ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠨᠢ ᠨᠠᠮ ᠤᠨ ᠪᠠᠶᠢᠭᠤᠯᠤᠯᠲᠠ ᠶᠢᠨ ᠬᠥᠳᠡᠯᠦᠨ | ᠳᠠᠭᠠᠭᠤᠯᠬᠤ ᠲᠣᠰᠬᠤᠨ ᠤ ᠱᠠᠲᠤᠨ ᠤ ᠠᠵᠤ ᠠᠬᠤᠢ ᠶᠢᠨ ᠬᠥᠭᠵᠢᠯᠲᠡ ᠳᠠᠬᠢ ᠰᠠᠶᠢᠨ ᠠᠷᠭ᠎ᠠ᠂ ᠪᠣᠳᠠᠲᠠᠶ ᠠᠷᠭ᠎ᠠ | ᠬᠡᠮᠵᠢᠶ᠎ᠡ ᠶᠢ ᠭᠦᠢᠴᠠᠤᠡ ᠪᠠᠳᠠᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠠᠵᠠᠷ ᠰᠢᠷᠣᠶ ᠶᠢ | ᠡᠷᠭᠢᠯᠲᠡ ᠳᠤ ᠣᠷᠣᠭᠤᠯᠬᠤ᠂ ᠴᠢᠳᠠᠪᠤᠷᠢᠲᠠᠨ ᠳᠠᠭᠠᠭᠤᠯᠬᠤ᠂ ᠬᠤᠪᠢ ᠣᠷᠣᠭᠤᠯᠬᠤ ᠵᠡᠷᠭᠡ ᠬᠡᠯᠪᠡᠷᠢ ᠪᠠᠷ ᠲᠣᠰᠬᠤᠨ ᠤ | ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠲᠣᠰᠬᠤᠨ ᠤ ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠤᠨ ᠬᠦᠷᠲᠡᠮᠵᠢ ᠶᠢᠨ ᠲᠥᠷᠥᠭᠳᠡᠯ ᠪᠣᠯᠤᠨ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ︽ᠤᠭ ᠰᠠᠨᠠᠭ᠎ᠠ ᠪᠠᠨᠦᠯᠦ ᠮᠠᠷᠲᠠᠵᠤ᠂ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ | ᠵᠣᠷᠢᠯᠲᠠ ᠢᠲᠡᠭᠡᠯ ᠵᠣᠷᠢᠭ ᠢ ᠤᠶᠢᠯᠡᠳᠤᠯᠭᠡᠵᠢᠭᠦᠯᠪᠡ᠃ | ︽ᠰᠢᠶᠠᠩ ᠯᠢ ᠯᠢᠨ ᠵᠢᠤᠢ︾ ᠶᠢᠨ ᠲᠥᠷᠥᠯ ᠵᠤᠶᠢᠯ ᠪᠣᠯ ᠪᠠᠶᠠᠨᠤᠰᠤ ᠲᠣᠰᠬᠤᠨ ᠤ ᠨᠠᠮ ᠤᠨ ᠡᠭᠦᠷ ᠪᠣᠯᠤᠨ | ᠦᠬᠠᠶ ᠬᠤᠲᠠ ᠶᠢᠨ ᠶᠤᠸᠠᠨ ᠲᠠᠢ ᠲᠡᠵᠢᠭᠡᠨ ᠦᠷᠡᠵᠢᠭᠦᠯᠬᠦ ᠬᠢᠵᠠᠭᠠᠷᠲᠤ ᠺᠣᠮᠫᠠᠨᠢ ᠶᠢᠨ ᠬᠠᠮᠲᠤᠷᠠᠨ ᠬᠡᠷᠡᠭᠵᠢᠭᠦᠯᠦᠭᠰᠡᠨ | ᠨᠢᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠤᠶᠢᠯ ᠪᠣᠯᠤᠨ᠎ᠠ᠂ ᠡᠨᠡ ᠬᠤᠶᠠᠷ ᠡᠳᠦᠷ᠂ ᠪᠠᠶᠠᠵᠢᠯ ᠤᠨ | ᠳᠠᠭᠠᠭᠤᠯᠤᠭᠴᠢ ᠹᠠᠩ ᠵᠢᠶᠠᠨ ᠵᠢᠶᠦ᠋ᠨ᠂ ᠳ᠋ᠤᠸᠠᠨ ᠱᠧᠩ ᠰᠢᠶᠦ᠋ᠩ ᠪᠠᠰᠠ 60 ᠭᠠᠷᠤᠶ ᠲᠦᠮᠡᠨ ᠲᠥᠭᠦᠷᠢᠭ ᠤᠨ ᠪᠡᠯᠡ | ᠣᠷᠣᠭᠤᠯᠵᠤ᠂ ᠲᠠᠷᠢᠶᠠᠴᠢᠨ ᠠᠶᠢᠯ ᠤᠨ ᠤᠷᠲᠤ ᠬᠤᠩᠭᠢᠯ ᠪᠣᠯᠤᠨ 5 ᠮᠣᠩᠭᠤᠯ ᠭᠡᠷ ᠢ ᠪᠦᠲᠦᠭᠡᠨ ᠪᠠᠶᠢᠭᠤᠯᠵᠤ | ᠲᠠᠷᠢᠶᠠᠴᠢᠨ ᠠᠶᠢᠯ ᠤᠨ ᠵᠤᠭᠠᠴᠠᠯ ᠬᠢᠵᠡᠶ᠃ ᠲᠥᠷᠥᠯ ᠵᠤᠶᠢᠯ ᠤᠨ ᠡᠮᠦᠨᠡᠬᠢ ᠬᠤᠭᠤᠴᠠᠭᠠᠨ ᠳᠤ 240 ᠭᠠᠷᠤᠶ | ᠲᠦᠮᠡᠨ ᠲᠥᠭᠦᠷᠢᠭ ᠤᠨ ᠪᠡᠯᠡ ᠣᠷᠣᠭᠤᠯᠵᠤ᠂ ᠣᠢ ᠶᠢᠨ ᠬᠤᠷᠮᠣᠶ ᠶᠢᠨ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠠᠶᠢᠭᠤᠯᠵᠤ᠂ ᠨᠤᠲᠤᠭ ᠤᠨ ᠳᠠᠬᠢᠶ᠎ᠠ᠂ ᠬᠤᠸᠠ ᠪᠤᠭᠤ᠂ ᠲᠡᠮᠡᠭᠡᠨ ᠬᠢᠷᠭᠤᠤᠯ᠂ ᠵᠢᠵᠢᠭ ᠣᠳᠣᠶ ᠮᠣᠷᠢ | ᠵᠡᠷᠭᠡ ᠲᠣᠰ ᠭᠠᠵᠠᠷ ᠤᠨ ᠲᠡᠵᠢᠭᠡᠨ ᠦᠷᠡᠵᠢᠭᠦᠯᠬᠦ ᠨᠥᠬᠦᠴᠡᠯ ᠳᠤ ᠲᠣᠬᠢᠷᠠᠬᠤ ᠲᠥᠷᠥᠯ ᠵᠤᠶᠢᠯ ᠢᠶᠠᠷ ᠵᠢᠱᠢᠶ᠎ᠡ | ᠦᠵᠡᠭᠦᠯᠪᠡ᠂ ᠤᠶᠢᠷ᠎ᠠ ᠶᠢᠨ ᠬᠠᠭᠠᠰ ᠵᠢᠯ ᠤᠨ ᠡᠵᠡᠩᠨᠡᠯᠲᠡ ᠪᠠᠷ ᠳᠠᠮᠵᠢᠨ᠂ ᠬᠡᠳᠦ᠋ᠢᠪᠡᠷ ᠤᠶᠢᠯᠡᠤᠡᠭᠦᠨᠵᠤᠶᠢᠯ | ᠪᠣᠷᠣᠯᠠᠭᠤᠯᠭ᠎ᠠ ᠬᠥᠭᠵᠢᠶᠡᠨᠲᠡᠶ᠂ ᠬᠥᠮᠦᠰ ᠤᠨ ᠬᠦᠷᠢᠶᠡᠯᠡᠯ ᠢ ᠶᠠᠪᠤᠬᠤ ᠳᠣᠳᠥᠮ ᠣᠯᠵᠤ ᠮᠡᠳᠡᠭᠰᠡᠨ ᠪᠣᠯᠪᠠᠴᠤ | ᠣᠷᠣᠯᠭ᠎ᠠ ᠨᠢ ᠮᠥᠨ ᠯᠡ ᠨᠡᠯᠢᠶᠡᠳ ᠳᠠᠩ ᠴᠤᠯᠭᠤᠶ ᠪᠠᠶᠢᠨ᠎ᠠ᠂ ᠵᠤᠭᠠᠴᠠᠭᠰᠠᠳ ᠢ ᠬᠡᠷᠬᠢᠨ ᠠᠳᠡ ᠲᠣᠭᠯᠠᠬᠤ᠂ ᠠᠳᠡ | ᠢᠳᠡᠬᠦ᠂ ᠠᠳᠡ ᠪᠠᠶᠠᠷᠯᠠᠬᠤ᠂ ᠠᠳᠡ ᠬᠡᠷᠡᠭᠯᠡᠬᠦ ᠵᠡᠷᠭᠡ ᠨᠢ ᠲᠡᠳᠡᠨ ᠤ ᠪᠠᠶᠠᠵᠢᠯ ᠤᠨ ᠳᠠᠭᠠᠭᠤᠯᠤᠭᠴᠢ ᠶᠢᠨ ᠦᠷᠭᠦᠯᠵᠢ | ᠪᠣᠳᠣᠯᠬᠢᠯᠠᠳᠠᠭ ᠠᠰᠠᠭᠤᠳᠠᠯ ᠪᠣᠯᠤᠨ᠎ᠠ᠃ | ᠰᠢᠶᠠᠩ ᠯᠢ ᠯᠢᠨ ᠵᠢᠤᠢ ᠲᠥᠷᠥᠯ ᠵᠤᠶᠢᠯ ᠤᠨ ᠬᠠᠷᠢᠭᠤᠴᠠᠯᠭᠠᠲᠠᠨ ᠹᠠᠩ ᠵᠢᠶᠠᠨ ᠵᠢᠶᠦ᠋ᠨ | ᠲᠠᠨᠢᠯᠴᠠᠭᠤᠯᠬᠤ ᠳᠠᠭᠠᠨ᠂ ᠡᠨᠡ ᠵᠢᠯ ᠤᠨ 6 ᠰᠠᠷ᠎ᠠ ᠠᠴᠠ ᠣᠳᠣ ᠪᠣᠯᠲᠠᠯ᠎ᠠ᠂ ᠥᠨᠳᠡᠭᠡ᠂ ᠭᠠᠯᠠᠭᠤ ᠶᠢᠨ ᠣᠷᠣᠯᠭ᠎ᠠ 20 | ᠭᠠᠷᠤᠶ ᠲᠦᠮᠡ ᠰᠢᠬᠠᠮ ᠪᠣᠯᠵᠠᠶ᠃ 9 ᠰᠠᠷ᠎ᠠ ᠠᠴᠠ ᠡᠬᠢᠯᠡᠨ ᠬᠥᠳᠡᠭᠡ ᠠᠶᠢᠯ ᠤᠨ ᠵᠤᠭᠠᠴᠠᠯ ᠪᠠᠶᠢᠭᠤᠯᠵᠤ᠂ | ᠵᠢᠱᠢᠯᠲᠡ ᠪᠠᠷ 10 ᠰᠠᠷ᠎ᠠ ᠶᠢᠨ ᠰᠡᠭᠦᠯᠴᠢ ᠠᠴᠠ ᠡᠬᠢᠯᠡᠨ ᠬᠡᠪ ᠤᠨ ᠡᠵᠡᠩᠨᠡᠯᠲᠡ ᠬᠢᠨ᠎ᠡ᠃ ᠲᠣᠭᠤᠷᠢᠨ ᠦᠵᠡᠬᠦ᠂ | ᠢᠳᠡᠬᠦ᠂ ᠨᠠᠭᠠᠳᠬᠤ᠂ ᠲᠡᠭᠦᠬᠦ ᠪᠠᠷ ᠳᠠᠮᠵᠢᠭᠤᠯᠤᠨ ᠠᠵᠤ ᠠᠬᠤᠢ ᠶᠢᠨ ᠣᠷᠣᠯᠭ᠎ᠠ ᠶᠢ ᠤᠯᠠᠮ ᠨᠢᠭᠡᠠᠯᠬᠤᠮ | ᠨᠡᠮᠡᠭᠳᠡᠭᠦᠯᠵᠦ ᠴᠢᠳᠠᠨ᠎ᠠ᠃ | ᠪᠠᠶᠠᠨᠤᠰᠤ ᠲᠣᠰᠬᠤᠨ ᠤ ᠨᠠᠮ ᠤᠨ ᠡᠭᠦᠷ ᠤᠨ ᠳᠡᠳ᠋ ᠱᠦᠵᠢ ᠵᠦ ᡁᠢ ᠴᠧᠩ ᠤᠨ ᠲᠠᠨᠢᠯᠴᠠᠭᠤᠯᠭ᠎ᠠ ᠠᠴᠠ | ᠣᠶᠢᠯᠠᠭᠠᠭᠰᠠᠨ ᠢᠶᠠᠷ᠂ 2019 ᠣᠨ ᠳᠤ ᠪᠠᠶᠠᠨᠤᠰᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠤᠶᠢᠯ | ᠨᠡᠶᠢᠲᠡ 6 ᠪᠠᠶᠢᠵᠤ ᠵᠢᠱᠢᠯᠲᠡ ᠪᠠᠷ ᠡᠨᠡ ᠵᠢᠯ ᠤᠨ ᠣᠷᠣᠯᠭ᠎ᠠ 22.5 ᠲᠦᠮᠡᠨ ᠲᠥᠭᠦᠷᠢᠭ ᠲᠤ ᠬᠦᠷᠬᠦ ᠪᠣᠯᠤᠨ᠎ᠠ᠃ | ᠬᠠᠮᠲᠤ ᠶᠢᠨ ᠠᠵᠤ ᠠᠬᠤᠢ ᠶᠢᠨ ᠣᠷᠣᠯᠭ᠎ᠠ ᠨᠡᠮᠡᠭᠳᠡᠭᠰᠡᠨ ᠤ ᠳᠠᠷᠠᠭ᠎ᠠ᠂ ᠨᠢᠭᠡ ᠬᠡᠰᠡᠭ ᠪᠡᠯᠡ ᠮᠥᠩᠭᠦ ᠶᠢ ᠶᠠᠳᠠᠭᠤ | ᠬᠦᠴᠢᠷᠳᠡᠯᠲᠡᠶ ᠡᠷᠦᠬᠡ ᠶᠢ ᠬᠠᠪᠰᠤᠷᠤᠨ ᠲᠡᠳᠬᠦᠬᠦ ᠳᠤ ᠬᠡᠷᠡᠭᠯᠡᠵᠦ᠂ ᠨᠥᠭᠦᠭᠡ ᠬᠡᠰᠡᠭ ᠪᠡᠯᠡ ᠮᠥᠩᠭᠦ ᠶᠢ ᠭᠠᠴᠠᠭᠠᠨ ᠤ | ᠰᠠᠭᠤᠷᠢ ᠲᠥᠬᠦᠭᠡᠷᠦᠮᠵᠢ ᠳᠤ ᠬᠡᠷᠡᠭᠯᠡᠵᠦ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠤᠯᠠᠮ ᠨᠢᠭᠡ ᠠᠯᠬᠤᠮ | ᠬᠥᠭᠵᠢᠭᠦᠯᠬᠦ ᠬᠡᠷᠡᠭᠲᠡᠶ᠃ | ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠡᠯ᠎ᠡ ᠲᠣᠰᠬᠤᠨ ᠤ ᠪᠣᠳᠠᠲᠤᠪᠠᠶᠢᠳᠠᠯ ᠳᠤ | ᠰᠠᠭᠤᠷᠢᠯᠠᠵᠤ᠂ ᠤᠨᠴᠠᠯᠢᠬᠳᠤ ᠲᠠᠷᠢᠶᠠᠯᠠᠩ ᠤᠨᠠᠵᠤ ᠤᠶᠢᠯᠡᠰ ᠢ ᠬᠠᠨᠳᠤᠯᠭᠠᠲᠤ ᠴᠢᠨᠠᠷᠲᠠᠶ ᠪᠠᠷ ᠪᠤᠶᠢᠵᠢᠭᠤᠯᠤᠨ | ᠬᠥᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠶ ᠳᠤ ︽ᠬᠥᠯ ᠳᠤ ᠲᠣᠬᠢᠷᠠᠬᠤ ᠱᠠᠬᠠᠶ︾ ᠡᠮᠦᠰᠬᠡᠵᠦ᠂ ᠶᠠᠲᠠᠭᠤ | ᠬᠦᠴᠢᠷᠳᠡᠯᠲᠡᠶ ᠡᠷᠦᠬᠡ ᠪᠣᠯᠤᠨ ᠲᠣᠰᠬᠤᠨ ᠤ ᠬᠠᠮᠲᠤ ᠨᠡᠶᠢᠲᠡ ᠶᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠠᠮ ᠳᠡᠭᠡᠷ᠎ᠡ ᠶᠠᠪᠤᠬᠤ ᠳᠣᠳᠥᠮ ᠠᠮᠢᠵᠢᠷᠠᠯ ᠤᠨ ᠬᠦᠴᠦᠨ ᠲᠠᠢ ᠪᠣᠯᠭᠠᠪᠠ᠃ ᠡᠨᠡ ᠵᠢᠯ ᠬᠠᠶᠢᠷᠤᠪ ᠤᠨ | ᠲᠣᠬᠤᠢ ᠲᠣᠭᠤᠷᠢᠭ ᠤᠤᠯ ᠤᠨ17 ᠲᠣᠰᠬᠤᠨ ᠤ ᠬᠠᠮᠲᠤ ᠶᠢᠨ ᠲᠥᠷᠥᠯ ᠵᠤᠶᠢᠯ ᠢ ᠪᠠᠬᠢᠵᠢᠭᠦᠯᠦᠨ | ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠪᠠᠰᠠ ᠵᠢᠮᠢᠰ ᠲᠡᠭᠦᠬᠦ᠂ ᠲᠠᠷᠢᠶᠠᠴᠢᠨᠠᠶᠢᠯ ᠤᠨ ᠵᠤᠭᠠᠴᠠᠯ᠂ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ14 ᠲᠥᠷᠥᠯ ᠵᠤᠶᠢᠯ ᠢ ᠰᠢᠨ᠎ᠡ ᠪᠠᠷ ᠬᠡᠷᠡᠭᠵᠢᠭᠦᠯᠵᠦ᠂ ᠣᠳᠣᠬᠠᠨ ᠳᠤ | 6 ᠲᠥᠷᠥᠯ ᠵᠤᠶᠢᠯ ᠢ ᠨᠢᠭᠡᠨᠲᠡ ᠪᠦᠲᠦᠭᠡᠨ ᠪᠠᠶᠢᠭᠤᠯᠵᠤ ᠳᠠᠭᠤᠰᠬᠠᠭᠠᠳ᠂ ᠦᠯᠡᠳᠡᠭᠰᠡᠨ ᠢ ᠨᠢ ᠶᠠᠭ ᠡᠮᠬᠢ | ᠳᠢᠭᠯᠢᠮ ᠲᠠᠢ ᠠᠬᠢᠭᠤᠯᠵᠤ ᠪᠣᠶ᠂ ᠵᠢᠱᠢᠯᠲᠡ ᠪᠠᠷ ᠡᠨᠡ ᠵᠢᠯ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ | ᠪᠠᠯᠭᠠᠰᠤ 5 ᠲᠣᠰᠬᠤᠨ ᠳᠤ ᠲᠣᠰᠬᠤᠨ ᠤ ᠬᠠᠮᠲᠤ ᠵᠢᠨᠠᠵᠤ ᠠᠬᠤᠢ ᠶᠢᠨ ᠣᠷᠣᠯᠭ᠎ᠠ ᠶᠢ 110 ᠭᠠᠷᠤᠶ ᠲᠦᠮᠡᠨ | ᠲᠥᠭᠦᠷᠢᠭ ᠪᠡᠶᠡᠯᠡᠭᠦᠯᠬᠦ ᠪᠣᠯᠤᠨ᠎ᠠ᠃ |