ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠠᠷᠠᠳ ᠤᠨ ᠳᠠᠭᠤᠨ ᠢ ᠰᠣᠨᠣᠰᠴᠤ ᠠᠷᠠᠳ ᠤᠨ ᠵᠣᠪᠠᠨᠢᠯ ᠢ ᠠᠷᠢᠯᠭᠠᠪᠠ
ᠨᠡᠶᠢᠲᠡᠯᠡᠭᠰᠡᠨ ᠴᠠᠭ᠄
2019-10-22
     ᠪᠦᠬᠦ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠪᠣᠯᠤᠨ ᠣᠯᠠᠨ ᠲᠦᠮᠡᠨ ᠤ ᠲᠤᠰᠬᠠᠯ ᠢᠶᠠᠷ ᠴᠢᠩᠭ᠎ᠠ ᠪᠠᠶᠢᠭ᠎ᠠ ᠬᠡᠯᠡᠯᠴᠡᠭᠡᠨ ᠶᠡᠬᠡᠲᠡᠶ ᠬᠦᠴᠢᠷ‌ᠠᠰᠠᠭᠤᠳᠠᠯ ᠢ ᠰᠢᠢᠤᠡᠪᠤᠷᠢᠯᠡᠬᠦ ᠶᠢᠨ ᠲᠤᠰᠠᠳᠠ᠂ ᠬᠠᠶᠢᠷᠤᠪ ‍ᠤᠨ‌‍ᠲ᠋ᠣᠬᠤᠢ ᠲᠤᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠨᠠᠷ ︽ᠠᠷᠠᠳ ᠢᠷᠭᠡᠳ ᠬᠦᠴᠢᠷ ᠠᠰᠠᠭᠤᠳᠠᠯ ᠢ ᠰᠢᠢᠤᠡᠪᠤᠷᠢᠯᠡᠬᠦ︾ ᠠᠵᠢᠯᠯᠠᠭ᠎ᠠ ᠶᠢ ᠥᠷᠨᠢᠭᠦᠯᠵᠦ᠂ ᠣᠯᠠᠨ ᠲᠦᠮᠡᠨ ᠲᠠᠢ ᠶᠠᠷᠢᠯᠴᠠᠨ᠂ ᠬᠦᠴᠢᠷ ᠲᠦᠪᠡᠭᠲᠡᠶ ᠠᠰᠠᠭᠤᠳᠠᠯ ᠢ ᠰᠢᠢᠤᠡᠪᠤᠷᠢᠯᠡᠬᠦ ᠶᠢᠨ ᠬᠠᠮᠲᠤ ᠣᠯᠠᠨ ᠲᠦᠮᠡᠨ ᠤ ᠲᠤᠰᠬᠠᠭᠰᠠᠨ ᠲᠤᠪᠤᠶᠢᠮ᠎ᠠ ᠠᠰᠠᠭᠤᠳᠠᠯ ᠢ ᠦᠨᠳᠦᠰᠦᠯᠡᠨ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠪᠡ᠃      ᠤᠶᠢᠷ᠎ᠠ ᠳᠤ ᠰᠠᠭᠤᠭᠠᠯᠢ ᠠᠷᠠᠳ ᠤᠨ ᠲᠤᠰᠬᠠᠭᠰᠠᠨ ᠢᠶᠠᠷ᠂ ᠰᠠᠭᠤᠭᠠᠯᠢ ᠠᠷᠠᠳ ᠤᠨ ᠠᠰᠠᠷ ᠳᠣᠤᠷᠠᠬᠢ ᠢᠳᠡᠭᠡᠨ ᠤᠮᠳᠠᠭᠠᠨ ᠤ ᠤᠶᠢᠯᠡᠴᠢᠯᠡᠭᠡᠨ ᠤ ᠬᠤᠳᠠᠯᠳᠤᠭᠠᠴᠢᠨ ᠤ ᠲᠣᠰᠣ ᠤᠳᠤᠭ᠎ᠠ ᠨᠢ ᠠᠭᠠᠷ ᠪᠠ ᠱᠤᠤᠭᠢᠶᠠᠨ ᠤ ᠪᠣᠬᠢᠷᠲᠤᠯ ᠢ ᠪᠣᠶ ᠪᠣᠯᠭᠠᠵᠤ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠢ ᠨᠥᠯᠥᠭᠡᠯᠡᠵᠦ ᠪᠠᠶᠢᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠵᠢᠭᠠᠵᠤ ᠭᠠᠷᠭᠠᠭᠰᠠᠨ ᠨᠢ᠂ ᠡᠯ᠎ᠡ ᠨᠢᠭᠡᠴᠡ ᠶᠢᠨ ᠰᠠᠯᠠᠭ᠎ᠠ ᠮᠥᠴᠢᠷ ᠤᠨ ᠬᠢᠨ ᠲᠤᠰᠬᠠᠭᠰᠠᠨ ᠠᠰᠠᠭᠤᠳᠠᠯ ᠢ ᠲᠤᠰᠬᠤ ᠪᠠᠷ ᠵᠢᠱᠢᠶ᠎ᠡ ᠪᠣᠯᠭᠠᠵᠤ᠂ ᠬᠠᠶᠢᠷᠤᠪ ᠤᠨ ᠲᠣᠬᠤᠢ ᠲᠣᠭᠤᠷᠢᠭ ᠲᠤ ᠣᠷᠣᠰᠢᠵᠤ ᠪᠠᠶᠢᠭ᠎ᠠ ᠢᠳᠡᠭᠡᠨ ᠤᠮᠳᠠᠭᠠᠨ ᠤ ᠪᠣᠬᠢᠷᠲᠤᠯ ‍ᠤᠨ‌ᠠᠰᠠᠭᠤᠳᠠᠯ ᠢ ᠰᠤᠳᠤᠯᠤᠨ ᠰᠢᠢᠤᠡᠪᠤᠷᠢᠯᠡᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠶᠢ ᠴᠢᠩᠭ᠎ᠠ ᠵᠢᠷᠤᠮᠯᠠᠨ ᠬᠡᠷᠡᠭ ᠰᠢᠢᠤᠡᠪᠤᠷᠢᠯᠡᠵᠤ᠂ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠬᠡᠷᠡᠭᠲᠡᠶ᠃ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠰᠠᠨᠠᠯ ᠢ ᠨᠡᠶᠢᠲᠡᠯᠡᠵᠦ᠂ ᠰᠠᠭᠤᠭᠠᠯᠢ ᠠᠷᠠᠳ ᠤᠨ ᠠᠰᠠᠷ ᠳᠣᠤᠷᠠᠬᠢ ᠢᠳᠡᠭᠡᠨ ᠤᠮᠳᠠᠭᠠᠨ ᠤ ᠵᠤᠶᠢᠯᠡᠰ ᠲᠤ ᠡᠷᠬᠡᠪᠰᠢ ᠨᠢᠭᠡᠳᠦᠯᠲᠡᠶ᠂ ᠪᠠᠷᠢᠮᠵᠢᠶ᠎ᠠ ᠳᠤ ᠨᠡᠶᠢᠴᠡᠭᠰᠡᠨ ᠲᠣᠰᠣᠨ ᠤᠲᠤᠭᠠᠨ ᠤ ᠪᠣᠬᠢᠷᠲᠤᠯ ᠭᠠᠳᠠᠭᠰᠢᠯᠠᠭᠤᠯᠬᠤ ᠵᠠᠮ ᠢ ᠨᠡᠮᠡᠵᠦ᠂ ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠬᠦ ᠦᠭᠡᠢ ᠶᠢ ᠨᠢ ᠡᠷᠡᠰ ᠴᠠᠭᠠᠵᠠᠯᠠᠬᠤ ᠬᠡᠷᠡᠭᠲᠡᠶ ᠭᠡᠵᠦ ᠱᠠᠭᠠᠷᠳᠠᠪᠠ᠃ ᠲᠣᠰᠣ ᠤᠳᠤᠭ᠎ᠠ ᠴᠡᠪᠡᠷᠰᠢᠭᠦᠯᠬᠦ ᠪᠡᠯᠡᠳᠬᠡᠮᠵᠢ ᠨᠢᠭᠡᠨᠲᠡ ᠤᠭᠰᠠᠷᠠᠭᠰᠠᠨ ᠪᠣᠯᠪᠠᠴᠤ ᠬᠡᠷᠡᠭᠯᠡᠭᠰᠡᠨ ᠦᠭᠡᠢ ᠪᠠ ᠤᠭᠰᠠᠷᠠᠭᠰᠠᠨ ᠪᠡᠯᠡᠳᠬᠡᠮᠵᠢ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠬᠤᠳᠠᠯᠳᠤᠭ᠎ᠠ ᠶᠢᠨ ᠡᠷᠦᠬᠡ᠂ ᠢᠯᠠᠩᠭᠤᠶ᠎ᠠ ᠰᠠᠭᠤᠭᠠᠯᠢ ᠠᠷᠠᠳ ᠤᠨ ᠲᠤᠰᠬᠠᠯ ᠶᠡᠬᠡᠲᠡᠶ ᠢᠳᠡᠭᠡᠨ ᠤᠮᠳᠠᠭᠠᠨ ᠤ ᠠᠵᠤ ᠠᠬᠤᠶᠢᠯᠠᠯ ᠢ ᠪᠣᠯ ᠨᠡᠶᠢᠲᠡᠯᠢᠭ ᠵᠢᠱᠢᠶ᠎ᠡ ᠪᠠᠷ ᠰᠤᠶᠢᠤᠡᠭᠡᠨ ᠲᠣᠷᠭᠠᠬᠤ ᠬᠡᠷᠡᠭᠲᠡᠶ᠃ ᠬᠤᠷᠠᠯ ᠠᠴᠠ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠩᠨᠡᠭᠡᠨ ᠤ ᠬᠥᠮᠦᠵᠢᠯ ᠢ ᠴᠢᠩᠭᠠᠳᠬᠠᠵᠤ᠂ ᠣᠯᠠᠨ ᠲᠦᠮᠡᠨ ᠤ ᠲᠥᠯᠥᠭᠡ ᠪᠣᠳᠣᠯᠬᠢᠯᠠᠵᠤ᠂ ᠣᠯᠠᠨ ᠲᠦᠮᠡᠨ ᠤ ᠬᠦᠴᠢᠷᠳᠡᠯ ᠢ ᠣᠶᠢᠯᠠᠭᠠᠵᠤ᠂ ᠤᠶᠢᠯᠡᠴᠢᠯᠡᠭᠡ ᠪᠠᠨ ᠰᠠᠶᠢᠵᠢᠷᠠᠭᠤᠯᠵᠤ᠂ ᠰᠠᠭᠤᠭᠠᠯᠢ ᠠᠷᠠᠳ ᠲᠤ ᠦᠨᠡᠨᠬᠦ ᠠᠰᠠᠭᠤᠳᠠᠯ ᠢ ᠰᠢᠢᠤᠡᠪᠤᠷᠢᠯᠡᠵᠤ ᠥᠭᠬᠦ ᠬᠡᠷᠡᠭᠲᠡᠶ ᠭᠡᠵᠦ ᠴᠢᠬᠤᠯᠠᠴᠢᠯᠠᠪᠠ᠃      ᠵᠠᠷᠢᠮ ᠰᠠᠭᠤᠭᠠᠯᠢ ᠠᠷᠠᠳ ᠤᠨ ᠲᠤᠰᠬᠠᠭᠰᠠᠨ ᠢᠶᠠᠷ ᠣᠪᠣᠭ ᠨᠡᠷ᠎ᠡ᠂ ᠲᠥᠷᠥᠭᠰᠡᠨ‌‍ᠰᠠᠷ᠎ᠠ ᠨᠢ ᠪᠡᠶ᠎ᠡ ᠶᠢᠨ ᠦᠨᠡᠮᠯᠡᠯ ᠲᠠᠢ ᠨᠡᠶᠢᠴᠡᠬᠦ ᠦᠭᠡᠢ ᠪᠠᠶᠢᠵᠤ᠂ ᠤᠷᠤᠭᠯᠠᠵᠤ ᠬᠥᠩᠭᠡᠵᠢᠬᠦ ᠭᠡᠷᠡᠴᠢ ᠭᠦᠢᠴᠠᠤᠡᠭᠡᠬᠦ ᠶᠢᠨ ᠠᠷᠭ᠎ᠠ ᠦᠭᠡᠢ ᠤᠴᠢᠷ ᠠᠴᠠ ᠲᠥᠷᠥ ᠶᠢᠨ ᠪᠣᠳᠣᠯᠭ᠎ᠠ ᠶᠢ ᠡᠳ᠋ᠯᠡᠵᠦ ᠪᠣᠯᠬᠤ ᠦᠭᠡᠢ᠃      ᠬᠠᠶᠢᠷᠤᠪ ᠤᠨ ᠲᠣᠬᠤᠢ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠳᠤᠷᠠᠳᠤᠨ ᠭᠠᠷᠭᠠᠭᠰᠠᠨ ᠨᠢ᠂ ᠨᠡᠶᠢᠭᠡᠮ ᠲᠣᠭᠤᠷᠢᠭ᠂ ᠬᠡᠷᠡᠭ ᠡᠷᠬᠢᠯᠡᠬᠦ ᠭᠠᠵᠠᠷ ᠨᠢ ᠰᠠᠭᠤᠭᠠᠯᠢ ᠠᠷᠠᠳ ᠤᠨ ᠬᠤᠯᠪᠣᠭᠳᠠᠯ ᠪᠦᠬᠦᠢ ᠭᠡᠷᠡᠴᠢ ᠬᠠᠩᠭᠠᠬᠤ ᠴᠢᠬᠤᠯᠠᠲᠠᠶ᠂ ᠰᠠᠭᠤᠭᠠᠯᠢ ᠠᠷᠠᠳ ᠲᠣᠰ ᠬᠥᠮᠥᠨ ᠨᠢ ᠪᠠᠶᠢᠳᠠᠯ ᠤᠨ ᠲᠣᠳᠣᠷᠬᠠᠶᠢᠯᠠᠯᠲᠠ ᠬᠢᠵᠦ᠂ ᠭᠡᠷᠡᠴᠢ ᠦᠨᠡᠮᠯᠡᠯ ᠤᠨ ᠮᠡᠳᠡᠭᠡ ᠵᠠᠩᠭᠢ ᠶᠢ ᠨᠢᠭᠡᠳᠦᠯ ᠥᠬᠡᠶ ᠪᠣᠯᠭᠠᠭᠰᠠᠨ ᠰᠢᠯᠲᠠᠭᠠᠨ ᠢ ᠲᠣᠳᠣᠷᠬᠠᠶ ᠪᠢᠴᠢᠬᠦ ᠶᠢᠨ ᠬᠠᠮᠲᠤ ᠲᠣᠰ ᠬᠥᠮᠥᠨ ᠨᠢ ᠨᠤᠲᠠᠯᠠᠨ ᠭᠠᠷ ᠤᠨ ᠦᠰᠦᠭ ᠵᠢᠷᠤᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ‌ᠡᠴᠠ᠂ ᠠᠳᠠᠯᠢᠪᠲᠤᠷ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠤᠯᠤᠰ ᠤᠨ ᠲᠥᠷᠦ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠠᠯᠢ ᠴᠢᠳᠠᠬᠤ ᠪᠠᠷ ᠪᠣᠳᠠᠲᠤ ᠪᠠᠶᠢᠳᠠᠯ ᠢ ᠬᠦᠨᠳᠦᠳᠬᠡᠵᠦ᠂ ᠠᠵᠢᠯ ᠶᠢᠨ ᠰᠡᠳᠬᠢᠴᠡ ᠪᠠᠨ ᠰᠠᠶᠢᠵᠢᠷᠠᠭᠤᠯᠤᠨ ᠰᠢᠨ᠎ᠡ ᠶᠢ ᠡᠭᠦᠳᠴᠦ᠂ ᠦᠨᠡᠨ ᠢ ᠪᠠᠷᠢᠮᠲᠠᠯᠠᠨ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠤᠡᠪᠤᠷᠢᠯᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠲᠤ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠡ ᠳᠤ ᠣᠷᠣᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠪᠣᠯᠤᠨ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠬᠦᠴᠦ ᠲᠠᠯᠪᠢᠨ ᠰᠢᠢᠤᠡᠪᠤᠷᠢᠯᠡᠵᠤ᠂ ︽ᠠᠷᠠᠳ ᠢᠷᠭᠡᠳ ᠤᠨ ᠬᠦᠴᠢᠷ ᠠᠰᠠᠭᠤᠳᠠᠯ ᠢ ᠰᠢᠢᠤᠡᠪᠤᠷᠢᠯᠡᠬᠦ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠳᠤᠷᠢᠳᠬᠤ ᠺᠠᠳ᠋ᠷ ᠪᠣᠯᠤᠨ ᠣᠯᠠᠨ ᠲᠦᠮᠡᠨ ᠠᠰᠠᠭᠤᠳᠠᠯ ᠢ ᠶᠠᠷᠢᠯᠴᠠᠨ ᠰᠢᠢᠤᠡᠪᠤᠷᠢᠯᠡᠵᠤ᠂ ᠪᠣᠳᠠᠲᠠᠶ ᠲᠠᠢ ᠤᠶᠠᠯᠳᠤᠭᠤᠯᠤᠨ᠂ ᠪᠣᠳᠠᠲᠠᠶ ᠲᠥᠰᠦᠯ ᠲᠣᠭᠲᠠᠭᠠᠵᠤ᠂ ︽ᠡᠪᠡᠳᠴᠢᠨ ᠵᠠᠰᠠᠬᠤ︾ ᠮᠥᠷᠲᠡᠭᠡᠨ ︽ᠡᠪᠡᠳᠴᠢᠨ ᠢ ᠰᠡᠷᠭᠡᠶᠢᠯᠡᠬᠦ︾ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠯᠳᠦᠭᠦᠯᠪᠡ᠃ ᠡᠭᠦᠨ ᠤ ᠳᠤ ᠬᠠᠮᠲᠤ ︽ᠡᠭᠦᠳᠡ ᠪᠠᠨ ᠨᠡᠭᠡᠭᠡᠵᠦ ᠢᠳᠬᠠᠯ ᠰᠠᠨᠠᠭᠤᠯᠭ᠎ᠠ ᠶᠢ ᠬᠦᠯᠢᠶᠡᠨ ᠠᠪᠬᠤ︾ ᠪᠠᠷ᠎ᠠ ᠰᠠᠨᠠᠯ ᠬᠤᠷᠢᠶᠠᠵᠤ ᠬᠠᠷᠢᠭᠤ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ ᠲᠠᠢ ᠤᠶᠠᠯᠳᠤᠭᠤᠯᠵᠤ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠪᠠᠷ ᠬᠠᠷᠠᠯᠲᠠ ᠪᠣᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠠᠷᠠᠯᠲᠠ ᠪᠠᠨ ᠪᠡᠶᠡᠯᠡᠭᠦᠯᠬᠦ ᠶᠢ ᠠᠬᠢᠭᠤᠯᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠶ
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号