ ᠢ ᠰᠢᠢᠳᠪᠦᠷᠢᠯᠡᠨ᠎ᠡ︔ 2 ᠲᠦᠮᠡᠨ ᠲᠣᠨ ᠪᠣᠬᠢᠷ ᠤᠰᠤ ᠰᠢᠢᠤᠡᠪᠤᠷᠢᠯᠡᠬᠦ ᠤᠶᠢᠯᠡᠤᠡᠪᠤᠷᠢ ᠶᠢ ᠥᠭᠡᠷᠡᠴᠢᠯᠡᠬᠦ ᠶᠢᠨ ᠬᠠᠮᠲᠤ ᠶᠡᠷᠦᠩᠬᠡᠶᠢᠯᠡᠨ ᠠᠰᠢᠭᠯᠠᠵᠤ᠂ ᠣᠳᠣᠬᠠᠨ ᠳᠤ ᠨᠢᠭᠡᠨᠲᠡ ᠬᠡᠰᠡᠭ ᠤᠰᠤᠨ ᠴᠥᠭᠦᠷᠥᠮ ᠳᠤ ᠢᠯᠵᠢᠷᠡᠬᠦ ᠶᠢ ᠰᠡᠷᠭᠡᠶᠢᠯᠡᠬᠦ ᠨᠡᠪᠴᠢᠯᠲᠡ ᠶᠢ ᠰᠡᠷᠭᠡᠶᠢᠯᠡᠬᠦ ᠪᠠᠬᠢᠵᠢᠭᠦᠯᠬᠦ ᠰᠢᠢᠤᠡᠪᠤᠷᠢᠯᠡᠯᠲᠡ  ᠬᠢᠵᠡᠶ᠃      10 ᠳ᠋ᠤᠭᠠᠷ ᠰᠠᠷ᠎ᠠ ᠶᠢᠨ 14᠎ ᠤ ᠡᠳᠦᠷ᠂ ᠥᠪᠥᠷ ᠮᠣᠩᠭᠤᠯ ᠤᠨ ᠮᠤᠩ ᠱᠦᠶ ᠦᠬᠠᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠡᠭᠡᠭᠡᠪᠦᠷᠢ ᠶᠢᠨ ᠡᠵᠡᠩᠨᠡᠯᠲᠡ ᠶᠢᠨ ᠬᠡᠯᠲᠡᠰ ᠤᠨ ᠳᠡᠳ᠋ ᠳᠠᠷᠤᠭ᠎ᠠ ᠯᠢᠦ ᠵᠢᠶᠧ ᠹᠧᠩ ᠰᠤᠷᠪᠤᠯᠵᠢᠯᠠᠭᠴᠢ ᠳᠤ ᠬᠠᠶᠢᠷᠤᠪ ᠤᠨ ᠲᠣᠬᠤᠢ ᠶᠢᠨ ᠠᠵᠤ ᠤᠶᠢᠯᠡᠤᠡᠪᠤᠷᠢ ᠶᠢᠨ ᠬᠦᠷᠢᠶᠡᠯᠡᠩ ᠤᠨ 1 ᠲᠦᠮᠡᠨ ᠲᠣᠨ ᠪᠣᠬᠢᠷ ᠤᠰᠤ ᠶᠢ ᠰᠢᠢᠤᠡᠪᠤᠷᠢᠯᠡᠬᠦ ᠵᠢᠴᠢ ᠳᠤᠮᠳᠠ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ ᠲᠣᠰ ᠲᠥᠷᠥᠯ ᠵᠤᠶᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 18879 ᠲᠦᠮᠡᠨ ᠲᠥᠭᠦᠷᠢᠭ ᠪᠠᠶᠢᠵᠤ᠂ 7 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠭᠤᠤᠯᠳᠠᠭᠤ ᠬᠦᠷᠢᠶᠡᠯᠡᠩ ᠲᠣᠭᠤᠷᠢᠭ ᠲᠠᠬᠢ ᠬᠡᠤᠷᠰᠢᠭᠦᠯᠦᠭᠰᠡᠨ ᠬᠠᠶᠠᠭᠳᠠᠮᠠᠯ ᠤᠰᠤ ᠶᠢ ᠰᠢᠢᠤᠡᠪᠤᠷᠢᠯᠡᠬᠦ  ᠵᠢᠴᠢ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠶᠢ ᠬᠠᠷᠢᠭᠤᠴᠠᠵᠤ᠂ ᠰᠢᠢᠤᠡᠪᠤᠷᠢᠯᠡᠬᠦ  ᠬᠡᠪᠴᠢᠶ᠎ᠡ ᠨᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠪᠣᠶ᠃      ︽ᠣᠳᠣᠬᠠᠨ ᠳᠤ᠂ ᠮᠠᠨ ᠤ ᠤᠶᠢᠯᠡᠤᠡᠪᠤᠷᠢ  ᠶᠢᠨ ᠠᠵᠢᠯᠯᠠᠭᠠᠨ ᠤ ᠳᠠᠭᠠᠭᠠᠴᠠ ᠡᠳᠦᠷ ᠪᠦᠷᠢ 4300 ᠲᠣᠨ / ᠡᠳᠦᠷ ᠪᠠᠶᠢᠵᠤ᠂ ᠡᠯ᠎ᠡ ᠬᠡᠤᠷᠰᠢᠭᠦᠯᠬᠦ ᠤᠶᠢᠯᠡᠤᠡᠪᠤᠷᠢ ᠳᠤ ᠵᠠᠭᠤᠨ ᠤ ᠵᠠᠭᠤ ᠶᠢᠨ ᠤᠰᠤᠨ ᠤ ᠬᠡᠮᠵᠢᠶ᠎ᠡ ᠪᠠᠷ ᠤᠰᠤ ᠪᠤᠴᠠᠯᠭᠠᠵᠤ ᠪᠠᠶᠢᠨ᠎ᠠ᠃ ᠡᠨᠡ ᠬᠦ ᠠᠵᠢᠯ ᠲᠦᠷᠤᠯ ᠤᠨ ᠳᠠᠭᠠᠭᠤᠯᠭ᠎ᠠ ᠳᠣᠤᠷ᠎ᠠ᠂ ᠡᠷᠭᠢᠨ ᠲᠣᠭᠤᠷᠢᠨ ᠤ ᠠᠵᠤ ᠠᠬᠤᠶᠢᠯᠠᠯ ᠤᠨ ᠪᠦᠬᠦᠯᠢ ᠴᠣᠭᠴᠠ ᠶᠢᠨ ᠬᠡᠤᠷᠰᠢᠮᠡᠯ ᠤᠰᠤ ᠶᠢ ᠤᠨᠲᠠᠷᠠᠭᠠᠬᠤ ᠭᠦᠢᠴᠠᠤᠡᠭᠡᠯ ᠲᠤᠭ᠎ᠠ ᠨᠢ ᠤᠯᠤᠰ ᠠᠴᠠ ᠲᠣᠭᠲᠠᠭᠠᠭᠰᠠᠨ ᠭᠦᠢᠴᠠᠤᠡᠭᠡᠯ ᠲᠤᠭ᠎ᠠ ᠠᠴᠠ ᠰᠢᠯᠢᠳᠡᠭ ᠪᠠᠶᠢᠵᠤ᠂ ᠡᠷᠭᠢᠨ ᠲᠣᠭᠤᠷᠢᠨ ᠤ ᠭᠠᠵᠠᠷ ᠣᠷᠣᠨ ᠤ ᠤᠷᠴᠢᠨ ᠲᠤᠭᠤᠷᠢᠨ ᠢ ᠲᠤᠶᠢᠯ ᠤᠨ ᠶᠡᠭᠡ ᠪᠠᠷ ᠰᠠᠶᠢᠵᠢᠷᠠᠭᠤᠯᠪᠠ᠃︾ ᠯᠢᠦ ᠵᠢᠶᠧ ᠹᠧᠩ ᠬᠡᠯᠡᠬᠦ ᠳᠡᠭᠡᠨ᠂ ︽ᠲᠠᠷᠠᠭ᠎ᠠ ᠪᠠᠷ ᠪᠢᠳᠡ ᠠᠯᠢ ᠣᠯᠠᠨ ᠲᠣᠬᠢᠷᠠᠭᠤᠯᠤᠯᠲᠠ ᠪᠠᠷ ᠳᠠᠮᠵᠢᠭᠤᠯᠤᠨ᠂ ᠡᠷᠭᠢᠨ ᠲᠣᠭᠤᠷᠢᠨ ᠤ ᠨᠠᠩ ᠣᠯᠠᠨ ᠠᠵᠤ ᠠᠬᠤᠶᠢᠯᠠᠯ ᠤᠨ ᠪᠣᠬᠢᠷᠲᠤᠯ ᠤᠰᠤ ᠶᠢ ᠰᠢᠢᠤᠡᠪᠤᠷᠢᠯᠡᠬᠦ ᠰᠢᠰᠲ᠋ᠧᠮ ᠳᠤ ᠣᠷᠣᠭᠤᠯᠵᠤ᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠪᠣᠬᠢᠷᠲᠤᠯ ᠤᠰᠤ ᠶᠢ ᠰᠢᠢᠤᠡᠪᠤᠷᠢᠯᠡᠬᠦ  ᠠᠵᠢᠯ ᠢ ᠨᠠᠩ ᠰᠠᠶᠢᠨ ᠰᠠᠶᠢᠵᠢᠷᠠᠭᠤᠯᠤᠨ᠎ᠠ᠃︾ ᠰᠤᠷᠪᠤᠯᠵᠢᠯᠠᠭᠴᠢ ᠪᠣᠬᠢᠷ ᠤᠰᠤ ᠰᠢᠢᠤᠡᠪᠤᠷᠢᠯᠡᠬᠦ ᠤᠶᠢᠯᠡᠤᠡᠪᠤᠷᠢ ᠳᠤ ᠶᠠᠭ ᠰᠠᠶᠢᠬᠠᠨ ᠥᠭᠡᠷᠡᠴᠢᠯᠡᠨ ᠪᠠᠶᠢᠭᠤᠯᠵᠤ ᠪᠠᠶᠢᠭ᠎ᠠ ᠢᠯᠴᠢ ᠡᠭᠦᠰᠭᠡᠭᠴᠢ ᠶᠢᠨ ᠬᠥᠭᠡᠷᠭᠡ ᠶᠢ ᠪᠤᠴᠠᠭᠠᠨ ᠬᠤᠷᠢᠶᠠᠬᠤ ᠰᠢᠰᠲ᠋ᠧᠮ ᠢ ᠣᠯᠵᠤ ᠦᠵᠡᠪᠡ᠂ ᠯᠢᠦ ᠵᠢᠶᠧ ᠹᠧᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠬᠦ ᠲᠥᠷᠥᠯ ᠵᠤᠶᠢᠯ ᠨᠢ ᠤᠶᠢᠯᠡᠤᠡᠪᠤᠷᠢ ᠶᠢᠨ ᠲᠣᠭᠤᠷᠢᠭ ᠤᠨ ᠢᠯᠴᠢ ᠬᠠᠩᠭᠠᠬᠤ ᠠᠰᠠᠭᠤᠳᠠᠯ ᠢ ᠰᠢᠢᠤᠡᠪᠤᠷᠢᠯᠡᠭᠰᠡᠨ ᠢᠶᠠᠷ ᠪᠠᠷᠠᠬᠤ ᠥᠬᠡᠶ᠂ ᠪᠠᠰᠠ ᠬᠦᠷᠢᠶᠡᠯᠡᠩ ᠲᠣᠭᠤᠷᠢᠭ ᠤᠨ ᠤᠰᠤ ᠬᠡᠷᠡᠭᠯᠡᠬᠦ ᠠᠰᠠᠭᠤᠳᠠᠯ ᠢ ᠪᠦᠲᠦᠮᠵᠢᠲᠡᠶ ᠨᠠᠮᠳᠠᠭᠤᠯᠵᠤ ᠴᠢᠳᠠᠨ᠎ᠠ ᠭᠡᠵᠡᠶ᠃      ︽ᠡᠨᠡ ᠵᠢᠯ᠂ ᠬᠦᠷᠢᠶᠡᠯᠡᠩ ᠲᠣᠭᠤᠷᠢᠭ ᠪᠣᠬᠢᠷ ᠤᠰᠤ ᠶᠢ ᠲᠥᠪᠯᠡᠷᠡᠭᠦᠯᠦᠨ ᠰᠢᠢᠤᠡᠪᠤᠷᠢᠯᠡᠵᠤ᠂ ᠮᠠᠨ ᠤ ᠤᠶᠢᠯᠡᠤᠡᠪᠤᠷᠢ ᠨᠢᠭᠡᠪᠦᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠬᠦᠷᠬᠦ ᠳᠤ ᠴᠥᠮ ᠮᠠᠰᠢ ᠶᠡᠭᠡ ᠬᠠᠪᠰᠤᠷᠤᠯᠭ᠎ᠠ ᠦᠵᠡᠭᠦᠯᠬᠦ ᠤᠶᠢᠯᠡᠳᠤᠯ ᠦᠵᠡᠭᠦᠯᠪᠡ᠃ ᠮᠠᠨ ᠤ ᠤᠶᠢᠯᠡᠤᠡᠪᠤᠷᠢ ᠪᠤᠬᠢᠷᠲᠠᠯ ᠤᠰᠤ ᠶᠢ ᠲᠥᠪᠯᠡᠷᠡᠭᠦᠯᠦᠨ ᠰᠢᠢᠤᠡᠪᠤᠷᠢᠯᠡᠬᠦ ᠡᠩᠨᠡᠭᠡᠨ ᠳᠤ ᠣᠷᠣᠭᠰᠠᠨ ᠠᠴᠠ ᠠᠪᠤᠭᠠᠳ ᠪᠣᠬᠢᠷ ᠤᠰᠤ ᠶᠢ ᠨᠢᠭᠡᠨᠲᠡ ᠪᠦᠬᠦᠨ ᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠵᠤ᠂ ᠮᠠᠨ ᠤ ᠠᠵᠤ ᠠᠬᠤᠶᠢᠯᠠᠯ ᠳᠤ ᠠᠪᠴᠤ ᠬᠡᠯᠡᠪᠡᠯ᠂ ᠪᠣᠬᠢᠷ ᠤᠰᠤ ᠶᠢ ᠥᠪᠡᠰᠦᠪᠡᠨ ᠰᠢᠢᠤᠡᠪᠤᠷᠢᠯᠡᠬᠦ ᠬᠠᠶᠠ ᠰᠠᠶᠢᠨ ᠬᠠᠶᠠ ᠮᠠᠭᠤ᠂ ᠪᠠᠷᠢᠮᠵᠢᠶ᠎ᠠ ᠳᠤ ᠬᠦᠷᠦᠭᠦᠯᠬᠦ ᠳᠤ ᠪᠡᠷᠬᠡᠲᠡᠶ ᠮᠠᠰᠢ ᠣᠯᠠᠨ ᠪᠤᠬᠢᠨᠢᠳᠤᠯ ᠢ ᠪᠠᠭᠠᠰᠬᠠᠵᠠᠶ᠃》 ᠥᠪᠥᠷ ᠮᠣᠩᠭᠤᠯ ᠤᠨ ᠶᠤᠸᠠᠨ ᠲᠦᠩ ᠨᠡᠭᠦᠷᠡᠰᠦ ᠬᠢᠮᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠸᠠᠩ ᠶᠢᠩ ᠰᠤᠷᠪᠤᠯᠵᠢᠯᠠᠭᠴᠢ ᠳᠤ ᠬᠡᠯᠡᠵᠡᠶ      ᠴᠠᠬᠢᠯᠭᠠᠨ ᠬᠦᠴᠦᠨ ᠤ ᠲᠠᠯ᠎ᠠ ᠪᠠᠷ᠂ ᠬᠠᠶᠢᠷᠤᠪ ᠤᠨ ᠲᠣᠬᠤᠢ ᠲᠤᠭᠤᠷᠢᠭ ᠤᠨ ᠠᠵᠤ ᠤᠶᠢᠯᠡᠤᠡᠪᠤᠷᠢ ᠶᠢᠨ ᠬᠦᠷᠢᠶᠡᠯᠡᠩ ᠣᠳᠣ 4 ᠰᠠᠭᠤᠷᠢ ᠬᠦᠴᠦᠳᠡᠯ ᠥᠭᠡᠷᠡᠴᠢᠯᠡᠬᠦ ᠥᠷᠲᠡᠭᠡ ᠲᠠᠢ ᠪᠠᠶᠢᠵᠤ᠂ ᠰᠢᠶᠠᠩ ᠾᠧ 220 k v ᠬᠦᠴᠦᠳᠡᠯ ᠥᠭᠡᠷᠡᠴᠢᠯᠡᠬᠦ ᠥᠷᠲᠡᠭᠡ᠂ ᠴᠢᠶᠠᠨ ᠪᠧᠶ 110 k v ᠬᠦᠴᠦᠳᠡᠯ ᠥᠭᠡᠷᠡᠴᠢᠯᠡᠬᠦ ᠥᠷᠲᠡᠭᠡ᠂ ᠰᠢᠨ ᠳ᠋ᠢ 110 k v ᠬᠦᠴᠦᠳᠡᠯ ᠥᠭᠡᠷᠡᠴᠢᠯᠡᠬᠦ ᠥᠷᠲᠡᠭᠡ᠂ ᠪᠦᠦ ᠶᠢᠨ 110 k v ᠬᠦᠴᠦᠳᠡᠯ ᠥᠭᠡᠷᠡᠴᠢᠯᠡᠬᠦ ᠥᠷᠲᠡᠭᠡ ᠪᠠᠭᠲᠠᠨ᠎ᠠ᠃ ᠣᠳᠣᠬᠠᠨ ᠳᠤ᠂ ᠪᠤᠶᠠᠨ 110 k v᠎ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠨᠢᠭᠡᠨᠲᠡ ᠪᠠᠶᠢᠭᠤᠯᠵᠤ ᠳᠠᠭᠤᠰᠬᠠᠨ᠂ ᠡᠩᠬᠡ ᠴᠠᠬᠢᠯᠭᠠᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠭᠠᠵᠠᠷ ᠰᠣᠩᠭᠤᠬᠤ ᠪᠠ ᠵᠢᠷᠤᠭ ᠲᠥᠯᠥᠪᠯᠡᠭᠡ ᠶᠢ ᠨᠢᠭᠡᠨᠲᠡ ᠪᠡᠶᠡᠯᠡᠭᠦᠯᠵᠦ᠂ ᠠᠮᠢ ᠠᠬᠤᠢ ᠶᠢᠨ110 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ ᠪᠠᠷᠢᠯᠭ᠎ᠠ ᠡᠬᠢᠯᠡᠭᠦᠯᠬᠦ ᠪᠠᠷ ᠪᠠᠶᠢᠨ᠎ᠠ᠃      ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠶᠢᠯᠡᠴᠢᠯᠡᠭᠡ ᠶᠢ ᠴᠢᠩᠭᠠᠳᠬᠠᠨ᠎ᠠ    ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠤᠶᠢᠯᠡᠴᠢᠯᠡᠭᠡᠨ ᠤ ᠠᠵᠢᠯ ᠢ ᠴᠢᠩᠭᠠᠳᠬᠠᠬᠤ ᠶᠢᠨ ᠲᠥᠯᠥᠭᠡ᠂ ᠡᠨᠡ ᠵᠢᠯ ‍ᠤᠨ‌ᠡᠬᠢ ᠪᠠᠷ᠂ ᠬᠦᠷᠢᠶᠡᠯᠡᠩ ᠲᠣᠭᠤᠷᠢᠭ ᠤᠨ ᠬᠢᠨ ᠲᠥᠷᠥᠯ ᠵᠤᠶᠢᠯ ᠤᠨ ᠬᠥᠭᠵᠢᠯᠲᠡ ᠶᠢᠨ ᠬᠡᠯᠲᠡᠰ ᠢ ᠰᠢᠨ᠎ᠡ ᠪᠠᠷ ᠪᠠᠶᠢᠭᠤᠯᠵᠤ᠂ ᠳᠡᠭᠡᠳᠤ ᠱᠠᠲᠤᠨ ᠤ ᠪᠠᠶᠢᠷᠢᠯᠠᠭᠤᠯᠤᠭᠰᠠᠨ ︽ᠣᠷᠴᠢᠨ ᠲᠣᠭᠤᠷᠢᠨ ᠢ ᠰᠠᠶᠢᠵᠢᠷᠠᠭᠤᠯᠤᠨ ᠤᠶᠢᠯᠡᠴᠢᠯᠡᠭᠡ ᠶᠢ ᠴᠢᠩᠭᠠᠳᠬᠠᠵᠤ ᠨᠠᠶᠢᠳᠠᠪᠤᠷᠢᠵᠢᠭᠤᠯᠤᠯᠲᠠ ᠶᠢ ᠠᠬᠢᠭᠤᠯᠬᠤ︾ ᠲᠥᠷᠥᠯ ᠵᠤᠶᠢᠯ ᠎ ᠤᠨ ᠪᠦᠲᠦᠭᠡᠨ ᠪᠠᠶᠢᠭᠤᠯᠤᠯᠲᠠ ᠶᠢᠨ ᠤᠨ ᠠᠵᠢᠯᠯᠠᠭ᠎ᠠ ᠪᠠᠷ ᠶᠡᠷᠦᠩᠬᠡᠶ ᠭᠠᠷᠲᠠᠨ ᠪᠣᠯᠭᠠᠵᠤ᠂ ᠤᠳᠤᠷᠢᠳᠬᠤ ᠪᠠᠭ ᠤᠨ ᠪᠦᠷᠢᠯᠳᠦᠬᠦᠨ ᠢᠶᠠᠷ ᠬᠤᠯᠪᠣᠭᠠᠴᠢᠨ᠂ ᠠᠵᠢᠯᠲᠠᠨ ᠢᠶᠠᠷ ᠬᠤᠯᠪᠣᠭᠠᠴᠢᠨ ᠪᠣᠯᠭᠠᠭᠰᠠᠨ ︽ᠭᠤᠤᠯᠳᠠᠯᠭ᠎ᠠ ᠲᠠᠢ ᠲᠥᠷᠥᠯ ᠵᠤᠶᠢᠯ ᠢ ᠬᠤᠯᠪᠣᠭᠠᠴᠢᠨ ᠪᠣᠯᠭᠠᠬᠤ ᠬᠠᠷᠢᠭᠤᠴᠠᠯᠭ᠎ᠠ ᠶᠢᠨ ᠲᠦᠷᠢᠮ︾᠎ ᠢ ᠪᠦᠷᠢᠯᠳᠦᠭᠦᠯᠪᠡ᠃ ᠬᠦᠷᠢᠶᠡᠯᠡᠩ ᠲᠣᠭᠤᠷᠢᠭ ᠤᠨ 18 ᠭᠤᠣᠯᠳᠠᠯᠭ᠎ᠠ ᠲᠠᠢ ᠲᠥᠷᠥᠯ ᠵᠦᠢᠯ ᠢ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠠᠵᠢᠯᠲᠠᠨ ᠬᠦᠷᠲᠡᠯ᠎ᠡ ᠨᠠᠷᠢᠯᠢᠭᠵᠢᠭᠤᠯᠵᠤ᠂ ᠲᠥᠷᠥᠯ ᠵᠦᠢᠯ ᠤᠨ ᠠᠬᠢᠴᠠ ᠶᠢ ᠴᠠᠭ ᠲᠤᠬᠠᠢ ᠳᠤᠨᠢ ᠳᠠᠭᠠᠵᠤ  ᠠᠵᠤ ᠠᠬᠤᠶᠢᠯᠠᠯ ᠳᠤ ︽ᠨᠢᠭᠡ ᠳᠤ ᠨᠢᠭᠡ︾᠂ ︽ᠴᠡᠭ ᠲᠤ ᠴᠡᠭ︾᠂ ᠨᠠᠩ ᠪᠦᠬᠦ ᠲᠠᠯ᠎ᠠ ᠶᠢᠨ᠂ ᠥᠨᠳᠥᠷ ᠦᠷ᠎ᠡ ᠪᠦᠲᠦᠮᠵᠢᠲᠡᠢ ᠦᠢᠯᠡᠴᠢᠯᠡᠭᠡ ᠬᠠᠩᠭᠠᠨ᠎ᠠ᠃      ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠠᠤᠡᠭᠡᠬᠦ ᠎ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠬᠠᠶᠢᠷᠤᠪ ᠤᠨ ᠲᠣᠬᠤᠢ ᠲᠣᠭᠤᠷᠢᠭ ᠤᠨ ᠠᠵᠤ ᠤᠶᠢᠯᠡᠤᠡᠪᠤᠷᠢ ᠶᠢᠨ ᠬᠦᠷᠢᠶᠡᠯᠡᠩ ᠢ ᠨᠠᠷᠢᠨ ᠬᠢᠨᠠᠮᠠᠭᠠᠶ ᠡᠮᠬᠢᠯᠡᠨ ᠬᠤᠷᠢᠶᠠᠩᠭᠤᠶᠢᠯᠠᠵᠤ᠂ ᠨᠠᠷᠢᠨ ᠳᠠᠩᠰᠠ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠴᠠᠭ ᠲᠤᠬᠠᠶ ᠳᠤᠨᠢ ᠵᠣᠬᠢᠴᠠᠭᠤᠯᠤᠨ ᠠᠰᠠᠭᠤᠳᠠᠯ ᠢ ᠰᠢᠢᠤᠡᠪᠤᠷᠢᠯᠡᠵᠤ᠂ ᠠᠵᠤ ᠠᠬᠤᠶᠢᠯᠠᠯ ᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠭᠤᠭᠴᠤᠭ᠎ᠠ ᠳᠤ ᠳᠤᠲᠠᠭᠤ ᠭᠦᠶᠦᠯᠭᠡᠬᠦ ᠪᠠᠷ ᠴᠢᠷᠮᠠᠶᠢᠨ᠎ᠠ᠃ ᠡᠨᠡ ᠵᠢᠯ᠂ ᠬᠦᠷᠢᠶᠡᠯᠡᠩ ᠲᠣᠭᠤᠷᠢᠭ ᠤᠨ ᠠᠵᠢᠯᠲᠠᠳ ᠪᠡᠭᠡᠵᠢᠩ ᠤᠨ ᠵᠥᠭᠡᠭᠡᠪᠦᠷᠢ ᠨᠡᠪᠲᠡᠷᠡᠯᠴᠡᠭᠡ ᠶᠢ ᠢᠳᠡᠪᠬᠢᠲᠡᠢ ᠬᠠᠪᠰᠤᠷᠤᠨ ᠭᠠᠵᠠᠷ ᠰᠢᠷᠣᠶ ᠶᠢ ᠰᠢᠢᠤᠡᠪᠤᠷᠢᠯᠡᠵᠤ᠂ ᠣᠷᠣᠨ ᠨᠤᠲᠤᠭ ᠤᠨ ᠤᠯᠤᠰ ᠤᠨ ᠭᠠᠵᠠᠷ ᠰᠢᠷᠣᠶ ᠶᠢᠨ ᠬᠤᠪᠢᠶᠠᠷᠢ ᠲᠣᠪᠴᠢᠶ᠎ᠠ ᠪᠣᠯᠤᠨ ᠠᠵᠤ ᠠᠬᠤᠶᠢᠯᠠᠯ ᠢ ᠣᠯᠠᠨ ᠤᠳᠠᠭ᠎ᠠ ᠵᠣᠬᠢᠴᠠᠭᠤᠯᠵᠤ᠂ ᠭᠠᠵᠠᠷ ᠰᠢᠷᠣᠶ ᠶᠢ ᠰᠢᠢᠤᠡᠪᠤᠷᠢᠯᠡᠬᠦ  ᠬᠤᠷᠳᠤᠴᠠ ᠶᠢ ᠲᠦᠷᠭᠡᠳᠬᠡᠪᠡ᠃     ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠰᠢᠯᠤᠭᠤᠳᠬᠠᠬᠤ ᠶᠢᠨ ᠲᠥᠯᠥᠭᠡ᠂ ᠬᠦᠷᠢᠶᠡᠯᠡᠩ ᠲᠣᠭᠤᠷᠢᠭ ᠨᠢ ᠤᠷᠲᠤ ᠬᠤᠭᠤᠴᠠᠭᠠᠨ ᠤ ᠪᠦᠲᠦᠮᠵᠢᠲᠡᠶ ᠪᠠᠶᠢᠩᠭᠤᠵᠢᠭᠰᠠᠨ ᠠᠵᠤ ᠠᠬᠤᠶᠢᠯᠠᠯ ᠤᠨ ᠤᠶᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠤᠶᠢᠯ ᠳᠤ ᠭᠠᠷᠠᠭ ᠪᠦᠷᠢ ᠠᠳᠠᠭ ᠲᠠᠭᠠᠨ ᠨᠢᠭᠡ ᠤᠳᠠᠭ᠎ᠠ ᠳ᠋ᠢᠶᠠᠩᠬᠤᠸᠠ ᠪᠠᠷ ᠬᠠᠷᠢᠭᠤ ᠰᠤᠷᠪᠤᠯᠵᠢᠯᠠᠬᠤ ᠪᠠ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ᠂ ᠲᠥᠷᠥᠯ ᠵᠤᠶᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠪᠠ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠠᠵᠤ ᠠᠬᠤᠶᠢᠯᠠᠯ ᠤᠨ ᠴᠡᠭᠴᠡᠯᠡᠨ ᠥᠭᠡᠷᠡᠴᠢᠯᠡᠬᠦ ᠴᠢᠬᠤᠯᠠᠲᠠᠶ ᠪᠠᠶᠢᠪᠠᠯ ᠬᠠᠷᠢᠭᠤᠴᠠᠯᠭᠠᠲᠠᠳ ᠲᠠᠢ ᠴᠠᠭ ᠲᠤᠬᠠᠶ ᠳᠤᠨᠢ ᠬᠠᠷᠢᠯᠴᠠᠵᠤ ᠴᠡᠭᠴᠡᠯᠡᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠳᠤᠷᠠᠳᠤᠭᠰᠠᠨ ᠬᠦᠰᠡᠯ ᠱᠠᠭᠠᠷᠳᠠᠯᠭ᠎ᠠ ᠪᠠ ᠬᠦᠴᠢᠷᠳᠡᠯ ᠢ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠢᠤᠡᠪᠤᠷᠢᠯᠡᠨ ᠥᠭᠴᠦ᠂ ᠬᠠᠮᠢᠶᠠᠷᠤᠯᠲᠠ ᠶᠢᠨ ᠵᠥᠪᠯᠡᠯ ᠤᠨ ᠴᠢᠳᠠᠪᠤᠷᠢ ᠶᠢᠨ ᠬᠡᠪᠴᠢᠶᠡᠨ ᠠᠴᠠ ᠳᠠᠪᠠᠭᠰᠠᠨ ᠠᠰᠠᠭᠤᠳᠠᠯ ᠢ ᠴᠠᠭ ᠲᠤᠬᠠᠶ ᠳᠤᠨᠢ ᠲᠤᠭᠤᠷᠢᠭ ᠤᠨ ᠨᠠᠮ ᠤᠨ ᠬᠤᠷᠢᠶ᠎ᠠ ᠳᠤ ᠬᠠᠷᠢᠭᠤ ᠲᠤᠰᠬᠠᠵᠤ᠂ ᠳᠡᠭᠡᠳᠤ ᠱᠠᠲᠤᠨ ᠠᠴᠠ ᠬᠠᠪᠰᠤᠷᠤᠨ ᠰᠢᠢᠤᠡᠪᠤᠷᠢᠯᠡᠨ᠎ᠡ︔ ᠡᠭᠦᠨ ᠤ ᠳᠤ ᠬᠠᠮᠲᠤ᠂ ᠭᠤᠣᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠪᠠᠶᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠨᠢᠭᠡᠪᠦᠷᠢ ᠶᠢᠨ ᠪᠣᠳᠠᠲᠤ ᠪᠠᠶᠢᠳᠠᠯ ᠪᠣᠯᠤᠨ ᠣᠨᠴᠠᠯᠢᠭ ᠢ ᠦᠨᠳᠦᠰᠦᠯᠡᠨ ᠲᠤᠰᠬᠠᠢ ᠬᠠᠷᠢᠶ᠎ᠠ ᠦᠢᠯᠡᠴᠢᠯᠡᠭᠡᠨ ᠤ ᠲᠥᠰᠦᠯ ᠲᠣᠭᠲᠠᠭᠠᠵᠤ᠂ ᠠᠵᠤ ᠠᠬᠤᠶᠢᠯᠠᠯ ᠢ ᠪᠠᠶᠢᠭᠤᠯᠬᠤ ᠠᠴᠠ ᠦᠢᠯᠡᠳᠪᠦᠷᠢᠯᠡᠯ ᠠᠵᠢᠯᠯᠠᠭᠠᠨ ᠬᠦᠷᠲᠡᠯᠡᠬᠢ ᠬᠠᠮᠢᠶ᠎ᠠ ᠪᠦᠬᠦᠢ ᠮᠠᠲ᠋ᠧᠷᠢᠶᠠᠯ ᠢ ᠡᠮᠬᠢᠤᠡᠭᠡᠨ᠎ᠡ᠃      ᠳᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠳᠠᠭᠠᠭᠤᠯᠤᠭᠴᠢ ᠠᠵᠤ ᠠᠬᠤᠶᠢᠯᠠᠯ᠂ ᠨᠢᠳᠤᠷᠭᠠᠨ ᠤᠶᠢᠯᠡᠤᠡᠭᠦᠨ ᠢ ᠴᠢᠩᠭ᠎ᠠ ᠠᠳᠬᠤᠵᠤ᠂ ᠵᠢᠶᠠᠨ ᠯᠦᠩ ᠸᠠᠨ ᠲᠧᠩ᠂ ᠱᠠᠨᠰᠢ ᠶᠢᠨ ᠮᠠᠰᠢᠨ ᠲᠡᠷᠭᠡ᠂ ᠵᠦᠩ ᠹᠦ᠋ ᠮᠠᠭᠨᠢ ᠶᠢᠨ ᠤᠶᠢᠯᠡᠰ ᠪᠡᠭᠡᠵᠢᠩ ᠤᠨ ᠶᠦᠨ ᠲᠦᠩ᠂ ᠪᠦᠦ ᠡᠤ ᠵᠡᠷᠭᠡ ᠪᠠᠷ ᠳᠠᠭᠠᠭᠤᠯᠤᠭᠴᠢ ᠠᠵᠤ ᠠᠬᠤᠶᠢᠯᠠᠯ ᠪᠣᠯᠭᠠᠵᠤ᠂ ᠲᠡᠮᠦᠷᠯᠢᠭ ᠬᠠᠶᠢᠯᠤᠭᠤᠯᠬᠤ᠂ ᠮᠠᠰᠢᠨ ᠲᠡᠷᠭᠡᠨ ᠤ ᠲᠣᠨᠣᠭᠯᠠᠯ ᠤᠶᠢᠯᠡᠤᠡᠬᠦ᠂ ᠮᠠᠭᠨᠢ ᠶᠢᠨ ᠠᠵᠤ ᠤᠶᠢᠯᠡᠰ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠴᠠᠬᠢᠭᠤᠷ ᠮᠠᠲ᠋ᠧᠷᠢᠶᠠᠯ᠂ ᠨᠡᠭᠦᠷᠡᠰᠦᠨ ᠮᠠᠲ᠋ᠧᠷᠢᠶᠠᠯ ᠵᠡᠷᠭᠡ ᠠᠵᠤ ᠦᠢᠯᠡᠰ ᠤᠨ ᠪᠦᠯᠦᠭᠵᠢᠯ ᠢ ᠲᠦᠷᠭᠡᠨ ᠬᠥᠭᠵᠢᠭᠦᠯᠦᠨ᠎ᠡ︔ ᠨᠡᠭᠦᠷᠡᠰᠦ ᠬᠡᠤᠷᠰᠢᠭᠦᠯᠬᠦ ᠵᠡᠷᠭᠡ ᠤᠯᠠᠮᠵᠢᠯᠠᠯᠲᠤ ᠠᠵᠢᠯ ᠲᠥᠷᠥᠯ ᠢ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠠᠬᠢᠭᠤᠯᠵᠤ᠂ ᠬᠠᠮᠵᠢᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠬᠡᠪᠴᠢᠶᠡᠲᠦ ᠦᠷ᠎ᠡ ᠠᠰᠢᠭ ᠢ ᠪᠠᠳᠠᠷᠠᠭᠤᠯᠤᠨ᠂ ᠬᠦᠷᠢᠶᠡᠯᠡᠩ ᠲᠣᠭᠤᠷᠢᠭ ᠤᠨ ᠬᠡᠤᠷᠰᠢᠭᠦᠯᠬᠦ ᠠᠵᠢᠯ ᠲᠥᠷᠥᠯ ᠤᠨ ᠥᠷᠢᠰᠦᠯᠳᠦᠬᠦ ᠬᠦᠴᠦᠨ ᠢ ᠴᠢᠩᠭᠠᠷᠠᠭᠤᠯᠵᠤ᠂ ︽ᠳᠡᠰ ᠳᠠᠪᠬᠤᠷᠭ᠎ᠠ ᠨᠢ ᠲᠣᠳᠣᠷᠬᠠᠶ᠂ ᠳᠠᠪᠠᠭᠤᠯᠢᠭ ᠨᠢ ᠳᠤᠪᠤᠶᠢᠮ᠎ᠠ᠂ ᠠᠮᠢ ᠠᠬᠤᠶ ᠨᠢ ᠥᠨᠳᠥᠷ ᠦᠷ᠎ᠡ ᠪᠦᠲᠦᠮᠵᠢᠲᠡᠶ︾ ᠣᠳᠣ ᠦᠶ᠎ᠡ ᠶᠢᠨ ᠠᠵᠤ ᠤᠶᠢᠯᠡᠤᠡᠪᠤᠷᠢ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃      ᠬᠠᠶᠢᠷᠤᠪ ᠤᠨ ᠲᠣᠬᠤᠢ ᠶᠢᠨ ᠠᠵᠤ ᠤᠶᠢᠯᠡᠤᠡᠪᠤᠷᠢ ᠶᠢᠨ ᠬᠦᠷᠢᠶᠡᠯᠡᠩ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠵᠸᠤᠢ ᠽᠦᠢ ᠨᠢᠶᠠᠨ᠄ ︽ᠤᠶᠢᠷ᠎ᠠ ᠶᠢᠨ ᠵᠢᠯ ᠠᠴᠠ᠂ ᠪᠢᠳᠡ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠪᠣᠬᠢᠷ ᠤᠰᠤ ᠶᠢ ᠰᠢᠢᠤᠡᠪᠤᠷᠢᠯᠡᠬᠦ᠂ ᠴᠠᠬᠢᠯᠭᠠᠨ ᠬᠦᠴᠦᠨ ᠵᠡᠷᠭᠡ ᠲᠠᠯ᠎ᠠ ᠪᠠᠷ ᠮᠠᠰᠢ ᠶᠡᠭᠡ ᠳᠡᠭᠡᠭᠰᠢᠯᠡᠯᠲᠡ ᠲᠠᠢ ᠪᠣᠯᠵᠠᠶ᠃ ᠪᠣᠬᠢᠷ ᠤᠰᠤ ᠰᠢᠢᠤᠡᠪᠤᠷᠢᠯᠡᠬᠦ ᠤᠶᠢᠯᠡᠤᠡᠪᠤᠷᠢ ᠶᠢᠨ ᠣᠳᠣᠬᠠᠨ ᠤ ᠡᠯ᠎ᠡ ᠵᠤᠶᠢᠯ ᠤᠨ ᠠᠵᠢᠯᠯᠠᠭᠠᠨ ᠤ ᠭᠦᠢᠴᠠᠤᠡᠬᠡᠬᠦ ᠲᠤᠭ᠎ᠠ ᠴᠥᠮ ᠤᠯᠤᠰ ᠤᠨ ᠱᠠᠭᠠᠷᠳᠠᠯᠭ᠎ᠠ ᠳᠤ ᠬᠦᠷᠴᠦ᠂ ᠶᠡᠷᠦᠩᠬᠡᠶ ᠠᠵᠢᠯᠯᠠᠭᠠᠨ ᠨᠢ ᠲᠣᠭᠲᠠᠭᠤᠨ ᠪᠠᠶᠢᠵᠤ᠂ ᠬᠦᠷᠢᠶᠡᠯᠡᠩ ᠲᠣᠭᠤᠷᠢᠭ ᠤᠨ ᠬᠡᠤᠷᠰᠢᠭᠦᠯᠬᠦ ᠠᠵᠤ ᠠᠬᠤᠶᠢᠯᠠᠯ ᠤᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠳᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠳᠠᠷᠠᠭ᠎ᠠ ᠠᠯᠬᠤᠮ ᠳᠤ᠂ ᠪᠢᠳᠡ ᠴᠠᠬᠢᠯᠭᠠᠨ ᠬᠠᠩᠭᠠᠬᠤ᠂ ᠤᠰᠤ ᠬᠠᠩᠭᠠᠬᠤ ᠪᠦᠲᠦᠭᠡᠨ ᠪᠠᠶᠢᠭᠤᠯᠤᠯᠲᠠ ᠵᠢᠴᠢ ᠪᠣᠬᠢᠷ ᠤᠰᠤ ᠭᠠᠳᠠᠭᠰᠢᠯᠠᠭᠤᠯᠬᠤ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠦᠷᠢᠶᠡᠯᠡᠩ ᠲᠣᠭᠤᠷᠢᠭ ᠢ ᠨᠠᠩ ᠰᠠᠶᠢᠨ ᠠᠵᠤ ᠠᠬᠤᠶᠢᠯᠠᠯ ᠳᠤ ᠤᠶᠢᠯᠡᠴᠢᠯᠡᠭᠦᠯᠵᠤ᠂ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠦᠬᠠᠢ ᠬᠤᠲᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号