︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠬᠠᠶᠢᠷᠤᠪ ‍ᠤᠨ‌‍ᠲ᠋ᠤᠬᠤᠢ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠮᠢᠳᠤᠯᠢᠭ ᠤᠶᠢᠯᠡᠳᠤᠯᠭᠡ ᠪᠣᠯᠭᠠᠨ ᠬᠤᠪᠢᠷᠠᠭᠤᠯᠪᠠ
ᠨᠡᠶᠢᠲᠡᠯᠡᠭᠰᠡᠨ ᠴᠠᠭ᠄
2019-10-25
     ᠶᠡᠷᠦᠩᠬᠡᠶ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠬᠠᠶ ᠪᠠᠶᠢᠷᠢᠯᠠᠭᠤᠯᠤᠯᠲᠠ ᠬᠢᠵᠦ᠂ ᠰᠢᠶᠠᠨ ᠤ ᠱᠠᠲᠤᠨ ᠠᠴᠠ ᠳᠡᠭᠡᠭᠰᠢᠬᠢ ᠤᠳᠤᠷᠢᠳᠬᠤ ᠺᠠᠲᠡᠷᠴᠤᠤᠡ ᠢᠶᠠᠷ ᠭᠤᠤᠯᠳᠠᠯᠭ᠎ᠠ ᠪᠣᠯᠭᠠᠨ᠂ ᠪᠦᠬᠦ ᠨᠠᠮ ᠤᠨ ᠳᠣᠲᠣᠷ᠎ᠠ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠪᠦᠬᠦ ᠨᠠᠮ ᠤᠨ ᠰᠢᠨ᠎ᠡ ᠴᠠᠭ ᠦᠶ᠎ᠡ ᠶᠢᠨ ᠨᠠᠮ ᠤᠨ ᠲᠡᠤᠬᠡᠲᠦ ᠡᠭᠦᠷᠭᠡ ᠶᠢ ᠨᠠᠩ ᠤᠬᠠᠮᠰᠠᠷ ᠠᠴᠠ ᠪᠠᠨ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠲᠦᠯᠬᠢᠨ ᠠᠬᠢᠭᠤᠯᠪᠠ᠃ ᠡᠨᠡ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢ ᠵᠡᠪᠰᠡᠭᠯᠡᠬᠦ ᠶᠢᠨ ᠲᠤᠯᠭᠠᠮ᠎ᠠ ᠬᠡᠷᠡᠭᠴᠡᠭᠡ ᠮᠥᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠤᠯᠭᠠᠮ᠎ᠠ ᠬᠡᠷᠡᠭᠴᠡᠭᠡ ᠮᠥᠨ᠂ ᠨᠠᠮ ᠪᠣᠯᠤᠨ ᠠᠷᠠᠳ ᠣᠯᠠᠨ ᠤ ᠮᠢᠬ᠎ᠠ ᠴᠢᠰᠤᠨ ᠤ ᠬᠠᠷᠢᠯᠴᠠᠭ᠎ᠠ ᠶᠢ ᠪᠠᠲᠤᠯᠠᠬᠤ ᠶᠢᠨ ᠲᠤᠯᠭᠠᠮ᠎ᠠ ᠬᠡᠷᠡᠭᠴᠡᠭᠡ ᠮᠥᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠤᠯᠭᠠᠮ᠎ᠠ ᠬᠡᠷᠡᠭᠴᠡᠭᠡ ᠮᠥᠨ᠂ ᠴᠢᠬᠤᠯᠠ ᠶᠡᠭᠡ ᠲᠡᠤᠬᠡᠲᠦ ᠠᠴᠢ ᠬᠤᠯᠪᠣᠭᠳᠠᠯ ᠪᠠ ᠴᠢᠬᠤᠯᠠ ᠶᠡᠭᠡ ᠲᠡᠢᠦᠬᠡᠲᠦ ᠠᠴᠢ ᠬᠤᠯᠪᠣᠭᠳᠠᠯ ᠲᠠᠢ ᠶᠤᠮ᠃      ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ ᠤᠭ ᠰᠠᠨᠠᠭ᠎ᠠ ᠪᠠᠨ ᠰᠠᠬᠢᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ᠂ ᠤᠭ ᠰᠠᠨᠠᠭ᠎ᠠ ᠪᠠᠨ ᠪᠠᠷᠢᠮᠲᠠᠯᠠᠬᠤ ᠪᠣᠯ ᠳᠠᠷᠤᠶ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ ᠶᠢ ᠪᠠᠲᠤ ᠴᠡᠭᠡᠵᠢᠯᠡᠵᠦ᠂ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠢᠶᠠᠷ ᠤᠭ ᠰᠠᠨᠠᠭ᠎ᠠ ᠪᠠᠨ ᠪᠠᠲᠤ ᠰᠠᠬᠢᠬᠤ ᠶᠠᠪᠤᠳᠠᠯ ᠪᠣᠯᠤᠨ᠎ᠠ ᠭᠡᠵᠦ ᠵᠢᠭᠠᠵᠤ ᠭᠠᠷᠭᠠᠪᠠ᠃ ᠡᠪ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠶ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠡᠨᠡ ᠪᠣᠯ ᠮᠠᠨ ᠤ ᠡᠪ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠪᠠ ᠤᠯᠤᠰ ᠲᠥᠷᠦ ᠶᠢᠨ ᠢᠲᠡᠭᠡᠯ ᠪᠢᠰᠢᠷᠡᠯ ᠠᠴᠠ ᠲᠣᠭᠲᠠᠭᠠᠭᠰᠠᠨ ᠶᠤᠮ᠃ ᠤᠭ ᠰᠠᠨᠠᠭ᠎ᠠ ᠪᠠᠨ ᠪᠠᠷᠢᠮᠲᠠᠯᠠᠵᠤ᠂ ᠪᠢᠳᠠ ᠮᠠᠷᠺᠰ ᠤᠨ ᠦᠵᠡᠯ ᠢᠶᠠᠨ ᠢᠲᠡᠭᠡᠯ ᠪᠢᠰᠢᠷᠡᠯ ᠢᠶᠠᠨ ᠪᠠᠲᠤ ᠰᠠᠬᠢᠵᠤ᠂ ᠡᠪ ᠬᠠᠮᠲᠤ ᠶᠣᠰᠣᠨ ᠤ ᠢᠲᠡᠭᠡᠯ ᠢᠶᠠᠨ ᠪᠠᠲᠤᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ᠣᠯᠠᠨ ᠲᠦᠮᠡᠨ ᠤ ᠳᠤᠮᠳᠠ ᠠᠴᠠ ᠢᠷᠡᠵᠦ᠂ ᠣᠯᠠᠨ ᠲᠦᠮᠡᠨ ᠤ ᠳᠤᠮᠳᠠ‌ᠤᠴᠢᠬᠤ ᠶᠢ ᠪᠠᠷᠢᠮᠲᠠᠯᠠᠵᠤ᠂ ᠶᠠᠮᠠᠷᠪᠠ ᠦᠶ᠎ᠡ ᠳᠤ ᠭᠡᠳ ᠴᠥᠮ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠮᠤᠭ ᠤᠨ ᠨᠢᠭᠲᠠ ᠬᠠᠷᠢᠯᠴᠠᠭ᠎ᠠ ᠪᠠᠨ ᠪᠠᠲᠤᠯᠠᠬᠤ ᠬᠡᠷᠡᠭᠲᠡᠶ᠃ ᠤᠭ ᠰᠠᠨᠠᠭ᠎ᠠ ᠪᠠᠨ ᠪᠠᠷᠢᠮᠲᠠᠯᠠᠬᠤ ᠳᠤ᠂ ᠤᠯᠤᠰ ᠲᠥᠷᠦ ᠶᠢᠨ ᠴᠢᠭᠯᠡᠯ᠂ ᠤᠯᠤᠰ ᠲᠥᠷᠦ ᠶᠢᠨ ᠵᠠᠮ ᠳᠡᠭᠡᠷ᠎ᠡ ᠢᠮᠠᠭᠲᠠ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠦᠯᠲᠡᠶ ᠳᠤ ᠪᠠᠶᠢᠵᠤ᠂ ᠠᠯᠢᠪᠠ ᠠᠵᠢᠯ ᠢ ᠨᠠᠮ ᠤᠨ ᠲᠥᠪ ᠬᠤᠷᠢᠶ᠎ᠠ ᠲᠠᠢ ᠨᠢᠭᠡᠳᠦᠯᠲᠡᠶ ᠳᠤ ᠪᠠᠶᠢᠯᠭᠠᠬᠤ᠂ ᠶᠡᠷᠦᠩᠬᠡᠶ ᠱᠦᠵᠢ ᠰᠢ ᠶᠢᠨ ᠫᠢᠩ ᠲᠠᠢ ᠨᠢᠭᠡᠳᠦᠯᠲᠡᠶ ᠳᠤ ᠪᠠᠶᠢᠯᠭᠠᠬᠤ᠂ ᠤᠯᠤᠰ ᠲᠥᠷᠦ ᠶᠢᠨ ᠰᠠᠬᠢᠯᠭ᠎ᠠ ᠪᠠᠲᠤ ᠪᠣᠯᠤᠨ ᠤᠯᠤᠰ ᠲᠥᠷᠦ ᠶᠢᠨ ᠶᠣᠰᠣ ᠳᠦᠷᠢᠮ ᠢ ᠴᠢᠩᠭ᠎ᠠ ᠵᠢᠷᠤᠮᠯᠠᠵᠤ᠂ ᠨᠠᠮ ᠤᠨ ᠤᠯᠤᠰ ᠲᠥᠷᠦ ᠶᠢᠨ ᠱᠤᠭᠤᠮ ᠢ ᠡᠷᠡᠰ ᠬᠡᠷᠡᠭᠵᠢᠭᠦᠯᠵᠦ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠤᠷ᠎ᠠ ᠤᠯᠤᠰ ᠲᠥᠷᠦ ᠶᠢᠨ ᠲᠠᠯ᠎ᠠ ᠪᠠᠷ ᠯᠠᠪᠳᠠᠭᠤᠨ ᠵᠣᠭᠰᠣᠵᠤ᠂ ᠨᠠᠶᠢᠳᠠᠪᠤᠷᠢᠲᠠᠢ ᠪᠠᠶᠢᠵᠤ᠂ ᠨᠠᠮ ᠤᠨ ᠵᠢᠯᠣᠭᠤᠳᠤᠯᠭ᠎ᠠ ᠶᠢ ᠳᠠᠭᠠᠵᠤ᠂ ᠨᠠᠮ ᠤᠨ ᠲᠥᠯᠥᠭᠡ ᠬᠠᠷᠢᠭᠤᠴᠠᠯᠭ᠎ᠠ ᠪᠠᠨ ᠭᠦᠢᠴᠠᠤᠡᠭᠡᠬᠦ ᠬᠡᠷᠡᠭᠲᠡᠶ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ᠂ ᠵᠠᠰᠠᠭ ᠢ ᠴᠢᠩᠭ᠎ᠠ ᠵᠠᠰᠠᠬᠤ ᠲᠠᠯ᠎ᠠ ᠪᠦᠬᠦᠨ ᠳᠤ ᠨᠠᠶᠢᠳᠠᠪᠤᠷᠢᠵᠢᠭᠤᠯᠬᠤ᠂ ᠠᠵᠢᠯ ᠢᠶᠠᠨ ᠨᠠᠶᠢᠳᠠᠪᠤᠷᠢᠵᠢᠭᠤᠯᠬᠤ᠂ ᠰᠤᠷᠲᠠᠯ ᠢᠶᠠᠨ ᠬᠤᠪᠢᠷᠠᠭᠤᠯᠬᠤ᠂ ᠬᠥᠭᠵᠢᠯᠲᠡ ᠶᠢ ᠠᠬᠢᠭᠤᠯᠬᠤ ᠪᠦᠬᠦ ᠶᠠᠪᠤᠴᠠ ᠳᠤ ᠲᠤᠣᠱᠠᠯᠠᠭᠤᠯᠵᠠᠢ᠂ ᠤᠯᠤᠰ ᠲᠥᠷᠦ ᠶᠢᠨ ᠲᠠᠯ᠎ᠠ ᠪᠠᠷ ᠠᠷᠭ᠎ᠠ ᠰᠦᠪᠡᠭᠴᠢᠯᠡᠬᠦ᠂ ᠠᠵᠢᠯ ᠢᠶᠠᠨ ᠪᠠᠶᠢᠷᠢᠯᠠᠭᠤᠯᠬᠤ ᠳᠠᠭᠠᠨ ᠴᠢᠳᠠᠮᠠᠭᠠᠶ ᠪᠠᠶᠢᠵᠤ᠂ ᠠᠵᠢᠯ ᠬᠢᠵᠦ‌ᠤᠶᠢᠯᠡᠰ ᠪᠣᠰᠬᠠᠬᠤ ᠲᠦᠪᠰᠢᠨ ᠪᠣᠯᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃      ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ᠂ ᠨᠠᠮ ᠤᠨ ᠭᠡᠰᠢᠭᠦᠨ ᠺᠠᠳ᠋ᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠂ ᠬᠡᠳᠦᠶ ᠶᠡᠭᠡ ᠬᠠᠷᠢᠭᠤᠴᠠᠯᠭ᠎ᠠ ᠡᠭᠦᠷᠭᠡᠯᠡᠪᠡᠯ ᠰᠠᠶ᠋ᠢ ᠬᠡᠳᠦᠶ ᠶᠡᠭᠡ ᠠᠵᠢᠯ ᠤᠶᠢᠯᠡᠰ ᠢ ᠪᠦᠲᠦᠭᠡᠵᠦ ᠴᠢᠳᠠᠨ᠎ᠠ᠂ ᠬᠡᠳᠦᠶ ᠶᠡᠭᠡ ᠬᠠᠷᠢᠭᠤᠴᠠᠯᠭ᠎ᠠ ᠡᠭᠦᠷᠭᠡᠯᠡᠪᠡᠯ ᠲᠡᠳᠦᠶ ᠶᠡᠭᠡ ᠠᠮᠵᠢᠯᠲᠠ ᠣᠯᠵᠤ ᠴᠢᠳᠠᠨ᠋‌‍ᠭᠡᠵᠦ ᠵᠢᠭᠠᠵᠤ ᠭᠠᠷᠭᠠᠪᠠ᠃ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠣᠯ ᠮᠠᠨ ᠤ ᠡᠪ ᠬᠠᠮᠲᠤ ᠶᠢᠨ ᠪᠠᠶᠢᠪᠠᠰᠤ ᠵᠣᠬᠢᠬᠤ ᠤᠯᠤᠰ ᠲᠥᠷᠦ ᠶᠢᠨ ᠬᠡᠪ ᠴᠢᠨᠠᠷ ᠮᠥᠨ᠃ ᠠᠵᠢᠯ ᠵᠢᠨ‌ᠤᠶᠢᠯᠡᠳᠤᠯᠭᠡ‌‍ᠲ᠋ᠤᠮᠳᠠ᠂ ᠲᠥᠪ ‍ᠤᠨ‌‍ᠰᠢᠢᠤᠡᠪᠤᠷᠢᠳᠤ  ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠴᠡᠭᠴᠡᠯᠡᠨ ᠰᠠᠶᠢᠵᠢᠷᠠᠭᠤᠯᠬᠤ ᠭᠤᠤᠯ ᠰᠡᠳᠦᠪᠲᠦ ᠬᠥᠮᠦᠵᠢᠯ ᠳᠤᠮᠳᠠ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠪᠠᠶᠢᠴᠠᠭᠠᠨ ᠦᠵᠡᠵᠦ᠂ ᠡᠴᠦᠰ ᠤᠨ ᠲᠤᠰᠤᠯᠲᠠ ᠨᠢ ᠴᠥᠮ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠪᠣᠯᠤᠨ᠎ᠠ᠃ ᠣᠳᠣᠬᠠᠨ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ᠂ ᠭᠤᠷᠪᠠᠨ ᠶᠡᠭᠡ ᠪᠡᠷᠬᠡ ᠰᠡᠳᠦᠪ ᠢ ᠰᠢᠢᠤᠡᠪᠤᠷᠢᠯᠡᠬᠦ ᠳᠠᠶᠢᠨ ᠵᠡᠷᠭᠡ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠨᠢᠭᠡᠨᠲᠡ ᠵᠠᠩᠭᠢᠯᠠᠭ᠎ᠠ ᠶᠢᠨ ᠴᠠᠭ ᠦᠶ᠎ᠡ ᠳᠤ ᠣᠷᠣᠭᠠᠳ ᠪᠠᠶᠢᠨ᠎ᠠ᠂ ᠡᠨᠡ ᠨᠢ ᠳᠠᠷᠤᠶ ᠪᠢᠳᠡᠨ ᠢ ︽ᠤᠶᠢᠯᠡᠳᠤᠯᠦᠭᠴᠢ ᠠᠵᠢᠭᠯᠠᠭᠴᠢ ᠪᠤᠯᠬᠤ ᠬᠡᠷᠡᠭᠲᠡᠢ᠂ ᠬᠤᠭᠤᠰᠣᠨ ᠶᠠᠷᠢᠭᠴᠢ ᠪᠤᠯᠵᠤ ᠪᠤᠯᠬᠤ ᠦᠭᠡᠢ︾ᠭᠡᠵᠤ ᠱᠠᠭᠠᠷᠳᠠᠵᠠᠢ᠂︽ᠨᠤᠲᠤᠭ ᠳᠡᠪᠢᠰᠬᠡᠷ ᠢᠶᠠᠨ ᠰᠠᠬᠢᠵᠤ᠂ ᠨᠤᠲᠤᠭ ᠳᠡᠪᠢᠰᠬᠡᠷ ᠢᠶᠠᠨ ᠰᠠᠬᠢᠵᠤ ᠬᠠᠷᠢᠭᠤᠴᠠᠯᠭ᠎ᠠ ᠪᠠᠨ ᠭᠦᠢᠴᠠᠤᠡᠭᠡᠬᠦ︾ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠡᠷᠡᠭᠲᠡᠶ ᠭᠡᠵᠦ ᠱᠠᠭᠠᠷᠳᠠᠵᠤ ᠪᠠᠶᠢᠨ᠎ᠠ᠃ ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠭᠤᠤᠯ ᠣᠶᠤᠨ ᠴᠢᠳᠠᠯ᠂ ᠭᠤᠤᠯ ᠬᠦᠴᠦᠨ ᠴᠢᠳᠠᠯ᠂ ᠭᠤᠤᠯ ᠠᠷᠭ᠎ᠠ ᠬᠡᠮᠵᠢᠶ᠎ᠡ ᠶᠢ ᠭᠤᠤᠯᠳᠠᠯᠭ᠎ᠠ ᠲᠠᠢ ᠠᠵᠢᠯ ᠲᠡᠰᠢ ᠲᠥᠪᠯᠡᠷᠡᠭᠦᠯᠦᠨ ᠬᠡᠯᠪᠠᠶᠢᠯᠭᠡᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠠᠵᠢᠯ ᠪᠣᠯᠭᠠᠨ ᠢ ᠰᠠᠶᠢᠲᠤᠷ ᠬᠢᠵᠦ᠂ ᠶᠠᠪᠤᠳᠠᠯ ᠪᠣᠯᠭᠠᠨ ᠢ ᠰᠠᠶᠢᠲᠤᠷ ᠬᠢᠵᠦ᠂ ᠨᠠᠮ ᠪᠣᠯᠤᠨ ᠠᠷᠠᠳ ᠲᠦᠮᠡᠨ ᠤ ᠰᠢᠯᠭᠠᠯᠲᠠ ᠶᠢ ᠳᠠᠭᠠᠭᠠᠵᠤ ᠴᠢᠳᠠᠬᠤ ᠬᠡᠷᠡᠭᠲᠡᠶ᠃      ᠪᠠᠷᠢᠮᠵᠢᠶ᠎ᠠ ᠲᠠᠢ ᠬᠠᠷᠢᠴᠠᠭᠤᠯᠵᠤ ᠬᠦᠰᠦᠨᠦᠭᠲᠦ ᠲᠠᠢ ᠬᠠᠷᠢᠴᠠᠭᠤᠯᠵᠤ ᠵᠥᠷᠢᠶ᠎ᠡ ᠪᠠᠨ ᠡᠷᠢᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠤ ᠬᠢᠳᠤᠭᠠᠨ ᠢᠷ ᠢᠶᠠᠨ ᠳᠣᠲᠣᠭᠰᠢ ᠬᠠᠨᠳᠤᠭᠤᠯᠬᠤ ᠰᠥᠰᠥ ᠵᠣᠷᠢᠭ ᠪᠠᠶᠢᠬᠤ ᠬᠡᠷᠡᠭᠲᠡᠶ᠃ ᠵᠥᠷᠢᠶ᠎ᠡ ᠪᠠᠨ ᠡᠷᠢᠬᠦ ᠳᠤ᠂ ᠨᠠᠮ ᠤᠨ ᠳᠦᠷᠢᠮ ᠲᠠᠢ ᠨᠠᠷᠢᠨ ᠬᠢᠨᠠᠮᠠᠭᠠᠶ ᠬᠠᠷᠢᠴᠠᠭᠤᠯᠵᠤ᠂ ᠥᠪᠡᠷ ᠢ ᠪᠠᠨ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠭᠲᠠᠭᠠᠵᠤ᠂ ᠠᠵᠢᠯ ᠢᠶᠠᠨ ᠪᠠᠭᠲᠠᠭᠠᠵᠤ᠂ ᠬᠢᠳᠤᠭᠠᠨ ᠢᠷ ᠢᠶᠠᠨ ᠳᠣᠲᠣᠭᠰᠢ ᠬᠠᠨᠳᠤᠭᠤᠯᠬᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦ ᠰᠤᠷᠪᠤᠯᠵᠢ ᠶᠢ ᠨᠢ ᠭᠦᠨ ᠮᠠᠯᠲᠠᠬᠤ ᠬᠡᠷᠡᠭᠲᠡᠶ᠃ ᠵᠥᠷᠢᠶ᠎ᠡ ᠪᠠᠨ ᠡᠷᠢᠬᠦ ᠳᠤ᠂ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠲᠠᠢ ᠬᠠᠷᠢᠴᠠᠭᠤᠯᠵᠤ᠂ ᠰᠡᠳᠬᠢᠯ ᠰᠢᠭᠤᠳᠤᠨ ᠪᠢᠳᠡᠨ ᠤ ᠣᠯᠠᠨ ᠲᠦᠮᠡᠨᠴᠢ ᠦᠵᠡᠯᠲᠡ᠂ ᠣᠯᠠᠨ ᠲᠦᠮᠡᠨ ᠤ ᠵᠣᠭᠰᠣᠯᠲᠠ᠂ ᠣᠯᠠᠨ ᠲᠦᠮᠡᠨ ᠳᠤ ᠤᠶᠢᠯᠡᠴᠢᠯᠡᠬᠦ ᠲᠠᠯ᠎ᠠ ᠪᠠᠷ ᠶᠠᠮᠠᠷ ᠶᠠᠮᠠᠷ ᠵᠥᠷᠢᠶ᠎ᠡ ᠣᠷᠣᠰᠢᠵᠤ ᠪᠠᠶᠢᠬᠤ ᠶᠢ ᠡᠷᠢᠵᠦ ᠣᠯᠬᠤ ᠬᠡᠷᠡᠭᠲᠡᠶ᠃ ᠵᠥᠷᠢᠶ᠎ᠡ ᠪᠠᠨ ᠡᠷᠢᠬᠦ ᠳᠤ᠂ ᠳᠡᠷᠭᠡᠳᠡ ᠨᠢ ᠳᠠᠭᠤᠷᠢᠶᠠᠯ ᠦᠵᠡᠭᠦᠯᠵᠦ᠂ ᠰᠤᠷᠤᠯᠴᠠᠯᠭ᠎ᠠ ᠪᠠᠷ ᠬᠦᠷᠦᠯᠴᠡᠬᠦ ᠦᠭᠡᠢ ᠲᠠᠯ᠎ᠠ ᠪᠠᠨ ᠡᠷᠢᠵᠦ᠂ ᠴᠢᠷᠮᠠᠶᠢᠬᠤ ᠴᠢᠭᠯᠡᠯ ᠢᠶᠠᠨ ᠣᠯᠬᠤ ᠬᠡᠷᠡᠭᠲᠡᠶ᠃ ᠵᠥᠷᠢᠶ᠎ᠡ ᠪᠠᠨ ᠡᠷᠢᠬᠦ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ ᠪᠣᠳᠠᠲᠠᠶ ᠠᠵᠢᠯ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠪᠠᠶᠢᠳᠠᠯ ᠢ ᠤᠶᠢᠯᠭᠠᠨ᠂ ᠬᠡᠮ ᠰᠣᠭᠤᠭ ᠶᠢ ᠡᠷᠡᠵᠤ᠂ ᠠᠷᠭᠠᠴᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃     ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ᠂ ᠨᠠᠶᠢᠳᠠᠪᠤᠷᠢᠵᠢᠭᠤᠯᠤᠯᠲᠠ ᠶᠢ ᠠᠳᠬᠤᠬᠤ ᠪᠣᠯ ᠳᠠᠷᠤᠶ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠪᠠ‌ᠨᠠᠮ ᠤᠨ ᠪᠠᠶᠢᠭᠤᠯᠤᠯᠲᠠ ᠶᠢᠨ ᠡᠯ᠎ᠡ ᠵᠤᠶᠢᠯ ᠤᠨ ᠠᠵᠢᠯ ᠢ ᠠᠬᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠨᠠᠮ ᠤᠨ ᠭᠡᠰᠢᠭᠦᠨ ᠺᠠᠳ᠋ᠷ᠂ ᠵᠠᠮ ᠨᠡᠭᠡᠭᠡᠨ ᠰᠢᠨ᠎ᠡ ᠶᠢ ᠡᠭᠦᠳᠬᠦ ᠴᠤᠭ ᠵᠢᠪᠬᠤᠭ᠎ᠠ ᠪᠠ ᠪᠠᠲᠤ ᠴᠢᠩᠭ᠎ᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠶᠠᠪᠤᠳᠠᠯ ᠪᠣᠯᠤᠨ᠎ᠠ ᠭᠡᠵᠦ ᠴᠢᠬᠤᠯᠠᠴᠢᠯᠠᠪᠠ᠃ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠳᠠᠮᠵᠢᠨ ᠪᠡᠶᠡᠯᠡᠭᠦᠯᠬᠦ ᠬᠡᠷᠡᠭᠲᠡᠶ᠃ ᠮᠠᠨ ᠤ ᠨᠠᠮ ᠤᠨ ᠭᠡᠰᠢᠭᠦᠨ ᠺᠠᠳ᠋ᠷᠴᠤᠳ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠢᠮᠠᠭᠲᠠ ᠰᠡᠳᠬᠢᠯ ᠳᠡᠭᠡᠨ ᠨᠠᠮ ᠢᠶᠠᠨ ᠪᠣᠳᠣᠵᠤ᠂ ᠰᠡᠳᠬᠢᠯ ᠳᠡᠭᠡᠨ ᠠᠷᠠᠳ ᠢᠶᠠᠨ ᠪᠣᠳᠣᠵᠤ᠂ ᠰᠡᠳᠬᠢᠯ ᠳᠡᠭᠡᠨ ᠬᠤᠷᠢᠭ᠎ᠠ ᠴᠡᠭᠡᠷ ᠲᠠᠢ ᠪᠠᠶᠢᠬᠤ ᠶᠢ ᠪᠡᠶᠡᠯᠡᠭᠦᠯᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠨᠢᠭᠡ ᠵᠤᠶᠢᠯ ᠤᠨ ᠤᠯᠤᠰ ᠲᠥᠷᠦ ᠶᠢᠨ ᠤᠬᠠᠮᠰᠠᠷ᠂ ᠨᠢᠭᠡ ᠵᠤᠶᠢᠯ ᠤᠨ ᠴᠢᠳᠠᠪᠤᠷᠢ ᠶᠢᠨ ᠱᠠᠭᠠᠷᠳᠠᠯᠭ᠎ᠠ᠂ ᠨᠢᠭᠡ ᠵᠤᠶᠢᠯ ᠤᠨ ᠠᠵᠢᠯ ᠶᠢᠨ ᠪᠠᠷᠢᠮᠲᠠᠯᠠᠯ ᠪᠣᠯᠭᠠᠬᠤ ᠬᠡᠷᠡᠭᠲᠡᠶ᠃ ︽ᠨᠠᠶᠢᠳᠠᠪᠤᠷᠢᠵᠢᠭᠤᠯᠤᠯᠲᠠ ᠶᠢ ᠠᠳᠬᠤᠬᠤ︾ ᠴᠢᠳᠠᠪᠤᠷᠢ ᠪᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠥᠭᠵᠢᠯᠲᠡ᠂ ᠣᠷᠴᠢᠨ ᠲᠣᠭᠤᠷᠢᠨ ᠤ ᠬᠠᠮᠠᠭᠠᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠲᠠᠯ᠎ᠠ ᠪᠠᠷ ᠨᠡᠶᠢᠲᠡᠯᠡᠭᠰᠡᠨ ᠰᠢᠨ᠎ᠡ ᠲᠥᠷᠦ ᠶᠢᠨ ᠪᠣᠳᠣᠯᠭ᠎ᠠ ᠶᠢ ᠰᠤᠳᠤᠯᠤᠨ ᠰᠤᠷᠤᠯᠴᠠᠵᠤ᠂ ᠡᠳᠡᠭᠡᠷ ᠲᠥᠷᠦ ᠶᠢᠨ ᠪᠣᠳᠣᠯᠭ᠎ᠠ ᠶᠢ ᠰᠠᠶᠢᠲᠤᠷ ᠰᠤᠷᠤᠯᠴᠠᠵᠤ᠂ ᠨᠡᠪᠲᠡᠷᠡᠲᠡᠯ᠎ᠡ ᠰᠤᠳᠤᠯᠵᠤ᠂ ᠰᠠᠶᠢᠲᠤᠷ ᠬᠡᠷᠡᠭᠯᠡᠵᠦ᠂ ᠪᠦᠬᠦ ᠲᠠᠯ᠎ᠠ ᠶᠢ ᠡᠵᠡᠮᠳᠡᠬᠦ ᠴᠢᠳᠠᠪᠤᠷᠢ ᠪᠣᠯᠤᠨ ᠣᠨᠣᠯ ᠲᠥᠷᠦ ᠶᠢᠨ ᠪᠣᠳᠣᠯᠭ᠎ᠠ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠪᠣᠳᠠᠲᠠᠶ ᠠᠵᠢᠯ ᠶᠢᠨ ᠳᠤᠮᠳᠠ᠂ ᠢᠷᠡᠭᠡᠳᠦᠶ ᠵᠢᠨ‌ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠢ ᠨᠠᠷᠢᠨ ᠬᠢᠨᠠᠮᠠᠭᠠᠶ ᠰᠤᠳᠤᠯᠤᠨ᠂ ᠣᠳᠣ ᠶᠢᠨ ᠪᠠᠶᠢᠭ᠎ᠠ ᠨᠡᠭᠦᠷᠡᠰᠦ ᠬᠡᠤᠷᠰᠢᠭᠦᠯᠬᠦ ᠠᠵᠤ ᠦᠢᠯᠡᠰ ᠤᠨ ᠰᠠᠭᠤᠷᠢ ᠲᠠᠢ ᠤᠶᠠᠯᠳᠤᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ ᠭᠤᠤᠯᠳᠠᠯᠭ᠎ᠠ ᠲᠠᠢ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠵᠤ ᠦᠢᠯᠡᠰ ᠤᠨ ᠪᠦᠲᠦᠴᠡ ᠶᠢ ᠬᠦᠴᠦᠯᠡᠨ ᠲᠣᠬᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠡᠯ᠎ᠡ ᠵᠤᠶᠢᠯ ᠤᠨ ᠲᠥᠷᠦ ᠶᠢᠨ ᠪᠣᠳᠣᠯᠭ᠎ᠠ ᠪᠠ ᠠᠵᠢᠯ ᠶᠢᠨ ᠭᠤᠤᠯᠳᠠᠯᠭ᠎ᠠ ᠶᠢ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠲᠡᠰᠢ ᠲᠥᠪᠯᠡᠷᠡᠭᠦᠯᠦᠨ ᠬᠦᠴᠦᠯᠡᠬᠦ ᠬᠡᠷᠡᠭᠲᠡᠶ᠃ ︽ᠡᠷᠡᠰ ᠪᠠᠲᠤ᠂ ᠡᠵᠡᠮᠳᠡᠵᠦ ᠪᠣᠯᠬᠤ᠂ ᠡᠮᠬᠢ ᠵᠢᠷᠤᠮ ᠲᠠᠢ᠂ ᠲᠣᠬᠢᠷᠠᠮᠵᠢᠲᠠᠶ ᠪᠠᠶᠢᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠳᠠᠯᠳᠠ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ ᠥᠭᠴᠡᠭᠡ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠰᠢᠢᠤᠡᠪᠤᠷᠢᠯᠡᠨ᠎ᠡ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠱᠠᠭᠠᠷᠳᠠᠯᠭ᠎ᠠ ᠶᠣᠰᠣᠭᠠᠷ᠂ ᠡᠯ᠎ᠡ ᠵᠤᠶᠢᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠬᠠᠮᠤᠭ ᠤᠨ ᠡᠷᠡᠰ ᠴᠢᠩᠭ᠎ᠠ ᠣᠪᠣᠷ᠂ ᠬᠠᠮᠤᠭ ᠤᠨ ᠬᠦᠴᠦᠲᠡᠶ ᠠᠷᠭ᠎ᠠ ᠬᠡᠮᠵᠢᠶ᠎ᠡ᠂ ᠬᠠᠮᠤᠭ ᠤᠨ ᠴᠢᠩᠭ᠎ᠠ ᠱᠠᠭᠠᠷᠳᠠᠯᠭ᠎ᠠ ᠪᠠᠷ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠶᠢᠷᠤᠪ ᠤᠨ ᠲᠣᠬᠤᠢ ᠲᠣᠭᠤᠷᠢᠭ ᠤᠨ ᠲᠩᠷᠢ ᠨᠢ ᠴᠡᠯᠮᠡᠭ᠂ ᠤᠰᠤ ᠨᠢ ᠲᠤᠩᠭᠠᠯᠠᠭ᠂ ᠭᠠᠵᠠᠷ ᠨᠢ ᠴᠡᠪᠡᠷ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠢ ᠲᠦᠷᠭᠡᠨ ᠨᠥᠬᠦᠪᠥᠷᠢᠯᠡᠬᠦ ᠬᠡᠷᠡᠭᠲᠡᠶ᠃ ᠣᠯᠠᠨ ᠲᠦᠮᠡᠨ ᠤ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠥᠭᠡᠷᠡᠴᠢᠯᠡᠨ ᠪᠠᠶᠢᠭᠤᠯᠵᠤ ᠲᠥᠪᠬᠢᠨᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ᠂ ᠠᠰᠠᠭᠤᠳᠠᠯ ᠲᠠᠢ ᠠᠰᠠᠷ ᠢ ᠲᠦᠯᠬᠢᠨ ᠠᠬᠢᠭᠤᠯᠬᠤ ᠵᠡᠷᠭᠡ ᠪᠤᠴᠠᠭᠠᠨ ᠨᠡᠭᠦᠯᠭᠡᠬᠦ ᠰᠠᠭᠤᠭᠠᠯᠢ ᠠᠷᠠᠳ ᠢ ᠲᠥᠪᠬᠢᠨᠡᠭᠦᠯᠬᠦ ᠳᠤ ᠬᠤᠯᠪᠣᠭᠳᠠᠭᠰᠠᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠤᠲᠠ ᠶᠢᠨ ᠬᠠᠮᠢᠶᠠᠷᠤᠯᠲᠠ ᠶᠢᠨ ᠲᠣᠣᠷ ᠢ ᠥᠭᠡᠷᠡᠴᠢᠯᠡᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠭᠤᠣᠯ ᠬᠤᠲᠠ ᠲᠣᠭᠤᠷᠢᠭ ᠤᠨ ᠰᠠᠭᠤᠷᠢᠰᠢᠬᠤ ᠳᠤ ᠲᠣᠬᠢᠷᠠᠮᠵᠢᠲᠠᠢ ᠬᠢᠷᠢ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠲᠦᠮᠡᠨ ᠳᠤ ᠤᠶᠢᠯᠡᠴᠢᠯᠡᠬᠦ ︽ᠡᠴᠦᠰ ᠤᠨ ᠠᠯᠪᠠᠨ ᠶᠠᠪᠤᠳᠠᠯ︾᠎ ᠢ ᠨᠡᠪᠲᠡᠷᠡᠭᠦᠯᠬᠦ ᠬᠡᠷᠡᠭᠲᠡᠶ᠃
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号