ᠮᠠᠨ ᠤ ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠬᠢᠨ ᠠᠵᠢᠯᠲᠠᠨ ᠠᠵᠢᠯᠴᠢᠨ ᠲᠠᠢ ᠰᠡᠳᠬᠢᠯ ᠵᠢᠷᠦᠬᠡ ᠪᠠᠨ ᠬᠤᠯᠪᠤᠨ ᠲᠠᠲᠠᠨᠠᠷ ᠳᠤ ᠪᠤᠳᠠᠳᠤ ᠬᠡᠷᠡᠭ ᠢ ᠰᠢᠢᠤᠡᠪᠤᠷᠢᠯᠡᠵᠤ ᠦᠭᠪᠡ
ᠨᠡᠶᠢᠲᠡᠯᠡᠭᠰᠡᠨ ᠴᠠᠭ᠄
2019-10-23
     ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠵᠦ᠂ ︽ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠠᠰᠠᠭᠤᠳᠠᠯ ᠢ ᠪᠠᠶᠢᠴᠠᠭᠠᠨ ᠦᠵᠡᠬᠦ ᠶᠠᠪᠤᠴᠠ ᠳᠤ᠂ ᠥᠪᠡᠷ ᠢᠶᠠᠷ ᠡᠷᠢᠬᠦ᠂ ᠳᠡᠭᠡᠳᠤ ᠱᠠᠲᠤᠨ ᠤ ᠴᠡᠭ᠂ ᠣᠯᠠᠨ ᠲᠦᠮᠡᠨ ᠳᠤᠷᠠᠳᠬᠤ ᠵᠢᠴᠢ ᠰᠦᠯᠵᠢᠶᠡᠨ ᠳᠡᠭᠡᠷ᠎ᠡ ᠡᠭᠦᠳᠡ ᠪᠠᠨ ᠨᠡᠭᠡᠭᠡᠵᠦ ᠢᠳᠬᠠᠯ ᠢ ᠬᠦᠯᠢᠶᠡᠨ ᠠᠪᠬᠤ ᠵᠡᠷᠭᠡ ᠣᠯᠠᠨ ᠵᠤᠶᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃      ᠠᠵᠢᠯᠲᠠᠨ ᠠᠵᠢᠯᠴᠢᠨ ᠤ ᠲᠤᠰᠬᠠᠭᠰᠠᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠥᠪᠡᠷ ᠢᠶᠠᠷ ᠲᠥᠯᠥᠬᠦ ᠬᠡᠰᠡᠭ ᠵᠠᠷᠤᠳᠠᠯ ᠨᠡᠯᠢᠶᠡᠳ ᠥᠨᠳᠥᠷ ᠪᠠᠶᠢᠬᠤ ᠠᠰᠠᠭᠤᠳᠠᠯ ᠳᠤ ᠴᠢᠭᠯᠡᠭᠦᠯᠦᠨ᠂ ᠤᠶᠢᠷ᠎ᠠ ᠳᠤ ᠬᠠᠶᠢᠷᠤᠪ ᠤᠨ ᠲᠣᠬᠤᠢ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠳᠡᠭᠡᠳᠤ ᠱᠠᠲᠤ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ︽ᠭᠤᠷᠪᠠᠨ ᠴᠢᠬᠤᠯᠠ ᠨᠢᠭᠡ ᠶᠡᠭᠡ︾ ᠬᠤᠷᠠᠯ ᠬᠤᠷᠠᠯᠳᠤᠭᠤᠯᠵᠤ᠂ ᠬᠠᠷᠢᠯᠴᠠᠨ ᠬᠠᠪᠰᠤᠷᠤᠯᠴᠠᠬᠤ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 10 ᠲᠥᠭᠦᠷᠢᠭ ᠤᠨ ᠨᠥᠬᠦᠪᠥᠷᠢ ᠥᠭᠬᠦ ᠪᠠᠷ ᠰᠤᠳᠤᠯᠤᠨ ᠲᠣᠭᠲᠠᠵᠠᠶ᠃      ᠣᠳᠣᠬᠠᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠪᠥᠬᠦ ᠲᠤᠭᠤᠷᠢᠭ ᠎ ᠤᠨ151ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 23 ᠠᠵᠢᠯᠲᠠᠨ ᠠᠵᠢᠯᠴᠢᠨ ᠳᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠯᠠ ᠮᠥᠩᠭᠦ 230 ᠲᠥᠭᠦᠷᠢᠭ ᠨᠥᠬᠦᠪᠥᠷᠢᠯᠡᠵᠦ᠂ ᠠᠵᠢᠯᠲᠠᠨ ᠠᠵᠢᠯᠴᠢᠨ ᠤ ᠳᠠᠷᠤᠭᠠᠰᠤ ᠶᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠵᠦ᠂ ᠠᠵᠢᠯᠲᠠᠨ ᠠᠵᠢᠯᠴᠢᠨ ᠤ ᠬᠦᠨᠳᠦ ᠶᠡᠭᠡ ᠡᠪᠡᠳᠴᠢᠨ ᠡᠮᠭᠡᠭ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠳᠤ ᠢᠳᠡᠪᠬᠢᠲᠡᠢ ᠤᠶᠢᠯᠡᠳᠤᠯ ᠦᠵᠡᠭᠦᠯᠵᠡᠶ᠃
 
ᠢᠷᠡᠯᠲᠡ᠄ ᠦᠬᠠᠢ ᠬᠤᠲᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号