ᠬᠠᠶᠢᠷᠤᠪ ᠤᠨ ᠲᠣᠬᠤᠢ ᠲᠣᠭᠤᠷᠢᠭ ᠲᠤ ᠰᠢᠶᠠᠨ ᠤ ᠱᠠᠲᠤᠨ ᠤ ᠤᠳᠤᠷᠢᠳᠤᠯᠭ᠎ᠠ ᠶᠢᠨ ᠤᠨᠤᠯ ᠤᠨ ᠰᠢᠯᠭᠠᠯᠲᠠ ᠥᠷᠨᠢᠭᠦᠯᠦᠭᠰᠡᠨ ᠪᠥᠭᠡᠳ ᠲᠤᠰᠬᠠᠶ ᠰᠡᠳᠦᠪᠲᠦ ᠹᠢᠯᠢᠮ ᠢ ᠰᠣᠨᠢᠷᠬᠠᠪᠠ
ᠨᠡᠶᠢᠲᠡᠯᠡᠭᠰᠡᠨ ᠴᠠᠭ᠄
2019-10-21
     10 ᠰᠠᠷ᠎ᠠ ᠶᠢᠨ 19᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠪᠣᠯᠤᠨ ᠰᠢᠶᠠᠨ ᠤ ᠺᠠᠳ᠋ᠷ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠤᠨᠤᠯ ᠤᠨ ᠰᠣᠷᠢᠯᠲᠠ ᠬᠢᠭᠰᠡᠨ ᠪᠥᠭᠡᠳ ᠲᠤᠰᠬᠠᠶ ᠰᠡᠳᠦᠪᠲᠦ ᠹᠢᠯᠢᠮ ᠢ ᠰᠣᠨᠢᠷᠬᠠᠪᠠ᠃
     ᠰᠣᠷᠢᠯᠲᠠ ᠶᠢᠨ ᠠᠭᠤᠯᠭ᠎ᠠ ᠳᠤ ︽ᠨᠠᠮ ᠤᠨ ᠳᠦᠷᠢᠮ︾ ᠵᠢᠴᠢ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠰᠤᠷᠭᠠᠨ ᠬᠥᠮᠦᠵᠢᠯ ᠨᠢ ᠡᠵᠡᠮᠰᠢᠪᠡᠰᠦ ᠵᠣᠬᠢᠬᠤ ᠮᠡᠳᠡᠯᠭᠡ ᠶᠢ ᠪᠠᠭᠲᠠᠭᠠᠵᠤ᠂ ᠤᠳᠤᠷᠢᠳᠬᠤ ᠺᠠᠳ᠋ᠷᠴᠤᠳ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠪᠣᠳᠠᠲᠠᠶ ᠪᠦᠲᠦᠮᠵᠢᠲᠡᠶ ᠰᠢᠯᠭᠠᠨ ᠪᠠᠶᠢᠴᠠᠭᠠᠵᠤ᠂ ᠣᠳᠣᠬᠠᠨ ᠤ ᠭᠤᠤᠯ ᠰᠡᠳᠦᠪᠲᠦ ᠰᠤᠷᠭᠠᠨ ᠬᠥᠮᠦᠵᠢᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠶᠢ ᠠᠬᠢᠭᠤᠯᠵᠤ᠂ ᠬᠠᠶᠢᠷᠤᠪ ᠤᠨ ᠲᠣᠬᠤᠢ ᠲᠤᠭᠤᠷᠢᠭ ᠤᠨ ᠭᠤᠤᠯ ᠰᠡᠳᠦᠪᠲᠦ ᠰᠤᠷᠭᠠᠨ ᠬᠥᠮᠦᠵᠢᠯ ᠢ ᠲᠠᠰᠤᠷᠠᠯᠲᠠ ᠦᠭᠡᠢ ᠰᠡᠳᠬᠢᠯ ᠳᠡᠭᠡᠨ ᠬᠠᠳᠠᠩᠰᠢᠭᠤᠯᠵᠤ᠂ ᠪᠣᠳᠠᠲᠠᠶᠢᠵᠢᠭᠤᠯᠤᠨ ᠭᠦᠨᠵᠡᠭᠡᠶᠢᠷᠡᠭᠦᠯᠵᠦ᠂ ᠦᠨᠡᠨ ᠪᠣᠳᠠᠲᠠᠶ ᠦᠷ᠎ᠡ ᠪᠦᠲᠦᠮᠵᠢ ᠣᠯᠬᠤ ᠶᠢ ᠠᠬᠢᠭᠤᠯᠪᠠ᠃      ᠰᠣᠷᠢᠯᠲᠠ ᠬᠢᠭᠰᠡᠨ ᠤ ᠳᠠᠷᠠᠭ᠎ᠠ ᠪᠠᠰᠠ ᠰᠢᠶᠠᠨ ᠤ ᠺᠠᠳ᠋ᠷ ᠢ ᠵᠣᠬᠢᠶᠠᠨ ᠪᠠᠶᠢᠭᠤᠯᠵᠤ ︽ᠤᠮᠠᠷᠠᠲᠤ ᠬᠢᠯᠢ ᠶᠢᠨ ᠵᠢᠱᠢᠶᠡᠴᠢ ᠲᠡᠷᠢᠭᠦᠨ ᠤ ᠦᠢᠯᠡ ᠠᠵᠢᠯᠯᠠᠭ᠎ᠠ ᠶᠢᠨ ᠮᠡᠳᠡᠭᠦᠯᠦᠯᠲᠡ︾ ᠵᠡᠷᠭᠡ ᠰᠢᠷᠢᠰ ᠲᠤᠰᠬᠠᠶ ᠰᠡᠳᠦᠪᠲᠦ ᠹᠢᠯᠢᠮ ᠢ ᠦᠵᠡᠭᠦᠯᠵᠦ᠂ ᠤᠮᠠᠷᠠᠲᠤ ᠬᠢᠯᠢ ᠶᠢᠨ ᠵᠢᠱᠢᠶᠡᠴᠢ ᠲᠡᠷᠢᠭᠦᠨ ᠤ ᠦᠢᠯᠡ ᠠᠵᠢᠯᠯᠠᠭ᠎ᠠ ᠪᠠᠷ ᠤᠳᠤᠷᠢᠳᠬᠤ ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠠᠶ᠃ ᠬᠠᠶᠢᠷᠤᠪ ᠤᠨ ᠲᠣᠬᠤᠢ ᠲᠣᠭᠤᠷᠢᠭ ᠤᠨ ᠰᠢᠶᠠᠨ ᠤ ᠱᠠᠲᠤᠨ ᠤ ᠤᠳᠤᠷᠢᠳᠬᠤ ᠺᠠᠳ᠋ᠷᠴᠤᠳ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠤᠮᠳᠠ ︽ᠳᠥᠷᠪᠡᠨ ᠤᠬᠠᠮᠰᠠᠷ︾᠎ ᠢ ᠪᠠᠲᠤ ᠪᠣᠶ ᠪᠣᠯᠭᠠᠵᠤ᠂ 《ᠳᠥᠷᠪᠡᠨ ᠢᠲᠡᠭᠡᠯ︾᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠨᠠᠷᠢᠨ ᠣᠶᠢᠯᠠᠭᠠᠵᠤ᠂ ᠶᠡᠷᠦᠩᠬᠡᠶ ᠱᠦᠵᠢ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠥᠭᠦᠯᠡᠯᠲᠡ ᠠᠴᠠ ᠠᠰᠠᠭᠤᠳᠠᠯ ᠢ ᠰᠢᠢᠤᠡᠪᠤᠷᠢᠯᠡᠬᠦ ᠠᠷᠭ᠎ᠠ ᠪᠣᠯᠤᠨ ᠬᠦᠴᠦᠨ ᠴᠢᠳᠠᠯ ᠣᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠷᠭ᠎ᠠ ᠬᠡᠮᠵᠢᠶ᠎ᠡ ᠪᠣᠯᠤᠨ ᠠᠷᠭ᠎ᠠ ᠵᠠᠮ ᠢ ᠡᠷᠢᠯᠬᠢᠯᠡᠵᠦ᠂ ᠠᠵᠢᠯ ᠶᠢᠨ ᠪᠣᠳᠠᠲᠤ ᠪᠠᠶᠢᠳᠠᠯ ᠢᠶᠠᠨ ᠪᠠᠷᠢᠮᠲᠠᠯᠠᠵᠤ᠂ ᠡᠯ᠎ᠡ ᠵᠤᠶᠢᠯ ᠤᠨ ᠠᠵᠢᠯ ᠢᠶᠠᠨ ᠪᠣᠳᠠᠲᠠᠶ ᠳᠤ ᠨᠠᠶᠢᠳᠠᠪᠤᠷᠢᠵᠢᠭᠤᠯᠬᠤ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠶ ᠭᠡᠵᠦ ᠢᠯᠡᠳᠬᠡᠵᠡᠭᠡᠪᠡ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号