ᠮᠠᠨ ᠤ ᠲᠣᠭᠤᠷᠢᠭ ᠤᠨ ᠾᠧ ᠫᠢᠩ ᠵᠡᠭᠡᠯᠢ ᠶᠢᠨ ᠰᠤᠷᠭᠠᠭᠤᠯᠢ ᠰᠡᠤᠡᠬᠢᠴᠠ ᠶᠢᠨ ᠡᠷᠡᠭᠦᠯ ᠬᠠᠮᠠᠭᠠᠯᠠᠯ ᠤᠨ ᠰᠤᠷᠭᠠᠨ ᠬᠥᠮᠦᠵᠢᠯ ᠤᠨ ᠲᠤᠰᠬᠠᠶ ᠰᠡᠳᠦᠪᠲᠦ ᠲᠠᠶᠢᠯᠤᠮᠵᠢ ᠥᠷᠨᠢᠭᠦᠯᠪᠡ
ᠨᠡᠶᠢᠲᠡᠯᠡᠭᠰᠡᠨ ᠴᠠᠭ᠄
2019-10-24
     ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠤᠯᠠᠮ ᠴᠢᠨᠠᠭᠰᠢᠳᠠ ᠠᠬᠢᠭᠤᠯᠬᠤ ᠶᠢᠨ ᠲᠥᠯᠥᠭᠡ᠂ 2019 ᠤᠨ ᠤ 10 ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠾᠧ ᠫᠢᠩ ᠵᠡᠭᠡᠯᠢ ᠶᠢᠨ ᠰᠤᠷᠭᠠᠭᠤᠯᠢ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ᠂ ᠬᠠᠢᠪᠧᠢ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠲᠠᠢ ᠬᠠᠮᠲᠤᠷᠠᠨ ᠨᠢᠭᠡ ᠤᠳᠠᠭ᠎ᠠ ᠶᠢᠨ ᠰᠡᠤᠡᠬᠢᠴᠠ ᠶᠢᠨ ᠡᠷᠡᠭᠦᠯ ᠬᠠᠮᠠᠭᠠᠯᠠᠯ ᠤᠨ ᠰᠤᠷᠭᠠᠨ ᠬᠥᠮᠦᠵᠢᠯ ᠤᠨ ᠲᠠᠶᠢᠯᠤᠮᠵᠢ ᠥᠷᠨᠢᠭᠦᠯᠪᠡ᠃ ᠲᠣᠰ ᠤᠳᠠᠭᠠᠨ ᠤ ᠲᠠᠶᠢᠯᠤᠮᠵᠢ ᠳᠤ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠸᠠᠩ ᠭᠤᠸᠠᠨ ᠬᠤᠸᠠ ᠪᠠᠭᠰᠢ ᠮᠠᠨ ᠤ ᠰᠤᠷᠭᠠᠭᠤᠯᠢ ᠶᠢᠨ ᠣᠯᠠᠨ ᠴᠢᠳᠠᠮᠵᠢᠲᠤ ᠲᠢᠩᠬᠢᠮ ᠳᠤ ᠲᠠᠪᠤᠳᠤᠭᠠᠷ ᠤᠨ ᠤ ᠰᠡᠤᠡᠬᠢᠴᠠ ᠶᠢᠨ ᠡᠷᠡᠭᠦᠯ ᠬᠠᠮᠠᠭᠠᠯᠠᠯ  ᠪᠥᠬᠦ ᠰᠤᠷᠤᠭᠴᠢ ᠳᠤ ︽ᠬᠤᠪᠢᠨᠴᠢᠷ ᠢ ᠲᠡᠪᠴᠢᠬᠦ︾ ᠭᠡᠬᠦ ᠰᠡᠳᠦᠪ ᠢᠶᠠᠷ ᠰᠤᠷᠭᠠᠨ ᠬᠥᠮᠦᠵᠢᠯ ᠬᠢᠵᠡᠶ᠃      ᠲᠠᠶᠢᠯᠤᠮᠵᠢ ᠶᠢᠨ ᠠᠵᠢᠯᠯᠠᠭ᠎ᠠ ᠳᠤᠮᠳᠠ᠂ ᠸᠠᠩ ᠪᠠᠭᠰᠢ ᠠᠰᠠᠭᠤᠯᠲᠠ ᠬᠠᠷᠢᠭᠤᠯᠲᠠ ᠪᠠ ᠪᠢᠴᠢᠬᠠᠨ ᠲᠣᠭᠯᠠᠭᠠᠮ ᠤᠨ ᠬᠡᠯᠪᠡᠷᠢ ᠶᠢ ᠬᠡᠷᠡᠭᠯᠡᠨ᠂ ᠶᠠᠭᠤ ᠶᠢ ᠠᠮᠢᠨᠴᠢᠷ᠂ ᠠᠮᠢᠨᠴᠢᠷ ᠰᠡᠳᠬᠢᠴᠡ ᠪᠠᠨ ᠬᠡᠷᠬᠢᠨ ᠢᠯᠠᠨ ᠳᠠᠪᠠᠭ᠋ᠤ ᠪᠠ ᠪᠡᠶ᠎ᠡ ᠰᠡᠳᠬᠢᠯ ᠤᠨ ᠡᠷᠡᠭᠦᠯ ᠴᠢᠭᠢᠷᠠᠭ ᠰᠠᠶᠢᠨ ᠬᠡᠤᠬᠡᠳ ᠪᠣᠯᠬᠤ ᠵᠡᠷᠭᠡ ᠲᠠᠯ᠎ᠠ ᠪᠠᠷ ᠨᠠᠷᠢᠨ ᠨᠢᠭᠲᠠ᠂ ᠠᠮᠢᠳᠤᠯᠢᠭ ᠰᠠᠶᠢᠬᠠᠨ ᠲᠠᠶᠢᠯᠪᠤᠷᠢᠯᠡᠵᠠᠢ᠃      ᠡᠨᠡ ᠤᠳᠠᠭᠠᠨ ᠤ ᠬᠥᠳᠡᠯᠭᠡᠭᠡᠨ ᠢᠶᠠᠷ ᠳᠠᠮᠵᠢᠨ᠂ ᠰᠤᠷᠤᠭᠴᠢᠳ ᠰᠡᠳᠬᠢᠯ ᠤᠨ ᠲᠥᠭᠡᠷᠢᠭᠳᠡᠯ ᠢᠶᠠᠨ ᠠᠯᠳᠠᠵᠤ᠂ ᠥᠪᠡᠷ ᠤᠨ ᠰᠡᠳᠬᠢᠴᠡ ᠶᠢᠨ ᠬᠡᠪ ᠴᠢᠨᠠᠷ ᠢᠶᠠᠨ ᠳᠡᠭᠡᠭᠰᠢᠯᠡᠭᠦᠯᠪᠡ᠃ ᠡᠨᠡ ᠤᠳᠠᠭ᠎ᠠ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ᠂ ᠬᠠᠢᠪᠧᠢ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠭᠡᠨ ᠤ ᠲᠥᠪ ᠲᠠᠢ ᠬᠢᠭᠰᠡᠨ ᠰᠡᠤᠡᠬᠢᠴᠠ ᠶᠢᠨ ᠡᠷᠡᠭᠦᠯ ᠬᠠᠮᠠᠭᠠᠯᠠᠯ ᠤᠨ ᠰᠤᠷᠭᠠᠨ ᠬᠥᠮᠦᠵᠢᠯ ᠤᠨ ᠲᠠᠶᠢᠯᠤᠮᠵᠢ ᠨᠢ ᠰᠤᠷᠤᠭᠴᠢᠳ ᠢ ᠬᠠᠪᠰᠤᠷᠴᠤ ᠰᠡᠳᠬᠢᠴᠡ ᠶᠢᠨ ᠲᠥᠭᠡᠷᠢᠭᠳᠡᠯ ᠠᠴᠠ ᠨᠢ ᠠᠩᠭᠢᠵᠢᠷᠠᠭᠤᠯᠵᠤ᠂ ᠤᠷᠤᠭᠰᠢᠯᠠᠯᠲᠠ ᠶᠢᠨ ᠴᠢᠭᠯᠡᠯ ᠢ ᠨᠢ ᠵᠥᠪ ᠪᠣᠯᠭᠠᠵᠤ᠂ ᠬᠠᠮᠲᠤ ᠰᠤᠷᠤᠯᠭᠠᠲᠠᠨ ᠤ ᠡᠷᠡᠭᠦᠯ ᠢᠶᠠᠷ ᠦᠰᠦᠨ ᠪᠤᠶᠢᠵᠢᠬᠤ ᠳᠤ ᠪᠠᠲᠤᠯᠠᠭ᠎ᠠ ᠥᠭᠬᠦ ᠶᠢᠨ ᠬᠠᠮᠲᠤ ᠬᠠᠮᠲᠤ ᠬᠠᠮᠲᠤ ᠰᠤᠷᠤᠯᠭᠠᠲᠠᠳ ᠤᠨ ᠥᠪᠡᠷ ᠢ ᠪᠠᠨ ᠪᠠᠭ᠋ᠠᠷᠬᠠᠨ ᠪᠠᠭᠲᠠᠭᠠᠵᠤ᠂ ᠪᠤᠰᠤᠳ ᠲᠤ ᠰᠠᠶᠢᠨ ᠬᠠᠨᠳᠤᠵᠤ᠂ ᠪᠦᠷᠢᠨ ᠲᠡᠭᠦᠯᠳᠡᠷ ᠵᠠᠩ ᠠᠷᠠᠨᠰᠢᠨ ᠢ ᠬᠥᠮᠦᠵᠢᠭᠦᠯᠬᠦ ᠳᠤ ᠠᠰᠢᠭᠲᠠᠢ ᠶᠤᠮ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号