ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠣᠷᠣᠪᠠ
ᠨᠡᠶᠢᠲᠡᠯᠡᠭᠰᠡᠨ ᠴᠠᠭ᠄
2019-10-22
     10 ᠰᠠᠷ᠎ᠠ ᠶᠢᠨ 19᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ ᠨᠠᠮ ᠵᠠᠰᠠᠭ ᠤᠨ ᠣᠷᠳᠣᠨ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠨᠠᠮ ᠤᠨ ᠬᠢᠴᠢᠶᠡᠯ ᠵᠢᠭᠠᠪᠠ᠃ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠵᠢᠯᠣᠭᠤᠳᠬᠤ ᠲᠤᠭᠤᠶᠢᠯᠠᠩ ᠤᠨ ᠬᠠᠮᠢᠶ᠎ᠠ ᠪᠦᠬᠦᠢ ᠤᠳᠤᠷᠢᠳᠤᠯᠭ᠎ᠠ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠳᠣᠯᠣᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠵᠡᠷᠭᠡ 200 ᠭᠠᠷᠤᠶ ᠬᠥᠮᠦᠨ ᠬᠤᠷᠠᠯ ᠳᠤ ᠣᠷᠣᠯᠴᠠᠪᠠ᠃
   ᠨᠠᠮ ᠤᠨ ᠬᠢᠴᠢᠶᠡᠯ ᠨᠢ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠭᠠᠨ ᠡᠵᠡᠮᠳᠡᠪᠡ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠤᠡᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠲᠠᠢ ᠪᠦᠬᠦ ᠲᠠᠯ᠎ᠠ ᠪᠠᠷ ᠬᠠᠷᠢᠴᠠᠭᠤᠯᠪᠠ︔ ᠴᠢᠭᠯᠡᠯ ᠢᠶᠠᠨ ᠬᠠᠯᠠᠨ ᠰᠠᠶᠢᠵᠢᠷᠠᠭᠤᠯᠬᠤ᠂ ᠲᠤᠭᠤᠷᠢᠭ ᠤᠨ ᠪᠠᠶᠢᠳᠠᠯ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠰᠤᠷᠤᠭᠰᠠᠨ ᠢᠶᠠᠨ ᠬᠡᠷᠡᠭᠯᠡᠬᠦ ᠶᠢ ᠪᠠᠷᠢᠮᠲᠠᠯᠠᠬᠤ ᠶᠢ ᠲᠣᠳᠣᠷᠬᠠᠶᠢᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠡᠷᠭᠡ ᠭᠤᠷᠪᠠᠨ ᠲᠠᠯ᠎ᠠ ᠪᠠᠷ ᠲᠣᠰ ᠲᠣᠰ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠬᠠᠶ ᠭᠦᠨᠵᠡᠭᠡᠶ ᠣᠶᠢᠯᠠᠭᠠᠯᠲᠠ ᠪᠠᠨ ᠲᠣᠳᠣᠷᠬᠠᠶᠢᠯᠠᠨ ᠥᠭᠦᠯᠡᠪᠡ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ ᠨᠢᠭᠡᠨ ᠠᠮᠢᠳᠤᠯᠢᠭ ᠨᠠᠮ ᠤᠨ ᠬᠢᠴᠢᠶᠡᠯ ᠣᠷᠣᠵᠤ᠂ ᠨᠢᠭᠡ ᠤᠳᠠᠭᠠᠨ ᠤ ᠰᠤᠷᠤᠯᠴᠠᠯᠭ᠎ᠠ ᠰᠣᠯᠢᠯᠴᠠᠭ᠎ᠠ ᠬᠢᠪᠡ᠃
     ᠵᠢᠶᠠ ᠴᠢᠩ ᠳ᠋ᠦᠩ ᠨᠠᠮ ᠤᠨ ᠬᠢᠴᠢᠶᠡᠯ ᠳᠡᠭᠡᠷ᠎ᠡ᠂ ᠨᠠᠮ ᠤᠨ ᠭᠡᠰᠢᠭᠦᠨ ᠤᠳᠤᠷᠢᠳᠬᠤ ᠺᠠᠳ᠋ᠷ ᠡᠷᠬᠡᠪᠰᠢ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠲᠠᠢ ᠪᠠᠶᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ‍ᠤᠨ‌ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ ᠭᠡᠬᠦ ᠡᠨᠡᠬᠦ ᠡᠭᠦᠷᠭᠡ ᠶᠢ ᠭᠦᠨᠵᠡᠭᠡᠶ ᠤᠶᠢᠯᠡᠳᠤᠯᠭᠡᠵᠢᠭᠦᠯᠬᠦ ᠬᠡᠷᠡᠭᠲᠡᠶ᠃ ᠶᠡᠷᠦᠩᠬᠡᠶ ᠱᠦᠵᠢ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠥᠭᠦᠯᠡᠯᠲᠡ ᠳᠤᠮᠳᠠ ᠠᠴᠠ ᠬᠠᠶᠢᠷᠤᠪ ‍ᠤᠨ‌‍ᠲ᠋ᠤᠬᠤᠢ ᠲᠤᠭᠤᠷᠢᠭ ᠤᠨ ᠪᠣᠳᠠᠲᠠᠶ ᠠᠰᠠᠭᠤᠳᠠᠯ ᠢ ᠰᠢᠢᠤᠡᠪᠤᠷᠢᠯᠡᠬᠦ ᠠᠷᠭ᠎ᠠ ᠪᠣᠯᠤᠨ ᠬᠦᠴᠦᠨ ᠴᠢᠳᠠᠯ ᠢ ᠣᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠷᠭ᠎ᠠ ᠬᠡᠮᠵᠢᠶ᠎ᠡ ᠪᠣᠯᠤᠨ‌ᠠᠷᠭ᠎ᠠ ᠵᠠᠮ ᠢ ᠡᠷᠢᠯᠬᠢᠯᠡᠵᠦ᠂ ᠺᠠᠳ᠋ᠷ ᠤᠨ ᠡᠩᠨᠡᠭᠡ ᠶᠢᠨ ᠰᠤᠷᠤᠯᠴᠠᠬᠤ ᠡᠷᠳᠡᠮ ᠴᠢᠳᠠᠪᠤᠷᠢ᠂ ᠤᠯᠤᠰ ᠲᠥᠷᠦ ᠶᠢᠨ ᠤᠳᠤᠷᠢᠳᠬᠤ ᠡᠷᠳᠡᠮ ᠴᠢᠳᠠᠪᠤᠷᠢ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠳᠡᠮ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠭᠦᠯᠬᠦ ᠡᠷᠳᠡᠮ ᠴᠢᠳᠠᠪᠤᠷᠢ᠂ ᠬᠠᠤᠯᠢ ᠶᠣᠰᠣᠭᠠᠷ ᠲᠥᠷᠥ ᠪᠠᠷᠢᠬᠤ ᠡᠷᠳᠡᠮ ᠴᠢᠳᠠᠪᠤᠷᠢ᠂ ᠣᠯᠠᠨ ᠲᠦᠮᠡᠨ ᠤ ᠠᠵᠢᠯ ᠶᠢᠨ ᠡᠷᠳᠡᠮ ᠴᠢᠳᠠᠪᠤᠷᠢ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠡᠷᠳᠡᠮ ᠴᠢᠳᠠᠪᠤᠷᠢ᠂ ᠠᠶᠤᠯ ᠲᠦᠭᠰᠢᠭᠦᠷᠢ ᠶᠢᠨ ᠡᠷᠳᠡᠮ ᠴᠢᠳᠠᠪᠤᠷᠢ ᠪᠠᠨ ᠦᠨᠡᠨᠬᠦ ᠴᠢᠩᠭᠠᠳᠬᠠᠵᠤ᠂ ᠴᠤᠭ ᠰᠦᠯᠳᠡ ᠪᠠᠨ ᠪᠠᠳᠠᠷᠠᠭᠤᠯᠵᠤ᠂ ᠵᠣᠷᠢᠭᠲᠠᠶ ᠠᠵᠢᠯᠯᠠᠵᠤ᠂ ᠬᠠᠶᠢᠷᠤᠪ ᠤᠨ ᠲᠣᠬᠤᠢ ᠲᠤᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠲᠤᠷ ᠠᠬᠢᠭᠤᠯᠤᠨ᠎ᠠ᠃      ᠵᠢᠶᠠ ᠴᠢᠩ ᠳ᠋ᠦᠩ ᠨᠠᠮ ᠤᠨ ᠬᠢᠴᠢᠶᠡᠯ ᠳᠡᠭᠡᠷ᠎ᠡ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠳᠠᠮᠵᠢᠨ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ‌‍ᠲ᠋ᠤᠣᠱᠯᠠᠭᠤᠯᠤᠨ᠂ ᠨᠠᠮ ᠤᠨ ᠲᠥᠪ ᠬᠤᠷᠢᠶᠠᠨ ᠤ ᠰᠢᠢᠤᠡᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠣᠱᠯᠠᠭᠤᠯᠤᠨ ᠨᠠᠶᠢᠳᠠᠪᠤᠷᠢᠵᠢᠭᠤᠯᠬᠤ᠂ ᠡᠯ᠎ᠡ ᠵᠤᠶᠢᠯ ᠤᠨ ᠠᠵᠢᠯ ᠢᠶᠠᠨ ᠰᠠᠶᠢᠲᠤᠷ ᠬᠢᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠬᠠᠶᠢᠷᠤᠪ ᠤᠨ ᠲᠣᠬᠤᠢ ᠲᠤᠭᠤᠷᠢᠭ ᠤᠨ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠨᠢᠭᠡᠳᠦᠯᠲᠡᠶ ᠳᠤ ᠲᠥᠯᠥᠪᠵᠢᠭᠦᠯᠦᠨ ᠳᠠᠶᠢᠴᠢᠯᠠᠵᠤ᠂ ᠬᠠᠶᠢᠷᠤᠪ ᠤᠨ ᠲᠣᠬᠤᠢ ᠲᠤᠭᠤᠷᠢᠭ ᠤᠨ ᠦᠷᠭᠦᠯᠵᠢᠯᠡᠬᠦ ᠬᠥᠭᠵᠢᠯᠲᠡ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号