ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠪᠦᠬᠦ ᠠᠵᠢᠯᠲᠠᠨ ᠤ ᠬᠠᠷᠢᠯᠴᠠᠨ ᠰᠤᠷᠤᠯᠴᠠᠬᠤ︾ ᠪᠣᠯᠪᠠᠰᠤᠷᠠᠯ ᠤᠨ ᠬᠢᠴᠢᠶᠡᠯ ᠡᠷᠬᠢᠯᠡᠪᠡ
ᠨᠡᠶᠢᠲᠡᠯᠡᠭᠰᠡᠨ ᠴᠠᠭ᠄
2019-10-23
     ᠤᠶᠢᠷ᠎ᠠ ᠳᠤ᠂ ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠥᠷᠪᠡᠳᠦᠭᠡᠷ ᠠᠰᠠᠷ ᠤᠨ ᠬᠤᠷᠠᠯ ᠤᠨ ᠭᠡᠷ ᠲᠤ ᠪᠦᠬᠦ ᠲᠤᠭᠤᠷᠢᠭ ᠤᠨ 100 ᠭᠠᠷᠤᠶ ᠠᠷᠠᠳ ᠤᠨ ᠶᠠᠪᠤᠳᠠᠯ᠂ ᠡᠳ᠋ ᠤᠨ ᠵᠠᠰᠠᠭ ᠪᠣᠯᠤᠨ ᠪᠠᠯᠭᠠᠰᠤ᠂ ᠵᠡᠭᠡᠯᠢ ᠭᠤᠳᠤᠮᠵᠢ ᠵᠢᠴᠢ ᠲᠣᠰᠬᠤᠨ᠂ ᠨᠡᠶᠢᠭᠡᠮ ᠲᠣᠭᠤᠷᠢᠭ ᠲᠤ ︽ᠭᠤᠷᠪᠠᠨ ᠶᠠᠪᠤᠳᠠᠯ︾᠎ ᠤᠨ ᠠᠵᠢᠯ ᠬᠢᠵᠦ ᠪᠠᠶᠢᠭ᠎ᠠ ᠺᠠᠳ᠋ᠷ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠰᠡᠨ ︽ᠪᠦᠬᠦ ᠠᠵᠢᠯᠲᠠᠨ ᠤ ᠬᠠᠷᠢᠯᠴᠠᠨ ᠰᠤᠷᠤᠯᠴᠠᠬᠤ︾ ᠪᠣᠯᠪᠠᠰᠤᠷᠠᠯ ᠤᠨ ᠬᠢᠴᠢᠶᠡᠯ ᠢ ᠨᠠᠷᠢᠨ ᠬᠢᠨᠠᠮᠠᠭᠠᠶ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠴᠢ ᠹᠠᠨ ᠤ ᠪᠦᠬᠦ ᠣᠷᠣᠨ ᠤ ᠦᠨᠳᠦᠰᠦᠨ ᠱᠠᠲᠤᠨ ᠤ ᠤᠯᠤᠰ ᠲᠥᠷᠦ ᠶᠢᠨ ᠠᠮᠢ ᠠᠬᠤᠶ ᠶᠢ ᠴᠡᠪᠡᠷᠰᠢᠭᠦᠯᠬᠦ ᠲᠤᠬᠠᠶ ᠶᠢᠨ ᠲᠠᠯᠠᠪᠠᠢ ᠶᠢᠨ ᠦᠵᠡᠭᠦᠯᠦᠯᠭᠡ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠠᠶ᠃      ︽ᠪᠥᠬᠦ ᠠᠵᠢᠯᠲᠠᠨ ᠤ ᠬᠠᠷᠢᠯᠴᠠᠨ ᠰᠤᠷᠤᠯᠴᠠᠬᠤ︾ ᠪᠣᠯᠪᠠᠰᠤᠷᠠᠭᠤᠯᠤᠯ ᠤᠨ ᠬᠢᠴᠢᠶᠡᠯ ᠪᠣᠯ ᠬᠠᠶᠢᠷᠤᠪ ᠤᠨ ᠲᠤᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ᠭᠤᠷᠪᠠ ᠶᠢ ᠲᠣᠭᠲᠠᠭᠠᠵᠤ ᠨᠢᠭᠡ ᠶᠢ ᠨᠠᠶᠢᠳᠠᠪᠤᠷᠢᠵᠢᠭᠤᠯᠬᠤ︾᠎ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ ᠡᠯ᠎ᠡ ᠰᠠᠯᠠᠭ᠎ᠠ‌ᠮᠥ᠋ᠴᠢᠷ᠂ ᠪᠠᠯᠭᠠᠰᠤ᠂ ᠵᠡᠭᠡᠯᠢ ᠭᠤᠳᠤᠮᠵᠢ᠂ ᠲᠣᠰᠬᠤᠨ᠂ ᠨᠡᠶᠢᠭᠡᠮ ᠲᠣᠭᠤᠷᠢᠭ ᠤᠨ ᠡᠩᠨᠡᠭᠡ ᠶᠢᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠶᠢᠨ ᠲᠥᠯᠥᠭᠡ ᠡᠷᠬᠢᠯᠡᠭᠰᠡᠨ ᠪᠣᠯᠪᠠᠰᠤᠷᠠᠭᠤᠯᠤᠯ ᠤᠨ ᠬᠢᠴᠢᠶᠡᠯ ᠪᠣᠯᠤᠨ᠎ᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠤᠯᠭ᠎ᠠ ᠪᠣᠯᠤᠨ ᠬᠤᠷᠠᠯ ᠳᠤ ᠣᠷᠣᠯᠴᠠᠬᠤ ᠰᠠᠯᠠᠭ᠎ᠠ ᠮᠥᠴᠢᠷ᠂ ᠨᠢᠭᠡᠴᠡ ᠶᠢᠨ ᠲᠤᠬᠠᠶᠢᠯᠠᠭᠰᠠᠨ ᠠᠵᠢᠯ ᠶᠢᠨ ᠭᠤᠤᠯᠯᠠᠭᠴᠢ ᠬᠦᠴᠦᠨ ᠢ ᠤᠷᠢᠵᠤ ᠬᠢᠴᠢᠶᠡᠯ ᠣᠷᠣᠭᠤᠯᠵᠤ᠂ ︽ᠦᠨᠳᠦᠰᠦᠨ‌‍ᠱᠠᠲᠤᠨ ᠤ ᠠᠷᠠᠳᠴᠢᠯᠠᠭᠰᠠᠨ ᠬᠠᠮᠢᠶᠠᠷᠤᠯᠲᠠ ᠶᠢ ᠴᠢᠩᠭᠠᠳᠬᠠᠬᠤ᠂ ᠲᠣᠰᠬᠤᠨ ︵ᠨᠡᠶᠢᠭᠡᠮ ᠲᠣᠭᠤᠷᠢᠭ︶᠎ ᠤ ︿ᠭᠤᠷᠪᠠᠨ ᠶᠠᠪᠤᠳᠠᠯ﹀᠎ ᠢ ᠢᠯᠠ ᠪᠣᠯᠭᠠᠬᠤ ᠠᠵᠢᠯ︾᠎ ᠢ ᠭᠤᠤᠯᠴᠢᠯᠠᠨ ᠶᠠᠪᠤᠭᠳᠠᠭᠤᠯᠤᠨ᠎ᠠ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠᠰᠠ‌ᠤᠯᠠᠨ ᠢ ᠵᠣᠬᠢᠶᠠᠨ ᠪᠠᠶᠢᠭᠤᠯᠵᠤ ︽ᠭᠤᠷᠪᠠᠨ ᠶᠠᠪᠤᠳᠠᠯ︾᠎ ᠢ ᠢᠯᠠ ᠪᠣᠯᠭᠠᠬᠤ ᠶᠢᠨ ᠴᠢᠬᠤᠯᠠ ᠴᠢᠨᠠᠷ ᠢᠶᠠᠷ ᠠᠭᠤᠯᠭ᠎ᠠ ᠪᠣᠯᠭᠠᠨ ᠰᠤᠷᠤᠯᠴᠠᠵᠤ᠂ ᠰᠤᠷᠤᠭᠰᠠᠨ ᠢᠶᠠᠨ ᠬᠡᠷᠡᠭᠯᠡᠬᠦ ᠶᠢ ᠪᠠᠲᠤᠯᠠᠪᠠ᠃      ᠤᠶᠢᠷ᠎ᠠ ᠶᠢᠨ ᠡᠳᠦᠷ ᠤᠳ ᠲᠤ᠂ ᠬᠠᠶᠢᠷᠤᠪ ᠤᠨ ᠲᠣᠬᠤᠢ ᠲᠣᠭᠤᠷᠢᠭ ᠪᠦᠬᠦ ᠲᠤᠭᠤᠷᠢᠭ ᠳᠤ ︽ᠭᠤᠷᠪᠠ ᠶᠢ ᠲᠣᠭᠲᠠᠭᠠᠵᠤ ᠨᠢᠭᠡ ᠶᠢ ᠨᠠᠶᠢᠳᠠᠪᠤᠷᠢᠵᠢᠭᠤᠯᠬᠤ︾ ᠠᠵᠢᠯ ᠢ ᠴᠢᠨᠠᠭᠰᠢᠳᠠ ᠠᠬᠢᠭᠤᠯᠪᠠ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠤᠬᠠᠮᠰᠠᠷ ᠠᠴᠠ ᠪᠠᠨ ᠪᠠᠷᠢᠮᠵᠢᠶ᠎ᠠ ᠲᠠᠢ ᠬᠠᠷᠭᠤᠭᠤᠯᠵᠤ᠂ ᠢᠯᠡ ᠪᠣᠯᠭᠠᠬᠤ ᠠᠭᠤᠯᠭ᠎ᠠ᠂ ᠠᠷᠭ᠎ᠠ ᠬᠡᠯᠪᠡᠷᠢ᠂ ᠴᠤᠪᠤᠷᠠᠯ ᠢ ᠵᠢᠷᠤᠮᠵᠢᠭᠤᠯᠬᠤ ᠶᠢᠨ ᠬᠠᠮᠲᠤ 1 — 2 ᠭᠢᠯᠠᠰ ᠴᠡᠭ ᠤᠨ ᠲᠣᠰᠬᠤᠨ ︵ᠨᠡᠶᠢᠭᠡᠮ ᠲᠣᠭᠤᠷᠢᠭ︶᠎ ᠢ ᠲᠣᠭᠲᠠᠭᠠᠪᠠ︔ ᠡᠯ᠎ᠡ ᠪᠠᠯᠭᠠᠰᠤ᠂ ᠵᠡᠭᠡᠯᠢ ᠭᠤᠳᠤᠮᠵᠢ ᠵᠢᠴᠢ ᠲᠣᠰᠬᠤᠨ᠂ ᠨᠡᠶᠢᠭᠡᠮ ᠲᠣᠭᠤᠷᠢᠭ ᠤᠨ ︽ᠭᠤᠷᠪᠠᠨ ᠶᠠᠪᠤᠳᠠᠯ︾᠎ ᠢ ᠢᠯᠡ ᠪᠣᠯᠭᠠᠬᠤ ᠠᠵᠢᠯ ᠢ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠠ ᠠᠵᠢᠯᠲᠠᠨ ᠢ ᠲᠣᠳᠣᠷᠬᠠᠶᠢᠯᠠᠨ᠂ ᠱᠠᠲᠤ ᠬᠤᠪᠢᠶᠠᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ︔ ᠪᠠᠯᠭᠠᠰᠤ᠂ ᠵᠡᠭᠡᠯᠢ ᠭᠤᠳᠤᠮᠵᠢ ᠶᠢᠨ ᠰᠠᠬᠢᠯᠭ᠎ᠠ ᠪᠠᠲᠤ ᠪᠠᠶᠢᠴᠠᠭᠠᠬᠤ ᠠᠵᠢᠯ ᠶᠢᠨ ᠬᠤᠷᠢᠶ᠎ᠠ ᠶᠢᠨ ᠱᠦᠵᠢ ᠨᠠᠮ ᠤᠨ ᠠᠵᠢᠯ ᠶᠢᠨ ᠵᠥᠪᠯᠡᠯ ᠢ ᠬᠠᠮᠵᠢᠨ ︽ᠭᠤᠷᠪᠠᠨ ᠶᠠᠪᠤᠳᠠᠯ︾᠎ ᠢ ᠢᠯᠠ ᠪᠣᠯᠭᠠᠬᠤ ᠠᠵᠢᠯ ᠢ ᠰᠠᠶᠢᠲᠤᠷ ᠥᠷᠨᠢᠭᠦᠯᠵᠦ᠂ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠬᠠᠷᠢᠶ᠎ᠠ ᠣᠷᠣᠨ ᠤ ᠳᠣᠲᠣᠷᠠᠬᠢ ᠲᠣᠰᠬᠤᠨ᠂ ᠨᠡᠶᠢᠭᠡᠮ ᠲᠣᠭᠤᠷᠢᠭ ᠤᠨ ︽ᠭᠤᠷᠪᠠᠨ ᠶᠠᠪᠤᠳᠠᠯ︾᠎ ᠢ ᠢᠯᠠ ᠪᠣᠯᠭᠠᠭᠰᠠᠨ ᠪᠠᠶᠢᠳᠠᠯ ᠳᠤ ᠪᠦᠬᠦᠨ ᠢ ᠪᠦᠷᠬᠦᠭᠦᠯᠬᠦ ᠬᠡᠯᠪᠡᠷᠢ ᠶᠢᠨ ᠬᠢᠨᠠᠯᠲᠠ ᠪᠠᠶᠢᠴᠠᠭᠠᠯᠲᠠ ᠬᠢᠬᠦ ᠶᠢᠨ ᠬᠠᠮᠲᠤ ᠡᠴᠦᠰ ᠤᠨ ᠨᠡᠷᠡᠰ ᠤᠨ ᠵᠢᠭᠰᠠᠭᠠᠯᠲᠠ ᠬᠢᠵᠦ᠂ ᠡᠯ᠎ᠡ ᠲᠣᠰᠬᠤᠨ᠂ ᠨᠡᠶᠢᠭᠡᠮ ᠲᠣᠭᠤᠷᠢᠭ ᠢ ᠱᠠᠯᠠᠪᠳᠠᠭᠤᠯᠤᠨ ᠱᠠᠭᠠᠷᠳᠠᠵᠤ ᠪᠠᠶᠢᠭᠠᠤᠡ ︽ᠬᠢᠷᠢ ᠪᠦᠲᠦᠮᠵᠢ ᠶᠢᠨ ᠬᠠᠭᠤᠳᠠᠰᠤ︾᠎ ᠶᠢᠨ ᠤᠬᠠᠮᠰᠠᠷ ᠢ ᠪᠣᠶ ᠪᠣᠯᠭᠠᠪᠠ︔ ᠢᠯᠡ ᠪᠣᠯᠭᠠᠬᠤ ᠶᠢ ᠴᠠᠭ ᠲᠤᠬᠠᠶ ᠳᠤᠨᠢ ᠪᠣᠳᠠᠲᠠᠶᠢᠵᠢᠭᠤᠯᠤᠭᠰᠠᠨ ᠦᠭᠡᠢ᠂ ᠢᠯᠡ ᠪᠣᠯᠭᠠᠭᠰᠠᠨ ᠦᠭᠡᠢ᠂ ᠬᠠᠭᠤᠷᠮᠠᠭ ᠢᠶᠠᠷ ᠢᠯᠡ ᠪᠣᠯᠭᠠᠭᠰᠠᠨ᠂ ᠢᠯᠡ ᠪᠣᠯᠭᠠᠭᠰᠠᠨ ᠦᠭᠡᠢ ᠶᠢ ᠴᠥᠮ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ︽ᠭᠤᠷᠪᠠ ᠶᠢ ᠲᠣᠭᠲᠠᠭᠠᠵᠤ ᠨᠢᠭᠡ ᠶᠢ ᠨᠠᠶᠢᠳᠠᠪᠤᠷᠢᠵᠢᠭᠤᠯᠬᠤ︾᠎ ᠶᠢᠨ ᠲᠣᠭᠤᠷᠢᠨ ᠳᠤ ᠠᠵᠢᠯ ᠤᠨ ᠠᠷᠭ᠎ᠠ ᠪᠠᠷᠢᠯ ᠢᠶᠠᠨ ᠶᠠᠷᠢᠯᠴᠠᠵᠤ᠂ ᠠᠵᠢᠯ ᠤᠨ ᠲᠤᠷᠰᠢᠯᠭ᠎ᠠ ᠪᠠᠨ ᠳ᠋ᠦᠩᠨᠡᠨ᠂ ᠠᠵᠢᠯ ᠤᠨ ᠬᠦᠴᠢᠷ ᠠᠰᠠᠭᠤᠳᠠᠯ ᠢᠶᠠᠨ ᠰᠢᠢᠤᠡᠪᠤᠷᠢᠯᠡᠨ᠎ᠡ᠃       ᠡᠯ᠎ᠡ ᠲᠣᠰᠬᠤᠨ᠂ ᠨᠡᠶᠢᠭᠡᠮ ᠲᠣᠭᠤᠷᠢᠭ ᠲᠤ ᠬᠠᠨᠳᠤᠭᠤᠯᠤᠨ ᠬᠠᠷᠢᠯᠴᠠᠨ ᠰᠤᠷᠤᠯᠴᠠᠬᠤ ᠶᠢᠨ ᠬᠠᠮᠲᠤ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠᠰᠠ ᠭᠤᠤᠯᠯᠠᠭᠴᠢ ᠵᠢᠱᠢᠶᠡᠴᠢ ᠶᠢᠨ ᠬᠥᠲᠥᠯᠥᠨ ᠵᠢᠯᠣᠭᠤᠳᠬᠤ ᠤᠶᠢᠯᠡᠳᠤᠯ ᠢ ᠪᠠᠳᠠᠷᠠᠭᠤᠯᠵᠤ᠂ ᠶᠠᠷᠢᠯᠴᠠᠭ᠎ᠠ ᠰᠤᠷᠤᠯᠴᠠᠯᠭ᠎ᠠ ᠡᠷᠬᠢᠯᠡᠵᠦ᠂ ︽ᠭᠤᠷᠪᠠᠨ ᠶᠠᠪᠤᠳᠠᠯ︾᠎ ᠢ ᠢᠯᠠ ᠪᠣᠯᠭᠠᠬᠤ ᠠᠵᠢᠯ ᠶᠢᠨ ᠲᠦᠪᠰᠢᠨ ᠢ ᠳᠡᠭᠡᠭᠰᠢᠯᠡᠭᠦᠯᠬᠦ ᠶᠢᠨ ᠬᠠᠮᠲᠤ᠂ ᠬᠥᠮᠦᠵᠢᠯ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠵᠤ᠂ ᠢᠯᠠ ᠪᠣᠯᠭᠠᠬᠤ ᠠᠭᠤᠯᠭ᠎ᠠ ᠶᠢᠨ ᠨᠠᠷᠢᠨ ᠳᠠᠩᠰᠠ ᠶᠢ ᠨᠠᠷᠢᠯᠢᠭᠵᠢᠭᠤᠯᠬᠤ ᠪᠠᠷ ᠳᠠᠮᠵᠢᠨ᠂ ᠡᠳᠦᠷ ᠲᠣᠲᠤᠮ ᠤᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠪᠠ᠃
 
ᠢᠷᠡᠯᠲᠡ᠄ ᠦᠬᠠᠢ ᠬᠤᠲᠠ ᠶᠢᠨ ᠡᠳᠤᠷ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号