ᠬᠠᠶᠢᠷᠤᠪ ᠤᠨ ᠲᠣᠬᠤᠢ ᠲᠣᠭᠤᠷᠢᠭ ᠰᠠᠶᠢᠨ ᠠᠷᠭ᠎ᠠ ᠤᠬᠠᠭᠠᠨ ᠭᠠᠷᠭᠠᠵᠤ ᠪᠣᠳᠠᠲᠠᠶ ᠠᠷᠭ᠎ᠠ ᠬᠡᠮᠵᠢᠶ᠎ᠡ ᠠᠪᠴᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠳᠠᠶᠢᠴᠢᠯᠠᠪᠠ
ᠨᠡᠶᠢᠲᠡᠯᠡᠭᠰᠡᠨ ᠴᠠᠭ᠄
2019-10-22
     ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠨᠢ ᠨᠠᠮ ᠤᠨ ᠪᠠᠶᠢᠭᠤᠯᠤᠯᠲᠠ ᠶᠢᠨ ᠬᠥᠳᠡᠯᠦᠨ ᠳᠠᠭᠠᠭᠤᠯᠬᠤ ᠲᠣᠰᠬᠤᠨ ᠤ ᠱᠠᠲᠤᠨ ᠤ ᠠᠵᠤ ᠠᠬᠤᠢ ᠶᠢᠨ ᠬᠥᠭᠵᠢᠯᠲᠡ ᠳᠠᠬᠢ ᠰᠠᠶᠢᠨ ᠠᠷᠭ᠎ᠠ᠂ ᠪᠣᠳᠠᠲᠠᠶ ᠠᠷᠭ᠎ᠠ ᠬᠡᠮᠵᠢᠶ᠎ᠡ ᠶᠢ ᠭᠦᠢᠴᠠᠤᠡ ᠪᠠᠳᠠᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ᠂ ᠴᠢᠳᠠᠪᠤᠷᠢᠲᠠᠨ ᠳᠠᠭᠠᠭᠤᠯᠬᠤ᠂ ᠬᠤᠪᠢ ᠣᠷᠣᠭᠤᠯᠬᠤ ᠵᠡᠷᠭᠡ ᠬᠡᠯᠪᠡᠷᠢ ᠪᠠᠷ ᠲᠣᠰᠬᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠣᠯᠤᠨ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︽ᠤᠭ ᠰᠠᠨᠠᠭ᠎ᠠ ᠪᠠᠨ‌ᠦᠯᠦ ᠮᠠᠷᠲᠠᠵᠤ᠂ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠵᠣᠷᠢᠯᠲᠠ ᠢᠲᠡᠭᠡᠯ ᠵᠣᠷᠢᠭ ᠢ ᠤᠶᠢᠯᠡᠳᠤᠯᠭᠡᠵᠢᠭᠦᠯᠪᠡ᠃      ︽ᠰᠢᠶᠠᠩ ᠯᠢ ᠯᠢᠨ ᠵᠢᠤᠢ︾᠎ ᠶᠢᠨ ᠲᠥᠷᠥᠯ ᠵᠤᠶᠢᠯ ᠪᠣᠯ ᠪᠠᠶᠠᠨᠤᠰᠤ ᠲᠣᠰᠬᠤᠨ ᠤ ᠨᠠᠮ ᠤᠨ ᠡᠭᠦᠷ ᠪᠣᠯᠤᠨ ᠦᠬᠠᠶ ᠬᠤᠲᠠ ᠶᠢᠨ ᠶᠤᠸᠠᠨ ᠲᠠᠢ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠶᠢᠨ ᠬᠠᠮᠲᠤᠷᠠᠨ ᠬᠡᠷᠡᠭᠵᠢᠭᠦᠯᠦᠭᠰᠡᠨ ᠨᠢᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠤᠶᠢᠯ ᠪᠣᠯᠤᠨ᠎ᠠ᠂ ᠡᠨᠡ ᠬᠤᠶᠠᠷ ᠡᠳᠦᠷ᠂ ᠪᠠᠶᠠᠵᠢᠯ ᠤᠨ ᠳᠠᠭᠠᠭᠤᠯᠤᠭᠴᠢ ᠹᠠᠩ ᠵᠢᠶᠠᠨ ᠵᠢᠶᠦ᠋ᠨ᠂ ᠳ᠋ᠤᠸᠠᠨ ᠱᠧᠩ ᠰᠢᠶᠦ᠋ᠩ ᠪᠠᠰᠠ 60 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠠᠷᠢᠶᠠᠴᠢᠨ ᠠᠶᠢᠯ ᠤᠨ ᠤᠷᠲᠤ ᠬᠤᠩᠭᠢᠯ ᠪᠣᠯᠤᠨ 5 ᠮᠣᠩᠭᠤᠯ ᠭᠡᠷ ᠢ ᠪᠦᠲᠦᠭᠡᠨ ᠪᠠᠶᠢᠭᠤᠯᠵᠤ ᠲᠠᠷᠢᠶᠠᠴᠢᠨ ᠠᠶᠢᠯ ᠤᠨ ᠵᠤᠭᠠᠴᠠᠯ ᠬᠢᠵᠡᠶ᠃ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠳᠤ 240 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠢ ᠶᠢᠨ ᠬᠤᠷᠮᠣᠶ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠨᠤᠲᠤᠭ ᠤᠨ ᠳᠠᠬᠢᠶ᠎ᠠ᠂ ᠬᠤᠸᠠ ᠪᠤᠭᠤ᠂ ᠲᠡᠮᠡᠭᠡᠨ ᠬᠢᠷᠭᠤᠤᠯ᠂ ᠵᠢᠵᠢᠭ ᠣᠳᠣᠶ ᠮᠣᠷᠢ ᠵᠡᠷᠭᠡ ᠲᠣᠰ ᠭᠠᠵᠠᠷ ᠤᠨ ᠲᠡᠵᠢᠭᠡᠨ ᠦᠷᠡᠵᠢᠭᠦᠯᠬᠦ ᠨᠥᠬᠦᠴᠡᠯ ᠳᠤ ᠲᠣᠬᠢᠷᠠᠬᠤ ᠲᠥᠷᠥᠯ ᠵᠤᠶᠢᠯ ᠢᠶᠠᠷ ᠵᠢᠱᠢᠶ᠎ᠡ ᠦᠵᠡᠭᠦᠯᠪᠡ᠂ ᠤᠶᠢᠷ᠎ᠠ ᠶᠢᠨ ᠬᠠᠭᠠᠰ ᠵᠢᠯ ᠤᠨ ᠡᠵᠡᠩᠨᠡᠯᠲᠡ ᠪᠠᠷ ᠳᠠᠮᠵᠢᠨ᠂ ᠬᠡᠳᠦ᠋ᠢᠪᠡᠷ ᠤᠶᠢᠯᠡᠤᠡᠭᠦᠨ‌ᠵᠤᠶᠢᠯ ᠪᠣᠷᠣᠯᠠᠭᠤᠯᠭ᠎ᠠ ᠬᠥᠭᠵᠢᠶᠡᠨᠲᠡᠶ᠂ ᠬᠥᠮᠦᠰ ᠤᠨ ᠬᠦᠷᠢᠶᠡᠯᠡᠯ ᠢ ᠶᠠᠪᠤᠬᠤ ᠳᠣᠳᠥᠮ ᠣᠯᠵᠤ ᠮᠡᠳᠡᠭᠰᠡᠨ ᠪᠣᠯᠪᠠᠴᠤ ᠣᠷᠣᠯᠭ᠎ᠠ ᠨᠢ ᠮᠥᠨ ᠯᠡ ᠨᠡᠯᠢᠶᠡᠳ ᠳᠠᠩ ᠴᠤᠯᠭᠤᠶ ᠪᠠᠶᠢᠨ᠎ᠠ᠂ ᠵᠤᠭᠠᠴᠠᠭᠰᠠᠳ ᠢ ᠬᠡᠷᠬᠢᠨ ᠠᠳᠡ ᠲᠣᠭᠯᠠᠬᠤ᠂ ᠠᠳᠡ ᠢᠳᠡᠬᠦ᠂ ᠠᠳᠡ ᠪᠠᠶᠠᠷᠯᠠᠬᠤ᠂ ᠠᠳᠡ ᠬᠡᠷᠡᠭᠯᠡᠬᠦ ᠵᠡᠷᠭᠡ ᠨᠢ ᠲᠡᠳᠡᠨ ᠤ ᠪᠠᠶᠠᠵᠢᠯ ᠤᠨ ᠳᠠᠭᠠᠭᠤᠯᠤᠭᠴᠢ ᠶᠢᠨ ᠦᠷᠭᠦᠯᠵᠢ ᠪᠣᠳᠣᠯᠬᠢᠯᠠᠳᠠᠭ ᠠᠰᠠᠭᠤᠳᠠᠯ ᠪᠣᠯᠤᠨ᠎ᠠ᠃      ᠰᠢᠶᠠᠩ ᠯᠢ ᠯᠢᠨ ᠵᠢᠤᠢ ᠲᠥᠷᠥᠯ ᠵᠤᠶᠢᠯ ᠤᠨ ᠬᠠᠷᠢᠭᠤᠴᠠᠯᠭᠠᠲᠠᠨ ᠹᠠᠩ ᠵᠢᠶᠠᠨ ᠵᠢᠶᠦ᠋ᠨ ᠲᠠᠨᠢᠯᠴᠠᠭᠤᠯᠬᠤ ᠳᠠᠭᠠᠨ᠂ ᠡᠨᠡ ᠵᠢᠯ ᠤᠨ 6 ᠰᠠᠷ᠎ᠠ ᠠᠴᠠ ᠣᠳᠣ ᠪᠣᠯᠲᠠᠯ᠎ᠠ᠂ ᠥᠨᠳᠡᠭᠡ᠂ ᠭᠠᠯᠠᠭᠤ ᠶᠢᠨ ᠣᠷᠣᠯᠭ᠎ᠠ 20 ᠭᠠᠷᠤᠶ ᠲᠦᠮᠡ ᠰᠢᠬᠠᠮ ᠪᠣᠯᠵᠠᠶ᠃ 9 ᠰᠠᠷ᠎ᠠ ᠠᠴᠠ ᠡᠬᠢᠯᠡᠨ ᠬᠥᠳᠡᠭᠡ ᠠᠶᠢᠯ ᠤᠨ ᠵᠤᠭᠠᠴᠠᠯ ᠪᠠᠶᠢᠭᠤᠯᠵᠤ᠂ ᠵᠢᠱᠢᠯᠲᠡ ᠪᠠᠷ 10 ᠰᠠᠷ᠎ᠠ ᠶᠢᠨ ᠰᠡᠭᠦᠯᠴᠢ ᠠᠴᠠ ᠡᠬᠢᠯᠡᠨ ᠬᠡᠪ ᠤᠨ ᠡᠵᠡᠩᠨᠡᠯᠲᠡ ᠬᠢᠨ᠎ᠡ᠃ ᠲᠣᠭᠤᠷᠢᠨ ᠦᠵᠡᠬᠦ᠂ ᠢᠳᠡᠬᠦ᠂ ᠨᠠᠭᠠᠳᠬᠤ᠂ ᠲᠡᠭᠦᠬᠦ ᠪᠠᠷ ᠳᠠᠮᠵᠢᠭᠤᠯᠤᠨ ᠠᠵᠤ ᠠᠬᠤᠢ ᠶᠢᠨ ᠣᠷᠣᠯᠭ᠎ᠠ ᠶᠢ ᠤᠯᠠᠮ ᠨᠢᠭᠡ‌ᠠᠯᠬᠤᠮ ᠨᠡᠮᠡᠭᠳᠡᠭᠦᠯᠵᠦ ᠴᠢᠳᠠᠨ᠎ᠠ᠃      ᠪᠠᠶᠠᠨᠤᠰᠤ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠵᠦ ᡁᠢ ᠴᠧᠩ ᠤᠨ ᠲᠠᠨᠢᠯᠴᠠᠭᠤᠯᠭ᠎ᠠ ᠠᠴᠠ ᠣᠶᠢᠯᠠᠭᠠᠭᠰᠠᠨ ᠢᠶᠠᠷ᠂ 2019 ᠣᠨ ᠳᠤ ᠪᠠᠶᠠᠨᠤᠰᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠤᠶᠢᠯ ᠨᠡᠶᠢᠲᠡ 6 ᠪᠠᠶᠢᠵᠤ ᠵᠢᠱᠢᠯᠲᠡ ᠪᠠᠷ ᠡᠨᠡ ᠵᠢᠯ ᠤᠨ ᠣᠷᠣᠯᠭ᠎ᠠ 22.5 ᠲᠦᠮᠡᠨ ᠲᠥᠭᠦᠷᠢᠭ ᠲᠤ ᠬᠦᠷᠬᠦ ᠪᠣᠯᠤᠨ᠎ᠠ᠃ ᠬᠠᠮᠲᠤ ᠶᠢᠨ ᠠᠵᠤ ᠠᠬᠤᠢ ᠶᠢᠨ ᠣᠷᠣᠯᠭ᠎ᠠ ᠨᠡᠮᠡᠭᠳᠡᠭᠰᠡᠨ ᠤ ᠳᠠᠷᠠᠭ᠎ᠠ᠂ ᠨᠢᠭᠡ ᠬᠡᠰᠡᠭ ᠪᠡᠯᠡ ᠮᠥᠩᠭᠦ ᠶᠢ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ ᠳᠤ ᠬᠡᠷᠡᠭᠯᠡᠵᠦ᠂ ᠨᠥᠭᠦᠭᠡ ᠬᠡᠰᠡᠭ ᠪᠡᠯᠡ ᠮᠥᠩᠭᠦ ᠶᠢ ᠭᠠᠴᠠᠭᠠᠨ ᠤ ᠰᠠᠭᠤᠷᠢ ᠲᠥᠬᠦᠭᠡᠷᠦᠮᠵᠢ ᠳᠤ ᠬᠡᠷᠡᠭᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠤᠯᠠᠮ ᠨᠢᠭᠡ ᠠᠯᠬᠤᠮ ᠬᠥᠭᠵᠢᠭᠦᠯᠬᠦ ᠬᠡᠷᠡᠭᠲᠡᠶ᠃      ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠡᠯ᠎ᠡ ᠲᠣᠰᠬᠤᠨ ᠤ ᠪᠣᠳᠠᠲᠤ‌‍ᠪᠠᠶᠢᠳᠠᠯ ᠳᠤ ᠰᠠᠭᠤᠷᠢᠯᠠᠵᠤ᠂ ᠤᠨᠴᠠᠯᠢᠬᠳᠤ ᠲᠠᠷᠢᠶᠠᠯᠠᠩ ‍ᠤᠨ‌ᠠᠵᠤ ᠤᠶᠢᠯᠡᠰ ᠢ ᠬᠠᠨᠳᠤᠯᠭᠠᠲᠤ ᠴᠢᠨᠠᠷᠲᠠᠶ ᠪᠠᠷ ᠪᠤᠶᠢᠵᠢᠭᠤᠯᠤᠨ ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠳᠤ ︽ᠬᠥᠯ ᠳᠤ ᠲᠣᠬᠢᠷᠠᠬᠤ ᠱᠠᠬᠠᠶ︾ ᠡᠮᠦᠰᠬᠡᠵᠦ᠂ ᠶᠠᠲᠠᠭᠤ ᠬᠦᠴᠢᠷᠳᠡᠯᠲᠡᠶ ᠡᠷᠦᠬᠡ ᠪᠣᠯᠤᠨ ᠲᠣᠰᠬᠤᠨ ᠤ ᠬᠠᠮᠲᠤ ᠨᠡᠶᠢᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠡᠭᠡᠷ᠎ᠡ ᠶᠠᠪᠤᠬᠤ ᠳᠣᠳᠥᠮ ᠠᠮᠢᠵᠢᠷᠠᠯ ᠤᠨ ᠬᠦᠴᠦᠨ ᠲᠠᠢ ᠪᠣᠯᠭᠠᠪᠠ᠃ ᠡᠨᠡ ᠵᠢᠯ ᠬᠠᠶᠢᠷᠤᠪ ᠤᠨ ᠲᠣᠬᠤᠢ ᠲᠣᠭᠤᠷᠢᠭ ᠤᠤᠯ ᠤᠨ17 ᠲᠣᠰᠬᠤᠨ ᠤ ᠬᠠᠮᠲᠤ ᠶᠢᠨ ᠲᠥᠷᠥᠯ ᠵᠤᠶᠢᠯ ᠢ ᠪᠠᠬᠢᠵᠢᠭᠦᠯᠦᠨ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠪᠠᠰᠠ ᠵᠢᠮᠢᠰ ᠲᠡᠭᠦᠬᠦ᠂ ᠲᠠᠷᠢᠶᠠᠴᠢᠨ‌ᠠᠶᠢᠯ ᠤᠨ ᠵᠤᠭᠠᠴᠠᠯ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ14 ᠲᠥᠷᠥᠯ ᠵᠤᠶᠢᠯ ᠢ ᠰᠢᠨ᠎ᠡ ᠪᠠᠷ ᠬᠡᠷᠡᠭᠵᠢᠭᠦᠯᠵᠦ᠂ ᠣᠳᠣᠬᠠᠨ ᠳᠤ 6 ᠲᠥᠷᠥᠯ ᠵᠤᠶᠢᠯ ᠢ ᠨᠢᠭᠡᠨᠲᠡ ᠪᠦᠲᠦᠭᠡᠨ ᠪᠠᠶᠢᠭᠤᠯᠵᠤ ᠳᠠᠭᠤᠰᠬᠠᠭᠠᠳ᠂ ᠦᠯᠡᠳᠡᠭᠰᠡᠨ ᠢ ᠨᠢ ᠶᠠᠭ ᠡᠮᠬᠢ ᠳᠢᠭᠯᠢᠮ ᠲᠠᠢ ᠠᠬᠢᠭᠤᠯᠵᠤ ᠪᠣᠶ᠂ ᠵᠢᠱᠢᠯᠲᠡ ᠪᠠᠷ ᠡᠨᠡ ᠵᠢᠯ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤ 5 ᠲᠣᠰᠬᠤᠨ ᠳᠤ ᠲᠣᠰᠬᠤᠨ ᠤ ᠬᠠᠮᠲᠤ ᠵᠢᠨ‌ᠠᠵᠤ ᠠᠬᠤᠢ ᠶᠢᠨ ᠣᠷᠣᠯᠭ᠎ᠠ ᠶᠢ 110 ᠭᠠᠷᠤᠶ ᠲᠦᠮᠡᠨ ᠲᠥᠭᠦᠷᠢᠭ ᠪᠡᠶᠡᠯᠡᠭᠦᠯᠬᠦ ᠪᠣᠯᠤᠨ᠎ᠠ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号