︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ ᠤᠯᠤᠰ ᠲᠥᠷᠦ ᠶᠢᠨ ᠵᠥᠪᠯᠡᠯᠭᠡᠨ ᠤ ᠠᠵᠢᠯ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2019-10-29
     ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯ ᠶᠡᠷᠦᠩᠬᠡᠶ ᠱᠦᠵᠢ ᠰᠢ ᠶᠢᠨ ᠫᠢᠩ ᠤᠨ ᠨᠠᠮ ᠪᠣᠯᠤᠨ ᠤᠯᠤᠰ ᠎ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠵᠢᠨ‌ᠦᠨᠳᠦᠷᠴᠡ ᠪᠣᠯᠤᠨ᠎ᠠ᠂ ᠰᠢᠨ᠎ᠡ ᠴᠠᠭ ᠦᠶ᠎ᠡ ᠳᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶᠢᠷᠡᠭᠦᠯᠦᠨ‌ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ‍ᠤᠨ‌ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠤᠶᠢᠯᠡᠳᠤᠯᠭᠡ ᠪᠠᠨ ᠵᠢᠯᠣᠭᠤᠳᠤᠭᠤᠯᠵᠤ᠂ ᠪᠦᠬᠦ ᠨᠠᠮ ᠤᠨ ᠨᠠᠩ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠨᠠᠮ ᠤᠨ ᠲᠡᠤᠭᠡᠳᠤ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠲᠡᠮᠡᠴᠡᠬᠦ ᠶᠢ ᠠᠬᠢᠭᠤᠯᠬᠤ ᠴᠢᠬᠤᠯᠠ ᠶᠡᠭᠡ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ︽ᠳᠥᠷᠪᠡᠨ ᠲᠤᠯᠭᠠᠮ᠎ᠠ ᠬᠡᠷᠡᠭᠴᠡᠭᠡ︾ ᠪᠠᠷ᠎ᠠ ᠲᠣᠰ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠤᠨ ᠭᠦᠨᠵᠡᠭᠡᠶ ᠠᠬᠤᠶ ᠪᠠᠶᠢᠳᠠᠯ ᠪᠣᠯᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠳᠤ ᠲᠥᠯᠥᠪᠵᠢᠭᠦᠯᠦᠨ ᠠᠬᠢᠭᠤᠯᠬᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠤᠡᠪᠤᠷᠢᠳᠤ ᠢᠯᠠᠯᠲᠠ ᠶᠢ ᠣᠯᠬᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠣᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠪᠢ ᠤᠯᠤᠰ ᠲᠥᠷᠦ ᠶᠢᠨ ᠵᠥᠪᠯᠡᠯᠭᠡᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠡᠨᠡ ᠬᠤᠭᠤᠴᠠᠭᠠᠨ ᠤ ᠰᠤᠷᠤᠯᠴᠠᠯᠭ᠎ᠠ ᠳᠤ ᠬᠡᠳᠦᠨ ᠣᠶᠢᠯᠠᠭᠠᠯᠲᠠ ᠪᠠᠨ ᠶᠠᠷᠢᠶ᠎ᠠ᠃      ᠨᠢᠭᠡ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠤᠯᠤᠰ ᠲᠥᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠦ ᠶᠢᠨ ᠵᠥᠪᠯᠡᠯᠭᠡᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠴᠢᠬᠤᠯᠠ ᠠᠷᠭ᠎ᠠ ᠬᠡᠮᠵᠢᠶ᠎ᠡ ᠮᠥᠨ᠃ ᠠᠷᠠᠳ ᠤᠨ ᠤᠯᠤᠰ ᠲᠥᠷᠦ ᠶᠢᠨ ᠵᠥᠪᠯᠡᠯᠭᠡᠨ ᠪᠣᠯ ᠤᠯᠤᠰ ᠲᠥᠷᠦ ᠶᠢᠨ ᠵᠣᠬᠢᠶᠠᠨ ᠪᠠᠶᠢᠭᠤᠯᠤᠯᠲᠠ ᠮᠥᠨ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠬᠦ ᠪᠣᠯ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠮᠥᠨ ᠴᠢᠨᠠᠷ ᠤᠨ ᠱᠠᠭᠠᠷᠳᠠᠯᠭ᠎ᠠ᠃ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠲᠤᠭᠤᠶᠢᠯᠠᠩ ᠪᠠ ᠪᠠᠶᠢᠭᠤᠯᠭ᠎ᠠ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠰᠢᠨ᠎ᠡ ᠴᠠᠭ ᠦᠶ᠎ᠡ ᠳᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠦᠲᠦᠮᠵᠢᠲᠡᠶ ᠭᠠᠷᠲᠠᠨ ᠮᠥᠨ᠂ ᠨᠠᠮ ᠤᠨ ᠪᠠᠶᠢᠭᠤᠯᠤᠯᠲᠠ ᠭᠡᠬᠦ ᠡᠨᠡ ᠬᠦ ᠰᠢᠨ᠎ᠡ ᠴᠠᠭ ᠦᠶ᠎ᠡ ᠳᠤ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠬᠤ ᠬᠦᠴᠦᠲᠡᠶ ᠪᠣᠳᠠᠲᠠᠶ ᠠᠷᠭ᠎ᠠ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠢᠨᠵᠧᠨᠧᠷᠢᠩ ᠮᠥᠨ᠃ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠯᠤᠰ ᠲᠥᠷᠦ ᠶᠢᠨ ᠵᠥᠪᠯᠡᠯᠭᠡᠨ ᠤ ᠠᠵᠢᠯ ᠳᠠᠬᠢ ᠤᠳᠤᠷᠢᠳᠤᠯᠭ᠎ᠠ᠂ ᠤᠯᠤᠰ ᠲᠥᠷᠦ ᠶᠢᠨ ᠵᠥᠪᠯᠡᠯᠭᠡᠨ ᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠤᠶᠢᠯᠡᠳᠤᠯ᠂ ᠤᠯᠤᠰ ᠲᠥᠷᠦ ᠶᠢᠨ ᠵᠥᠪᠯᠡᠯᠭᠡᠨ ᠤ ᠵᠣᠬᠢᠶᠠᠨ ᠪᠠᠶᠢᠭᠤᠯᠤᠯᠲᠠ ᠳᠠᠬᠢ ᠡᠪ ᠬᠠᠮᠲᠤ ᠨᠠᠮ ᠤᠨ ᠭᠡᠰᠢᠭᠦᠨ ᠤ ᠬᠤᠰᠢᠭᠤᠴᠢ ᠤᠶᠢᠯᠡᠳᠤᠯ ᠢ ᠭᠦᠢᠴᠠᠤᠡ ᠪᠠᠳᠠᠷᠠᠭᠤᠯᠵᠤ᠂ ᠤᠯᠤᠰ ᠲᠥᠷᠦ ᠶᠢᠨ ᠴᠢᠭᠯᠡᠯ ᠢ ᠪᠠᠲᠤ ᠡᠵᠡᠮᠳᠡᠵᠦ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠥᠷᠦ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠤᠯᠤᠰ ᠲᠥᠷᠦ ᠶᠢᠨ ᠠᠮᠢ ᠠᠬᠤᠶ ᠶᠢ ᠴᠡᠪᠡᠷᠰᠢᠭᠦᠯᠵᠦ᠂ ᠤᠯᠤᠰ ᠲᠥᠷᠦ ᠶᠢᠨ ᠵᠥᠪᠯᠡᠯᠭᠡᠨ ᠤ ᠨᠠᠮ ᠤᠨ ᠤᠯᠤᠰ ᠲᠥᠷᠦ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠬᠤ ᠬᠡᠷᠡᠭᠲᠡᠶ᠃ ᠨᠠᠮ ᠤᠨ ᠲᠥᠪ ᠬᠤᠷᠢᠶᠠᠨ ᠤ ᠰᠢᠢᠤᠡᠪᠤᠷᠢᠳᠤ ᠪᠣᠳᠣᠯᠭ᠎ᠠ ᠪᠠᠶᠢᠷᠢᠯᠠᠭᠤᠯᠤᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠵᠢᠯ ᠳᠠᠬᠢ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ᠂ ᠪᠦᠯᠬᠦᠮ ᠪᠠ‌ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠤᠨ ᠣᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠤᠨ᠎ᠠ᠃      ᠬᠤᠶᠠᠷ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠦᠵᠡᠯ ᠰᠠᠨᠠᠭ᠎ᠠ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠬᠤ᠂ ᠰᠢᠨ᠎ᠡ ᠴᠠᠭ ᠦᠶ᠎ᠡ ᠶᠢᠨ ᠤᠯᠤᠰ ᠲᠥᠷᠦ ᠶᠢᠨ ᠵᠥᠪᠯᠡᠯᠭᠡᠨ ᠤ ᠰᠢᠨ᠎ᠡ ᠣᠷᠣᠨ ᠪᠠᠶᠢᠷᠢ ᠰᠢᠨ᠎ᠡ ᠡᠭᠦᠷᠭᠡ ᠶᠢ ᠣᠨᠣᠪᠴᠢᠲᠠᠶ ᠡᠵᠡᠮᠰᠢᠬᠦ ᠶᠢᠨ ᠪᠤᠰᠤᠳᠴᠢ ᠱᠠᠭᠠᠷᠳᠠᠯᠭ᠎ᠠ‌ᠮᠥ᠋ᠨ᠃ ᠣᠨᠣᠯ ᠤᠨ ᠲᠠᠯ᠎ᠠ ᠪᠠᠷ ᠰᠡᠷᠭᠡᠭ ᠪᠠᠶᠢᠬᠤ ᠪᠣᠯ ᠤᠯᠤᠰ ᠲᠥᠷᠦ ᠶᠢᠨ ᠲᠠᠯ᠎ᠠ ᠪᠠᠷ ᠰᠡᠷᠭᠡᠭ ᠪᠠᠶᠢᠬᠤ ᠶᠢᠨ ᠤᠷᠢᠲᠠᠯ ᠮᠥᠨ᠂ ᠣᠨᠣᠯ ᠤᠨ ᠲᠠᠯ᠎ᠠ ᠪᠠᠷ ᠡᠷᠡᠰ ᠪᠠᠲᠤ ᠪᠠᠶᠢᠬᠤ ᠪᠣᠯ ᠤᠯᠤᠰ ᠲᠥᠷᠦ ᠶᠢᠨ ᠲᠠᠯ᠎ᠠ ᠪᠠᠷ ᠡᠷᠡᠰ ᠪᠠᠲᠤ ᠪᠠᠶᠢᠬᠤ ᠶᠢᠨ ᠪᠠᠲᠤᠯᠠᠭ᠎ᠠ ᠮᠥᠨ᠃ᠤᠯᠤᠰ ᠲᠥᠷᠦ ᠶᠢᠨ ᠵᠥᠪᠯᠡᠯᠭᠡᠨ ᠤ ᠰᠢᠰᠲ᠋ᠧᠮ ᠤᠨᠤᠯ ᠤᠨ ᠰᠤᠷᠤᠯᠴᠠᠯᠭ᠎ᠠ ᠪᠠᠨ ᠬᠦᠴᠦᠯᠡᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠴᠠᠭ ᠲᠤᠬᠠᠶ ᠳᠤᠨᠢ ᠲᠠᠭᠠᠨ ᠰᠤᠷᠤᠯᠴᠠᠵᠤ ᠲᠤᠣᠱᠯᠠᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ ᠤ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠴᠥᠬᠦᠷᠡᠰᠢ ᠦᠭᠡᠢ ᠴᠢᠷᠮᠠᠶᠢᠬᠤ ᠣᠪᠣᠷ ᠢᠶᠠᠷ ᠯᠠᠪᠳᠠᠭᠤᠨ ᠪᠠᠲᠤᠲᠠᠶ ᠰᠤᠷᠤᠯᠴᠠᠵᠤ᠂ ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠰᠡᠳᠬᠢᠴᠡ ᠪᠠᠷ ᠲᠠᠭᠠᠨ ᠰᠤᠷᠤᠯᠴᠠᠵᠤ᠂ ᠪᠦᠷᠢᠨ ᠲᠡᠭᠦᠯᠳᠡᠷ ᠳᠦᠷᠢᠮ ᠤᠨ ᠪᠠᠲᠤᠯᠠᠭ᠎ᠠ ᠪᠠᠷ ᠰᠤᠷᠤᠯᠴᠠᠯᠭ᠎ᠠ ᠪᠠᠨ ᠪᠠᠲᠤᠯᠠᠵᠤ᠂ ᠰᠤᠷᠤᠯᠴᠠᠬᠤ ᠶᠢᠨ ᠳᠠᠭᠠᠤ ᠰᠠᠶᠢᠵᠢᠷᠠᠭᠤᠯᠬᠤ ᠰᠤᠷᠲᠠᠯ ᠢᠶᠠᠷ ᠰᠤᠷᠤᠯᠴᠠᠯᠭ᠎ᠠ ᠪᠠᠨ ᠠᠬᠢᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠶ ᠪᠠᠨ ᠵᠡᠪᠰᠡᠭᠯᠡᠵᠦ ᠤᠶᠢᠯᠡᠳᠤᠯᠭᠡ ᠪᠠᠨ ᠵᠢᠯᠣᠭᠤᠳᠤᠭᠤᠯᠬᠤ ᠬᠡᠷᠡᠭᠲᠡᠶ᠃ ᠰᠤᠷᠤᠯᠴᠠᠯᠭ᠎ᠠ ᠪᠠᠷ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠵᠦ᠂ ᠰᠤᠷᠤᠯᠴᠠᠯᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠠᠤᠡᠭᠡᠬᠦ ᠤᠶᠢᠯᠡᠳᠤᠯᠭᠡ ᠶᠢ ᠬᠥᠲᠥᠯᠥᠨ ᠳᠠᠭᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠰᠢᠨ᠎ᠡ ᠣᠷᠣᠨ ᠪᠠᠶᠢᠷᠢ ᠰᠢᠨ᠎ᠡ ᠡᠭᠦᠷᠭᠡ ᠬᠠᠷᠢᠭᠤᠴᠠᠯᠭ᠎ᠠ ᠶᠢ ᠨᠠᠩ ᠰᠠᠶᠢᠲᠤᠷ ᠡᠵᠡᠮᠳᠡᠵᠦ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠢ ᠬᠠᠪᠰᠤᠷᠤᠨ ᠤᠯᠤᠰ ᠲᠥᠷᠦ ᠶᠢᠨ ᠵᠥᠪᠯᠡᠯᠭᠡᠨ ᠢ ᠣᠶᠢᠯᠠᠭᠠᠬᠤ᠂ ᠵᠥᠪᠯᠡᠯᠭᠡ ᠬᠢᠵᠦ ᠴᠢᠳᠠᠬᠤ᠂ ᠲᠥᠷᠦ ᠶᠢᠨ ᠬᠡᠷᠡᠭ ᠢ ᠵᠥᠪᠯᠡᠬᠦ ᠳᠡᠭᠡᠨ ᠴᠢᠳᠠᠮᠠᠭᠠᠶ ᠪᠣᠯᠭᠠᠵᠤ᠂ ᠰᠠᠬᠢᠯᠭ᠎ᠠ ᠪᠠᠲᠤ ᠶᠢ ᠰᠠᠬᠢᠬᠤ᠂ ᠶᠣᠰᠣ ᠳᠦᠷᠢᠮ ᠢ ᠡᠷᠬᠢᠮᠯᠡᠬᠦ᠂ ᠬᠦᠨᠳᠦ ᠡᠭᠦᠷᠭᠡ ᠶᠢ ᠴᠢᠬᠤᠯᠠᠴᠢᠯᠠᠬᠤ ᠪᠣᠯᠭᠠᠵᠤ᠂ ᠤᠯᠤᠰ ᠲᠥᠷᠦ ᠶᠢᠨ ᠵᠥᠪᠯᠡᠯᠭᠡᠨ ᠤ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠪᠤᠢ ᠪᠣᠯᠭᠠᠬᠤ ᠬᠡᠷᠡᠭᠲᠡᠶ᠃      ᠭᠤᠷᠪᠠ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠲᠤᠰᠢᠶᠠᠯ ᠬᠠᠷᠢᠭᠤᠴᠠᠯᠭ᠎ᠠ ᠪᠠᠨ ᠭᠦᠢᠴᠠᠤᠡᠭᠡᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠪᠠᠲᠤ ᠪᠠᠬᠢ ᠪᠤᠢ ᠪᠣᠯᠭᠠᠬᠤ ᠪᠦᠲᠦᠮᠵᠢᠲᠡᠶ ᠠᠴᠢᠶᠠᠯᠠᠪᠤᠷᠢ ᠮᠥᠨ᠃ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠬᠠᠷᠢᠭᠤᠴᠠᠯᠭ᠎ᠠ ᠶᠢ ᠣᠯᠭᠤᠵᠤ᠂ ᠰᠢᠨ᠎ᠡ ᠪᠠᠶᠢᠳᠠᠯ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ᠃ ᠰᠢᠨ᠎ᠡ ᠴᠠᠭ ᠣᠶᠢᠶ᠎ᠠ ᠳᠤ ᠨᠠᠮ ᠪᠠ ᠤᠯᠤᠰ ᠠᠴᠠ ᠡᠯ᠎ᠡ ᠵᠤᠶᠢᠯ ᠤᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠥᠭᠡᠳ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠤᠶᠢᠯᠡᠰ ᠲᠤ ᠨᠠᠩ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠤᠯᠤᠰ ᠲᠥᠷᠦ ᠶᠢᠨ ᠵᠥᠪᠯᠡᠯᠭᠡᠨ ᠤ ᠠᠵᠢᠯ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠶᠠᠰᠤ ᠴᠢᠨᠠᠷ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠲᠥᠷᠦ ᠶᠢᠨ ᠵᠥᠪᠯᠡᠯᠭᠡᠨ ᠤ ᠠᠵᠢᠯ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠪᠠᠶᠢᠴᠠᠭᠠᠨ ᠳᠡᠯᠭᠡᠵᠦ᠂ ᠤᠯᠤᠰ ᠲᠥᠷᠦ ᠶᠢᠨ ᠵᠥᠪᠯᠡᠯᠭᠡᠨ ᠤ ᠠᠵᠢᠯ ᠢ ︽ᠶᠠᠭᠤ ᠬᠢᠭᠰᠡᠨ︾᠂ ︽ᠬᠡᠳᠦᠶ ᠬᠢᠭᠰᠡᠨ︾᠎ ᠢ ᠴᠢᠬᠤᠯᠠᠴᠢᠯᠠᠵᠤ ᠪᠠᠶᠢᠭᠰᠠᠨ ᠠᠴᠠ ︽ᠶᠠᠮᠠᠷ ᠦᠷ᠎ᠡ ᠪᠦᠲᠦᠮᠵᠢ ᠭᠠᠷᠭᠠᠭᠰᠠᠨ︾ ᠲᠡᠰᠢ ᠬᠤᠪᠢᠷᠠᠭᠤᠯᠵᠤ᠂ ᠣᠨᠴᠠᠯᠢᠭ ᠲᠠᠢ᠂ ᠨᠥᠯᠥᠭᠡ ᠲᠠᠢ᠂ ᠪᠣᠳᠠᠲᠤ ᠦᠷ᠎ᠡ ᠪᠦᠲᠦᠮᠵᠢ ᠲᠠᠢ ᠴᠢᠭᠯᠡᠯ ᠲᠡᠰᠢ ᠤᠷᠤᠭᠰᠢᠯᠠᠵᠤ᠂ ᠰᠢᠨ᠎ᠡ ᠰᠡᠳᠬᠢᠴᠡ ᠣᠶᠢᠯᠠᠭᠠᠭᠳᠠᠬᠤᠨ᠂ ᠰᠢᠨ᠎ᠡ ᠬᠠᠶᠢᠨ ᠰᠦᠪᠡᠭᠴᠢᠯᠡᠯᠲᠡ ᠤᠶᠢᠯᠡᠳᠤᠯᠭᠡ᠂ ᠰᠢᠨ᠎ᠡ ᠣᠶᠤᠨ ᠰᠠᠨᠠᠭᠠᠨ ᠤ ᠬᠥᠪᠴᠢ᠂ ᠰᠢᠨ᠎ᠡ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠬᠠᠶᠢᠷᠤᠪ ᠤᠨ ᠲᠣᠬᠤᠢ ᠲᠤᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ ᠰᠢᠨ᠎ᠡ ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号