ᠬᠠᠶᠢᠷᠤᠪ ᠤᠨ ᠲᠣᠬᠤᠢ ᠲᠣᠭᠤᠷᠢᠭ ‍ᠤᠨ‌ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠰᠠᠮᠠᠭᠤᠨ ᠪᠠᠶᠢᠳᠠᠯ ᠢ ᠲᠥᠪᠯᠡᠷᠡᠭᠦᠯᠦᠨ ᠴᠡᠭᠴᠡᠯᠡᠨ ᠵᠠᠰᠠᠪᠠ
ᠨᠡᠶᠢᠲᠡᠯᠡᠭᠰᠡᠨ ᠴᠠᠭ᠄
2019-10-22
     ᠤᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠷᠠᠳ ᠤᠨ ᠠᠮᠢᠳᠤᠷᠠᠯ ᠤᠨ ᠬᠠᠯᠠᠭᠤᠨ ᠴᠡᠭ᠂ ᠵᠠᠬ᠎ᠠ ᠳᠡᠯᠭᠡᠭᠦᠷ ᠤᠨ ᠬᠦᠴᠢᠷᠳᠡᠯ ᠲᠠᠢ ᠬᠤᠯᠪᠣᠭᠳᠠᠭᠰᠠᠨ ᠡᠯ᠎ᠡ ᠵᠤᠶᠢᠯ ᠤᠨ ᠠᠰᠠᠭᠤᠳᠠᠯ ᠢ ᠪᠥᠬᠦ ᠲᠠᠯ᠎ᠠ ᠪᠠᠷ ᠬᠠᠶᠢᠨ ᠪᠠᠶᠢᠴᠠᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠨ ᠬᠠᠶᠢᠷᠤᠪ ᠤᠨ ᠲᠣᠬᠤᠢ ᠲᠣᠭᠤᠷᠢᠭ ᠤᠨ ᠨᠢᠭᠡᠨ ᠡᠮ ᠤᠨ ᠳᠡᠯᠭᠡᠭᠦᠷ ᠲᠤ ᠬᠦᠷᠴᠦ᠂ ᠪᠠᠶᠢᠴᠠᠭᠠᠬᠤ ᠠᠵᠢᠯᠲᠠᠨ ᠡᠮ ᠤᠨ ᠵᠤᠶᠢᠯ ᠤᠨ ᠬᠤᠭᠤᠴᠠᠭ᠎ᠠ ᠨᠢ ᠥᠩᠭᠡᠷᠡᠭᠰᠡᠨ ᠡᠰᠡᠬᠦ᠂ ᠴᠢᠨᠠᠷ ᠨᠢ ᠬᠤᠪᠢᠷᠠᠭᠰᠠᠨ ᠡᠰᠡᠬᠦ ᠪᠠ ᠢᠷᠡᠯᠲᠡ ᠨᠢ ᠵᠢᠩᠬᠢᠨᠢ ᠡᠰᠡᠬᠦ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠨᠢ ᠱᠠᠭᠠᠷᠳᠠᠯᠭ᠎ᠠ ᠳᠤ ᠨᠡᠢᠴᠡᠬᠦ ᠡᠰᠡᠬᠦ᠂ ᠡᠮ ᠤᠨ ᠵᠤᠶᠢᠯ ᠤᠨ ᠬᠠᠳᠠᠭᠠᠯᠠᠯᠲᠠ ᠪᠠ ᠬᠠᠮᠢᠶᠠᠷᠤᠯᠲᠠ ᠶᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠭᠰᠡᠨ ᠡᠰᠡᠬᠦ᠂ ᠲᠤᠰᠬᠠᠶ ᠬᠤᠷᠭᠤ ᠭᠠᠷᠭᠠᠵᠤ ᠡᠮ ‍ᠤᠨ‌ᠵᠤᠶᠢᠯ ᠢ ᠵᠢᠷᠤᠮᠵᠢᠭᠤᠯᠤᠨ ᠬᠠᠮᠢᠶᠠᠷᠤᠭᠰᠠᠨ ᠡᠰᠡᠬᠦ᠂ ᠠᠵᠢᠯ ᠮᠡᠷᠭᠡᠵᠢᠯ ᠤᠨ ᠡᠮ ᠨᠠᠶᠢᠷᠠᠭᠴᠢ ᠶᠢ ᠠᠵᠢᠯ ᠶᠢᠨ ᠪᠠᠶᠢᠷᠢ ᠳᠤᠨᠢ ᠪᠠᠶᠢᠬᠤ ᠡᠰᠡᠬᠦ᠂ ᠡᠮ ᠤᠨ ᠵᠣᠷ ᠢᠶᠠᠷ ᠢᠶᠠᠨ ᠪᠣᠷᠣᠯᠠᠭᠤᠯᠤᠭᠰᠠᠨ ᠡᠰᠡᠬᠦ ᠵᠡᠷᠭᠡ ᠶᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠢᠷᠡᠯᠲᠡ‌‍ᠶᠢ ᠪᠠᠶᠢᠴᠠᠭᠠᠨ ᠦᠵᠡᠬᠦ ᠦᠶ᠎ᠡ ᠳᠤ᠂ ᠲᠤᠰ ᠡᠮ ᠤᠨ ᠳᠡᠯᠭᠡᠭᠦᠷ ᠲᠤ ᠠᠵᠢᠯᠯᠠᠬᠤ ᠨᠢ ᠵᠢᠷᠤᠮᠵᠢᠯ ᠦᠭᠡᠢ ᠠᠰᠠᠭᠤᠳᠠᠯ ᠣᠷᠣᠰᠢᠵᠤ ᠪᠠᠶᠢᠬᠤ ᠶᠢ ᠠᠵᠢᠯᠲᠠᠨ ᠣᠯᠵᠤ ᠮᠡᠳᠡᠵᠡᠢ᠃ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠲᠤᠬᠠᠶ ᠶᠢᠨ ᠲᠠᠯᠠᠪᠠᠢ ᠳᠤ ᠡᠨᠡ ᠬᠦ ᠡᠮ ᠤᠨ ᠳᠡᠯᠭᠡᠭᠦᠷ ᠲᠤ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠡᠮ ᠤᠨ ᠳᠡᠯᠭᠡᠭᠦᠷ ᠤᠨ ᠠᠵᠢᠯᠲᠠᠨ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠵᠤ᠂ ᠬᠤᠶᠢᠰᠢᠳᠠ ᠶᠢᠨ ᠠᠵᠢᠯ ᠶᠢᠨ ᠳᠤᠮᠳᠠ ᠪᠠᠨ ᠵᠢᠷᠤᠮᠵᠢᠭᠤᠯᠤᠨ ᠠᠵᠢᠯᠯᠠᠭᠤᠯᠤᠨ᠎ᠠ ᠭᠡᠵᠦ ᠢᠯᠡᠳᠬᠡᠪᠡ᠃      ᠪᠠᠶᠢᠴᠠᠭᠠᠯᠲᠠ ᠪᠠ ᠤᠬᠠᠭᠤᠯᠭ᠎ᠠ ᠪᠠᠷ ᠳᠠᠮᠵᠢᠭᠤᠯᠤᠨ᠂ ᠡᠮ ᠤᠨ ᠵᠤᠶᠢᠯ ᠤᠨ ᠡᠵᠡᠩᠨᠡᠯᠲᠡ ᠶᠢᠨ ᠨᠢᠭᠡᠴᠢ ᠶᠢᠨ ᠡᠮ ᠤᠨ ᠵᠤᠶᠢᠯ ᠤᠨ ᠠᠶᠤᠯᠭᠦᠶ ᠶᠢᠨ ᠤᠬᠠᠮᠰᠠᠷ ᠢ ᠳᠡᠭᠡᠭᠰᠢᠯᠡᠭᠦᠯᠵᠦ᠂ ᠡᠮ ᠤᠨ ᠵᠤᠶᠢᠯ ᠤᠨ ᠡᠵᠡᠩᠨᠡᠯᠲᠡ ᠵᠢᠨ‌ᠡᠮᠬᠢ ᠵᠢᠷᠤᠮ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠬᠠᠮᠲᠤ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠡᠮ ᠬᠡᠷᠡᠭᠯᠡᠬᠦ ᠠᠮᠤᠷ ᠲᠦᠪᠰᠢᠨ ᠢ ᠴᠦ ᠪᠠᠲᠤᠯᠠᠪᠠ᠃ ᠡᠭᠦᠨ ᠤ ᠳᠤ ᠵᠡᠷᠭᠡᠴᠡᠭᠡ ᠪᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠠᠵᠢᠯᠲᠠᠨ ᠪᠠᠰᠠ ᠬᠠᠶᠢᠷᠤᠪ ᠤᠨ ᠲᠣᠬᠤᠢ ᠲᠣᠭᠤᠷᠢᠭ ᠤᠨ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠲᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠪᠡ᠃ ᠬᠠᠶᠢᠷᠤᠪ ᠤᠨ ᠲᠣᠬᠤᠢ ᠲᠣᠭᠤᠷᠢᠭ ᠤᠨ ᠰᠢᠨ ᠲᠢᠶᠠᠨ ᠳ᠋ᠢ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠲᠤ᠂ ᠪᠠᠶᠢᠴᠠᠭᠠᠬᠤ ᠠᠵᠢᠯᠲᠠᠨ ᠬᠤᠳᠠᠯᠳᠤᠭᠠᠴᠢᠨ ᠡᠷᠦᠬᠡ ᠶᠢᠨ ᠡᠵᠡᠩᠨᠡᠯᠲᠡ ᠶᠢᠨ ᠦᠨᠡᠮᠯᠡᠯ᠂ ᠡᠷᠡᠭᠦᠯ ᠮᠡᠨᠳᠦ ᠶᠢᠨ ᠦᠨᠡᠮᠯᠡᠯ᠂ ᠢᠳᠡᠭᠡᠨ ᠤ ᠠᠮᠤᠷ ᠲᠦᠪᠰᠢᠨ ᠤ ᠪᠣᠯᠪᠠᠰᠤᠷᠠᠭᠤᠯᠤᠭᠴᠢ ᠶᠢᠨ ᠬᠢᠷᠢ ᠲᠡᠩᠴᠡᠭᠰᠡᠨ ᠦᠨᠡᠮᠯᠡᠯ ᠢ ᠴᠥᠮ ᠵᠣᠬᠢᠴᠠᠩᠭᠤᠶ ᠪᠠᠶᠢᠴᠠᠭᠠᠨ ᠦᠵᠡᠭᠰᠡᠨ ᠪᠥᠭᠡᠳ ᠡᠳ᠋ ᠪᠠᠷᠠᠭ᠎ᠠ ᠪᠠ ᠡᠬᠡ ᠳᠠᠩᠰᠠ᠂ ᠤᠶᠢᠯᠡᠤᠡᠪᠤᠷᠢᠯᠡᠭᠰᠡᠨ‌ᠡᠳᠦᠷ ᠬᠤᠭᠤᠴᠠᠭ᠎ᠠ᠂ ᠭᠡᠷᠡᠴᠢ ᠪᠠᠷᠢᠮᠲᠠ ᠪᠠ ᠫᠢᠶᠣᠣ ᠪᠠᠷᠢᠮᠲᠠ ᠵᠡᠷᠭᠡ ᠶᠢ ᠴᠥᠮ ᠪᠠᠶᠢᠴᠠᠭᠠᠨ ᠦᠵᠡᠵᠦ᠂ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃      ᠡᠭᠦᠨ ᠤ ᠳᠤ ᠬᠠᠮᠲᠤ᠂ ᠬᠠᠶᠢᠷᠤᠪ ᠤᠨ ᠲᠣᠬᠤᠢ ᠲᠣᠭᠤᠷᠢᠭ ᠪᠠᠰᠠ ᠠᠵᠢᠯ ᠨᠢᠭᠡᠲᠡᠨ ᠢᠶᠠᠨ ᠳᠠᠷᠤᠯᠠᠵᠤ ᠵᠠᠬ᠎ᠠ ᠳᠡᠯᠭᠡᠭᠦᠷ ᠢ ᠡᠵᠡᠷᠬᠡᠬᠦ᠂ ᠠᠯᠪᠠᠲᠠᠨ ᠬᠤᠳᠠᠯᠳᠤᠨ ᠠᠪᠬᠤ ᠠᠯᠪᠠᠲᠠᠨ ᠬᠤᠳᠠᠯᠳᠤᠬᠤ᠂ ᠥᠯᠥ ᠰᠠᠷᠢᠭᠠᠯᠠᠬᠤ᠂ ᠪᠦᠳᠦᠭᠦᠯᠢᠭ ᠲᠠᠸᠠᠷ ᠤᠨ ᠠᠵᠢᠯᠯᠠᠭ᠎ᠠ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠪᠠᠶᠢᠴᠠᠭᠠᠯᠲᠠ ᠲᠠᠢ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠤᠯᠠᠮ ᠨᠢᠭᠡ ᠠᠯᠬᠤᠮ ᠥᠷᠨᠢᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ‌‍ᠰᠦ᠋ᠪᠡᠭᠴᠢ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ ᠰᠢᠯᠵᠢᠭᠦᠯᠦᠨ ᠲᠤᠰᠢᠶᠠᠪᠠ᠃ ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ 7800 ᠡᠷᠦᠬᠡ ᠤᠳᠠᠭ᠎ᠠ ᠶᠢ ᠳᠠᠷᠠᠭᠠᠯᠠᠨ ᠪᠠᠶᠢᠴᠠᠭᠠᠵᠤ᠂ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ 4850 ᠬᠦᠯᠢᠶᠡᠨ ᠠᠪᠴᠤ ᠰᠢᠢᠤᠡᠪᠤᠷᠢᠯᠡᠨ᠂ ᠬᠠᠷ᠎ᠠ ᠪᠦᠯᠦᠭᠲᠡᠨ‌ᠬᠠᠷᠭᠢᠰ ᠬᠦᠴᠦᠨ ᠳᠤ ᠬᠤᠯᠪᠣᠭᠳᠠᠭᠰᠠᠨ6 ᠰᠦᠪᠡᠭᠴᠢ ᠶᠢ ᠵᠢᠭᠰᠠᠭᠠᠨ ᠪᠠᠶᠢᠴᠠᠭᠠᠵᠤ ᠰᠢᠢᠤᠡᠪᠤᠷᠢᠯᠡᠨ᠂ ᠡᠩ ᠤᠨ ᠳᠡᠰ ᠳᠠᠷᠠᠭᠠᠯᠠᠯ ᠤᠨ ᠬᠡᠷᠡᠭ ᠢ 164 ᠬᠡᠷᠡᠭ ᠪᠣᠯᠭᠠᠨ ᠳᠠᠩᠰᠠᠯᠠᠵᠤ ᠪᠠᠶᠢᠴᠠᠭᠠᠨ ᠰᠢᠢᠤᠡᠪᠤᠷᠢᠯᠡᠪᠡ᠃ ᠳᠣᠲᠣᠭᠠᠳᠤ ᠶᠢ ᠬᠠᠮᠠᠭᠠᠯᠠᠬᠤ ᠰᠠᠨᠠᠭᠤᠯᠤᠮᠵᠢ ᠵᠢᠨ‌ᠵᠠᠬᠢᠳᠠᠯ ᠳᠤ ᠵᠢᠭᠠᠵᠤ ᠭᠠᠷᠭᠠᠭᠰᠠᠨ‌‍ᠬᠢᠨᠠᠯᠲᠠ ᠬᠠᠮᠢᠶᠠᠷᠤᠯᠲᠠ ᠶᠢᠨ ᠳᠤᠲᠠᠭᠳᠠᠯ᠂ ᠠᠵᠢᠯ ᠲᠥᠷᠥᠯ ᠤᠨ ᠡᠷᠦᠶ ᠬᠤᠷᠤᠶ ᠥᠬᠡᠶ ᠪᠠᠶᠢᠳᠠᠯ ᠵᠡᠷᠭᠡ ᠳᠤ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠴᠠᠭ ᠲᠤᠬᠠᠶ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠠᠷᠢᠭᠤ ᠥᠭᠴᠦ᠂ ᠬᠠᠷᠢᠭᠤᠯᠲᠠ ᠶᠢᠨ ᠨᠣᠷᠮ᠎ᠠ ᠶᠢᠨ 100 %᠎ ᠶᠢ ᠦᠨᠡᠨ ᠬᠦ ᠪᠠᠲᠤᠯᠠᠬᠤ ᠬᠡᠷᠡᠭᠲᠡᠶ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号