ᠤᠭ ᠰᠠᠨᠠᠭ᠎ᠠ ᠪᠠᠷ ᠢᠲᠡᠭᠡᠯ ᠪᠢᠰᠢᠷᠡᠯ ᠪᠠᠨ ᠳᠠᠪᠲᠠᠨ ᠪᠣᠯᠪᠠᠰᠤᠷᠠᠭᠤᠯᠵᠤ ᠡᠭᠦᠷᠭᠡ ᠬᠠᠷᠢᠭᠤᠴᠠᠯᠭ᠎ᠠ ᠪᠠᠷ ᠬᠠᠷᠢᠭᠤᠴᠠᠯᠭ᠎ᠠ ᠡᠭᠦᠷᠭᠡᠯᠡᠬᠦ ᠶᠢ ᠬᠥᠭᠵᠢᠭᠡᠪᠡ
ᠨᠡᠶᠢᠲᠡᠯᠡᠭᠰᠡᠨ ᠴᠠᠭ᠄
2019-10-25
     ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠤᠶᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠬᠤᠷᠠᠯ ᠳᠡᠭᠡᠷᠡᠬᠢ ᠶᠠᠷᠢᠶ᠎ᠠ ᠨᠢ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠪᠢᠳᠡᠨ ᠤ ᠭᠤᠤᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯ ᠠᠵᠢᠯ ᠤᠨ ᠪᠠᠶᠢᠭᠤᠯᠭ᠎ᠠ᠂ ᠲᠥᠯᠥᠭᠡᠯᠡᠬᠦ ᠪᠠᠶᠢᠭᠤᠯᠭ᠎ᠠ ᠮᠥᠨ᠂ ᠨᠠᠩ ᠴᠤ ᠨᠠᠮ ᠤᠨ ᠤᠳᠤᠷᠢᠳᠤᠯᠭ᠎ᠠ ᠳᠣᠤᠷᠠᠬᠢ ᠤᠯᠤᠰ ᠲᠥᠷᠦ ᠶᠢᠨ ᠪᠠᠶᠢᠭᠤᠯᠭ᠎ᠠ ᠮᠥᠨ᠃ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠤ᠂ ᠤᠯᠤᠰ ᠲᠥᠷᠥ ᠶᠢᠨ ᠬᠡᠪ ᠴᠢᠨᠠᠷ ᠢᠶᠠᠨ ᠨᠠᠩ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾᠎ ᠢ ᠪᠠᠲᠤ ᠪᠣᠶ ᠪᠣᠯᠭᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠬᠦ ᠦᠨᠳᠦᠷᠴᠡ ᠠᠴᠠ ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ ᠢ ᠭᠦᠢᠴᠠᠤᠡ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠶ᠃ ᠭᠤᠤᠯ ᠰᠡᠳᠦᠪᠲᠦ ᠬᠥᠮᠦᠵᠢᠯ ᠤᠨ ᠦᠨᠳᠦᠰᠦᠨ ᠡᠭᠦᠷᠭᠡ᠂ ᠶᠡᠷᠦᠩᠬᠡᠶ ᠱᠠᠭᠠᠷᠳᠠᠯᠭ᠎ᠠ᠂ ᠭᠤᠤᠯ ᠬᠠᠷᠠᠯᠲᠠ ᠶᠢ ᠣᠨᠣᠪᠴᠢᠲᠠᠶ ᠡᠵᠡᠮᠳᠡᠭᠰᠡᠨ ᠰᠠᠭᠤᠷᠢᠨ ᠳᠡᠭᠡᠷ᠎ᠡ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠶᠢᠨ ᠪᠣᠳᠠᠲᠠᠶ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠨᠴᠠᠯᠢᠭ ᠢ ᠭᠦᠢᠴᠠᠤᠡ ᠢᠯᠡᠷᠡᠭᠦᠯᠵᠦ᠂ ᠭᠤᠤᠯ ᠰᠡᠳᠦᠪᠲᠦ ᠬᠥᠮᠦᠵᠢᠯ ᠤᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠨᠠᠷ ᠰᠠᠶᠢᠲᠠᠶ ᠰᠠᠶᠢᠲᠤᠷ ᠠᠳᠬᠤᠵᠤ᠂ ᠠᠷᠠᠳ ᠤᠨ ᠲᠥᠯᠥᠭᠡᠯᠡᠭᠴᠢᠳ ‍ᠤᠨ‌‍ᠶᠡᠭᠡ ᠬᠤᠷᠠᠯ ᠤᠨ ᠠᠵᠢᠯ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠠᠵᠢᠯ ᠶᠢᠨ ᠪᠣᠳᠠᠲᠤ ᠦᠷ᠎ᠡ ᠪᠦᠲᠦᠭᠡᠯ ᠢᠶᠠᠷ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠨᠬᠦ ᠰᠢᠯᠭᠠᠨ ᠪᠠᠶᠢᠴᠠᠭᠠᠨ᠎ᠠ᠃      ᠨᠢᠭᠡ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠶᠢᠯᠡᠳᠤᠯᠭᠡᠵᠢᠭᠦᠯᠬᠦ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ      ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠡᠪ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠃ ᠨᠠᠮ ᠤᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢ ᠡᠷᠭᠢᠴᠡᠭᠦᠯᠪᠡᠯ᠂ ᠪᠦᠬᠦ ᠤᠯᠤᠰ ᠤᠨ ᠠᠷᠠᠳ ᠲᠦᠮᠡᠨ ᠢ ᠳᠠᠭᠠᠭᠤᠯᠤᠨ ᠬᠤᠪᠢᠰᠬᠠᠯ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠤᠳᠠᠭ᠎ᠠ ᠳᠠᠷᠠᠭ᠎ᠠ ᠪᠠᠷ ᠠᠭᠤᠤ ᠶᠡᠭᠡ ᠢᠯᠠᠯᠲᠠ ᠶᠢ ᠣᠯᠵᠤ ᠴᠢᠳᠠᠭᠰᠠᠨ ᠶᠤᠮ᠃ ᠭᠡᠪᠡᠯ ᠮᠠᠨ ᠤ ᠨᠠᠮ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠢᠮᠠᠭᠲᠠ ᠠᠷᠠᠳ ᠲᠦᠮᠡᠨ ᠲᠠᠢ ᠪᠣᠳᠣᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠨᠠᠮ ᠪᠣᠯᠤᠨ ᠠᠷᠠᠳ ᠣᠯᠠᠨ ᠤ ᠴᠢᠰᠤ ᠮᠢᠬᠠᠨ ᠤ ᠬᠠᠷᠢᠯᠴᠠᠭ᠎ᠠ ᠶᠢ ᠪᠠᠲᠤᠯᠠᠭᠰᠠᠭᠠᠷ ᠢᠷᠡᠭᠰᠡᠨ ᠶᠤᠮ᠃ ᠰᠢᠨ᠎ᠡ ᠴᠠᠭ ᠦᠶ᠎ᠡ ᠳᠤ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠡᠷᠬᠡᠪᠰᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠶᠠᠮᠠᠷᠪᠠ ᠪᠠᠶᠢᠳᠠᠯ ᠳᠣᠤᠷ᠎ᠠ ᠴᠤ ᠭᠡᠳ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠵᠦ᠂ ᠠᠷᠠᠳ ᠲᠦᠮᠡᠨ ᠳᠤ ᠪᠤᠶᠠᠨ ᠵᠢᠷᠭᠠᠯ ᠡᠳ᠋ᠯᠡᠭᠦᠯᠬᠦ ᠬᠡᠷᠡᠭᠲᠡᠶ᠃ ᠨᠠᠮ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠪᠠᠰᠠ ᠴᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠮᠥᠨ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠨᠢ ᠬᠦᠴᠦᠷᠬᠡᠭ ᠶᠡᠭᠡ ᠠᠮᠢᠵᠢᠷᠠᠯ ᠤᠨ ᠬᠦᠴᠦᠨ ᠪᠠ ᠢᠯᠡᠳᠲᠡ ᠳᠠᠪᠠᠭᠤᠯᠢᠭ ᠴᠢᠨᠠᠷ ᠲᠠᠢ ᠪᠠᠶᠢᠬᠤ ᠨᠢ ᠠᠷᠠᠳ ᠲᠦᠮᠡᠨ ᠤ ᠳᠤᠮᠳᠠ ᠭᠦᠨ ᠦᠨᠳᠦᠰᠦᠯᠡᠭᠰᠡᠨ ᠶᠤᠮ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠤᠶᠢᠯᠡᠳᠤᠯᠭᠡᠵᠢᠭᠦᠯᠬᠦ ᠳᠤ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠣᠱᠯᠠᠭᠤᠯᠵᠤ᠂ ᠢᠮᠠᠭᠲᠠ ᠠᠷᠠᠳ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠥᠷᠨᠢᠭᠦᠯᠬᠦ ᠶᠢᠨ ᠡᠭᠦᠰᠭᠡᠯ ᠪᠠ ᠲᠡᠭᠦᠰᠬᠡᠯ ᠪᠣᠯᠭᠠᠵᠤ᠂ ᠠᠵᠢᠯ ᠨᠢᠭᠡᠪᠦᠷᠢ ᠶᠢ ᠴᠥᠮ ᠠᠷᠠᠳ ᠲᠦᠮᠡᠨ ᠤ ᠠᠰᠢᠭ ᠲᠤᠰᠠ ᠶᠢ ᠢᠯᠡᠷᠡᠭᠦᠯᠬᠦ ᠪᠠ ᠬᠠᠮᠠᠭᠠᠯᠠᠬᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠬᠤ᠂ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠶ᠃      ᠬᠤᠶᠠᠷ᠂  ᠴᠢᠷᠮᠠᠶᠢᠬᠤ ᠴᠢᠭᠯᠡᠯ ᠪᠠ ᠠᠷᠭ᠎ᠠ ᠵᠠᠮ ᠢᠶᠠᠨ ᠤᠯᠠᠮ ᠨᠢᠭᠡ ᠠᠯᠬᠤᠮ ᠲᠤᠳᠤᠷᠬᠠᠶᠢᠯᠠᠨ᠎ᠠ      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠤᠯᠤᠰ ᠲᠥᠷᠦ ᠶᠢᠨ ᠡᠭᠦᠷᠭᠡ ᠮᠥᠨ᠂ ᠨᠠᠮ ᠤᠨ ᠭᠡᠰᠢᠭᠦᠨ ᠺᠠᠳ᠋ᠷ ᠤᠨ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠴᠢᠬᠤᠯᠠ ᠠᠵᠠ ᠲᠣᠬᠢᠶᠠᠯ ᠮᠥᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠭᠠᠷᠲᠠᠨ ᠮᠥᠨ᠃ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢ ᠪᠠᠲᠤ ᠡᠵᠡᠮᠳᠡᠵᠦ᠂ ᠲᠠᠰᠤᠷᠠᠯᠲᠠ ᠦᠭᠡᠢ ᠰᠡᠳᠬᠢᠵᠦ᠂ ᠳ᠋ᠦᠩᠨᠡᠵᠦ᠂ ᠤᠶᠢᠯᠡᠳᠤᠯᠭᠡᠵᠢᠭᠦᠯᠵᠤ᠂ ᠴᠢᠷᠮᠠᠶᠢᠬᠤ ᠴᠢᠭᠯᠡᠯ᠂ ᠠᠷᠭ᠎ᠠ ᠵᠠᠮ ᠢᠶᠠᠨ ᠲᠣᠳᠣᠷᠬᠠᠶᠢᠯᠠᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ ᠤᠨ ︽ᠦᠨᠳᠦᠰᠦᠨ ᠴᠢᠳᠠᠪᠤᠷᠢ︾᠎ ᠶᠢ ᠦᠨᠡᠨ ᠬᠦ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠶᠢ ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠤᠭ ᠵᠣᠬᠢᠶᠠᠯ ᠢ ᠨᠢ ᠤᠩᠰᠢᠵᠤ᠂ ᠤᠭ ᠵᠣᠬᠢᠶᠠᠯ ᠢ ᠨᠢ ᠰᠤᠷᠤᠯᠴᠠᠵᠤ᠂ ᠤᠭ ᠶᠣᠰᠣ ᠶᠢ ᠨᠢ ᠣᠶᠢᠯᠠᠭᠠᠵᠤ᠂ ᠲᠠᠰᠤᠷᠠᠯᠲᠠ ᠦᠭᠡᠢ ᠰᠢᠩᠭᠡᠭᠡᠨ ᠠᠪᠬᠤ ᠬᠡᠷᠡᠭᠲᠡᠶ᠃ ᠥᠷᠭᠡᠨ ᠳᠡᠯᠭᠡᠷ ᠶᠠᠷᠢᠶ᠎ᠠ ᠲᠠᠯᠪᠢᠵᠤ᠂ ᠰᠠᠨᠠᠯ ᠰᠠᠨᠠᠭᠤᠯᠭ᠎ᠠ ᠶᠢ ᠬᠦᠯᠢᠶᠡᠨ ᠠᠪᠴᠤ᠂ ᠤᠳᠤᠷᠢᠳᠬᠤ ᠺᠠᠳ᠋ᠷᠴᠤᠳ ᠲᠦᠷᠦᠭᠦᠯᠡᠨ ᠲᠥᠯᠥᠭᠡᠯᠡᠭᠴᠢ ᠶᠢᠨ ᠠᠵᠢᠯᠯᠠᠭ᠎ᠠ ᠶᠢᠨ ᠲᠤᠭᠤᠶᠢᠯᠠᠩ᠂ ᠪᠠᠶᠢᠭᠤᠯᠤᠯᠭ᠎ᠠ ᠨᠢᠭᠡᠴᠡ᠂ ᠨᠡᠶᠢᠭᠡᠮ ᠲᠣᠭᠤᠷᠢᠭ᠂ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠤᠶᠢᠯᠡᠰ᠂ ᠺᠠᠳ᠋ᠷ ᠤᠨ ᠰᠤᠷᠲᠠᠯ ᠤᠨ ᠪᠠᠶᠢᠭᠤᠯᠤᠯᠲᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠵᠡᠷᠭᠡ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠲᠠ ᠶᠢᠨ ᠳᠤᠮᠳᠠ ᠵᠥᠷᠢᠶ᠎ᠡ ᠪᠠᠨ ᠲᠠᠰᠤᠷᠠᠯᠲᠠ ᠦᠭᠡᠢ ᠡᠷᠢᠵᠦ᠂ ᠪᠠᠷᠢᠮᠵᠢᠶ᠎ᠠ ᠲᠠᠢ ᠬᠠᠷᠢᠴᠠᠭᠤᠯᠤᠨ ᠬᠦᠰᠦᠨᠦᠭᠲᠦ ᠲᠠᠢ ᠬᠠᠷᠢᠴᠠᠭᠤᠯᠵᠤ᠂ ︽ᠤᠨᠤᠯ ᠤᠨ ᠰᠤᠷᠤᠯᠴᠠᠯᠭ᠎ᠠ ᠳᠤ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠰᠢᠯᠭᠠᠯᠲᠠ ᠶᠢ ᠬᠦᠯᠢᠶᠡᠬᠦ᠂ ᠠᠵᠢᠯ ᠬᠢᠵᠦ ᠤᠶᠢᠯᠡᠰ ᠪᠣᠰᠬᠠᠬᠤ ᠳᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠤᠡᠪᠤᠷᠢᠯᠡᠬᠦ᠂ ᠦᠯᠢᠭᠡᠷ ᠳᠠᠭᠤᠷᠢᠶᠠᠯ ᠪᠣᠯᠬᠤ︾ ᠪᠣᠳᠠᠲᠠᠶ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠭᠤᠷᠪᠠ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠤᠯᠠᠮ ᠨᠢᠭᠡ ᠠᠯᠬᠤᠮ ᠢᠯᠡᠷᠡᠭᠦᠯᠬᠦ ᠬᠡᠷᠡᠭᠲᠡᠶ      ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ  ᠶᠢ ᠪᠡᠶᠡᠯᠡᠭᠦᠯᠬᠦ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠬᠠᠤᠯᠢ ᠳᠤ ᠲᠣᠭᠲᠠᠭᠠᠭᠰᠠᠨ ᠡᠷᠬᠡ ᠲᠤᠰᠢᠶᠠᠯ ᠪᠠ ᠵᠢᠷᠤᠮ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠢᠮᠠᠭᠲᠠ ᠲᠤᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠶᠢᠨ ᠳᠣᠤᠷ᠎ᠠ ᠲᠠᠯᠪᠢᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠭᠤᠤᠯᠯᠠᠭᠤᠯᠤᠨ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠪᠣᠳᠠᠲᠠᠶ ᠶᠢ ᠡᠷᠬᠢᠮᠯᠡᠬᠦ ᠠᠷᠭ᠎ᠠ ᠪᠣᠳᠣᠯᠭ᠎ᠠ ᠶᠢ ᠡᠷᠭᠦᠨ᠂ ᠬᠦᠴᠦᠨ ᠴᠢᠳᠠᠯ ᠢᠶᠠᠨ ᠰᠢᠪᠬᠠᠨ᠂ ᠲᠤᠭᠤᠷᠢᠭ ᠨᠠᠮ ᠤᠨ ᠬᠤᠷᠢᠶᠠᠨ ᠤ ᠵᠥᠪᠯᠡᠭᠴᠢ ᠲᠤᠰᠠᠯᠠᠭᠴᠢ ᠪᠣᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢ ᠭᠦᠢᠴᠠᠤᠡ ᠪᠠᠳᠠᠷᠠᠭᠤᠯᠵᠤ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ ᠨᠡᠮᠡᠭᠳᠡᠭᠦᠯᠵᠦ᠂ ︽ᠨᠢᠭᠡ ᠵᠠᠰᠠᠭ ᠤᠨ ᠣᠷᠳᠣᠨ ᠨᠢᠭᠡ ᠵᠥᠪᠯᠡᠯ︾᠎ ᠤᠨ ᠠᠵᠢᠯ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠶ᠃ ᠲᠥᠯᠥᠭᠡᠯᠡᠭᠴᠢᠳ ᠤᠨ ᠠᠵᠢᠯ ᠤᠨ ᠲᠣᠭᠲᠠᠴᠠ ᠶᠢ ᠦᠷᠭᠦᠯᠵᠢᠯᠡᠨ ᠴᠢᠩᠭᠠᠳᠬᠠᠵᠤ᠂ ᠰᠠᠶᠢᠵᠢᠷᠠᠭᠤᠯᠤᠨ᠂ ᠵᠢᠷᠤᠮᠵᠢᠭᠤᠯᠵᠤ᠂ ᠰᠢᠨ᠎ᠡ ᠶᠢ ᠡᠭᠦᠳᠴᠦ᠂ ᠲᠥᠯᠥᠭᠡᠯᠡᠭᠴᠢᠳ ᠤᠨ ᠡᠷᠬᠡ ᠠᠰᠢᠭ ᠢ ᠭᠦᠢᠴᠠᠤᠡ ᠪᠠᠲᠤᠯᠠᠵᠤ᠂ ᠲᠥᠯᠥᠭᠡᠯᠡᠭᠴᠢᠳ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠠᠤᠡᠭᠡᠬᠦ᠂ ᠤᠶᠢᠯᠡᠳᠤᠯ ᠢᠶᠠᠨ ᠪᠠᠳᠠᠷᠠᠭᠤᠯᠬᠤ ᠳᠤ ᠰᠠᠶᠢᠨ ᠰᠠᠶᠢᠬᠠᠨ ᠨᠥᠬᠦᠴᠡᠯ ᠢ ᠴᠢᠷᠮᠠᠶᠢᠨ ᠪᠤᠢ ᠪᠣᠯᠭᠠᠨ᠎ᠠ᠃    
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号