︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ | ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠵᠦ᠂ ︽ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ | ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠣᠰᠣᠭᠠᠷ᠂ | ᠬᠠᠶᠢᠷᠤᠪ ᠤᠨ ᠲᠣᠬᠤᠢ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠠᠰᠠᠭᠤᠳᠠᠯ ᠢ ᠪᠠᠶᠢᠴᠠᠭᠠᠨ ᠦᠵᠡᠬᠦ | ᠶᠠᠪᠤᠴᠠ ᠳᠤ᠂ ᠥᠪᠡᠷ ᠢᠶᠠᠷ ᠡᠷᠢᠬᠦ᠂ ᠳᠡᠭᠡᠳᠤ ᠱᠠᠲᠤᠨ ᠤ ᠴᠡᠭ᠂ ᠣᠯᠠᠨ ᠲᠦᠮᠡᠨ ᠳᠤᠷᠠᠳᠬᠤ ᠵᠢᠴᠢ ᠰᠦᠯᠵᠢᠶᠡᠨ | ᠳᠡᠭᠡᠷ᠎ᠡ ᠡᠭᠦᠳᠡ ᠪᠠᠨ ᠨᠡᠭᠡᠭᠡᠵᠦ ᠢᠳᠬᠠᠯ ᠢ ᠬᠦᠯᠢᠶᠡᠨ ᠠᠪᠬᠤ ᠵᠡᠷᠭᠡ ᠣᠯᠠᠨ ᠵᠤᠶᠢᠯ ᠤᠨ ᠠᠷᠭ᠎ᠠ ᠬᠡᠯᠪᠡᠷᠢ ᠪᠠᠷ | ᠳᠠᠮᠵᠢᠭᠤᠯᠤᠨ᠂ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠪᠠ᠃ | ᠠᠵᠢᠯᠲᠠᠨ ᠠᠵᠢᠯᠴᠢᠨ ᠤ ᠲᠤᠰᠬᠠᠭᠰᠠᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ | ᠬᠠᠪᠰᠤᠷᠤᠯᠴᠠᠬᠤ ᠳᠠᠭᠠᠳᠬᠠᠯ ᠳᠤ ᠣᠷᠣᠯᠴᠠᠭᠰᠠᠨ ᠬᠤᠪᠢ ᠬᠥᠮᠦᠨ ᠤ ᠥᠪᠡᠷ ᠢᠶᠠᠷ ᠲᠥᠯᠥᠬᠦ ᠬᠡᠰᠡᠭ ᠵᠠᠷᠤᠳᠠᠯ | ᠨᠡᠯᠢᠶᠡᠳ ᠥᠨᠳᠥᠷ ᠪᠠᠶᠢᠬᠤ ᠠᠰᠠᠭᠤᠳᠠᠯ ᠳᠤ ᠴᠢᠭᠯᠡᠭᠦᠯᠦᠨ᠂ ᠤᠶᠢᠷ᠎ᠠ ᠳᠤ ᠬᠠᠶᠢᠷᠤᠪ ᠤᠨ ᠲᠣᠬᠤᠢ ᠲᠣᠭᠤᠷᠢᠭ ᠤᠨ | ᠠᠵᠢᠯᠴᠢᠨ ᠤ ᠶᠡᠷᠦᠩᠬᠡᠶ ᠡᠪᠯᠡᠯ ᠳᠡᠭᠡᠳᠤ ᠱᠠᠲᠤ ᠲᠠᠢ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ︽ᠭᠤᠷᠪᠠᠨ | ᠴᠢᠬᠤᠯᠠ ᠨᠢᠭᠡ ᠶᠡᠭᠡ︾ ᠬᠤᠷᠠᠯ ᠬᠤᠷᠠᠯᠳᠤᠭᠤᠯᠵᠤ᠂ ᠬᠠᠷᠢᠯᠴᠠᠨ ᠬᠠᠪᠰᠤᠷᠤᠯᠴᠠᠬᠤ ᠡᠮ ᠡᠮᠨᠡᠯᠭᠡ ᠶᠢᠨ ᠳᠠᠭᠠᠳᠬᠠᠯ ᠳᠤ | ᠣᠷᠣᠯᠴᠠᠭᠰᠠᠨ ᠠᠵᠢᠯᠲᠠᠨ ᠠᠵᠢᠯᠴᠢᠨ ᠨᠢᠭᠡᠪᠦᠷᠢ ᠳᠤ 10 ᠲᠥᠭᠦᠷᠢᠭ ᠤᠨ ᠨᠥᠬᠦᠪᠥᠷᠢ ᠥᠭᠬᠦ ᠪᠠᠷ ᠰᠤᠳᠤᠯᠤᠨ | ᠲᠣᠭᠲᠠᠵᠠᠶ᠃ | ᠣᠳᠣᠬᠠᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠪᠥᠬᠦ ᠲᠤᠭᠤᠷᠢᠭ | ᠤᠨ151ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ 23 ᠠᠵᠢᠯᠲᠠᠨ ᠠᠵᠢᠯᠴᠢᠨ ᠳᠤ ᠡᠮ ᠡᠮᠨᠡᠯᠭᠡ ᠶᠢᠨ | ᠬᠠᠷᠢᠯᠴᠠᠨ ᠬᠠᠪᠰᠤᠷᠤᠯᠴᠠᠬᠤ ᠪᠠᠯᠠ ᠮᠥᠩᠭᠦ 230 ᠲᠥᠭᠦᠷᠢᠭ ᠨᠥᠬᠦᠪᠥᠷᠢᠯᠡᠵᠦ᠂ ᠠᠵᠢᠯᠲᠠᠨ ᠠᠵᠢᠯᠴᠢᠨ ᠤ | ᠳᠠᠷᠤᠭᠠᠰᠤ ᠶᠢ ᠵᠣᠬᠢᠬᠤ ᠬᠡᠮᠵᠢᠶ᠎ᠡ ᠪᠠᠷ ᠬᠥᠩᠭᠡᠷᠡᠭᠦᠯᠵᠦ᠂ ᠠᠵᠢᠯᠲᠠᠨ ᠠᠵᠢᠯᠴᠢᠨ ᠤ ᠬᠦᠨᠳᠦ ᠶᠡᠭᠡ ᠡᠪᠡᠳᠴᠢᠨ | ᠡᠮᠭᠡᠭ ᠤᠨ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠨᠡᠮᠡᠭᠳᠡᠭᠦᠯᠬᠦ ᠳᠤ ᠢᠳᠡᠪᠬᠢᠲᠡᠢ ᠤᠶᠢᠯᠡᠳᠤᠯ | ᠦᠵᠡᠭᠦᠯᠵᠡᠶ᠃ |