ᠬᠠᠶᠢᠷᠤᠪ ᠤᠨ ᠲᠣᠬᠤᠢ ᠲᠣᠭᠤᠷᠢᠭ ︽ᠬᠤᠤᠰ ᠬᠤᠲᠠ ᠬᠤᠯᠪᠣᠭᠠᠯᠠᠨ ᠡᠭᠦᠳᠬᠦ︾ ᠪᠠᠶᠢᠴᠠᠭᠠᠯᠲᠠ ᠶᠢ ᠤᠭᠲᠤᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2019-10-29
   10 ᠰᠠᠷ᠎ᠠ ᠶᠢᠨ 28᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ 2019 ᠤᠨ ᠤ ︽ᠬᠤᠤᠰ ᠬᠤᠲᠠ ᠬᠤᠯᠪᠣᠭᠠᠯᠠᠨ ᠡᠭᠦᠳᠬᠦ︾ ᠪᠠᠶᠢᠴᠠᠭᠠᠯᠲᠠ ᠶᠢ ᠤᠭᠲᠤᠬᠤ ᠠᠵᠢᠯ ᠢ ᠠᠬᠢᠭᠤᠯᠬᠤ ᠬᠤᠷᠠᠯ ᠢ ᠥᠷᠨᠢᠭᠦᠯᠪᠡ᠃
   ᠬᠤᠷᠠᠯ ᠳᠡᠭᠡᠷ᠎ᠡ ᠪᠠᠶᠢᠴᠠᠭᠠᠯᠲᠠ ᠶᠢ ᠤᠭᠲᠤᠬᠤ ᠠᠵᠢᠯ ᠶᠢᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠪᠠ᠂ ᠬᠠᠶᠢᠷᠤᠪ ᠤᠨ ᠲᠣᠬᠤᠢ ᠲᠣᠭᠤᠷᠢᠭ ᠤᠨ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠠᠭᠠᠴᠢ ᠶᠢᠨ ᠱᠠᠲᠤᠨ ᠤ ᠠᠵᠢᠯ ᠶᠢᠨ ᠡᠭᠦᠷᠭᠡ ᠪᠠᠨ ᠲᠣᠳᠣᠷᠬᠠᠶᠢᠯᠠᠵᠤ᠂ ᠤᠳᠠᠯ ᠥᠬᠡᠶ ᠬᠦᠷᠴᠦ ᠢᠷᠡᠬᠦ ︽ᠬᠤᠶᠠᠷ ᠬᠤᠲᠠ ᠶᠢ ᠬᠤᠯᠪᠣᠭᠠᠯᠠᠨ ᠡᠭᠦᠳᠬᠦ︾ ᠬᠡᠮᠵᠢᠨ ᠲᠣᠭᠲᠠᠭᠠᠬᠤ ᠡᠯ᠎ᠡ ᠵᠤᠶᠢᠯ ᠤᠨ ᠠᠵᠢᠯ ᠢ ᠪᠣᠳᠠᠲᠠᠶ ᠪᠥᠭᠡᠳ ᠡᠮᠦᠨ᠎ᠡ ᠨᠢ ᠬᠢᠵᠦ᠂ ᠬᠠᠮᠤᠭ ᠤᠨ ᠰᠠᠶᠢᠨ ᠪᠠᠶᠢᠳᠠᠯ ᠢᠶᠠᠷ ᠪᠠᠶᠢᠴᠠᠭᠠᠯᠲᠠ ᠶᠢ ᠤᠭᠲᠤᠬᠤ ᠪᠠᠷ ᠴᠢᠷᠮᠠᠶᠢᠬᠤ ᠬᠡᠷᠡᠭᠲᠡᠶ᠃ ᠡᠯ᠎ᠡ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠡ ᠣᠳᠣᠬᠠᠨ ᠤ ᠪᠠᠶᠢᠳᠠᠯ ᠢᠶᠠᠨ ᠬᠤᠪᠢᠷᠠᠭᠤᠯᠵᠤ᠂ ᠰᠢᠪᠲᠤᠯᠤᠯᠲᠠ ᠶᠢᠨ ᠡᠭᠦᠷᠭᠡ᠂ ᠭᠤᠤᠯᠳᠠᠯᠭ᠎ᠠ ᠲᠠᠢ ᠣᠷᠣᠨ ᠪᠦᠰᠡ ᠵᠡᠷᠭᠡ ᠠᠭᠤᠯᠭ᠎ᠠ ᠶᠢ ᠴᠡᠭ ᠬᠤᠪᠢᠶᠠᠨ ᠴᠡᠭᠴᠡᠯᠡᠨ ᠵᠠᠰᠠᠵᠤ᠂ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠢᠯ ᠶᠢᠨ ᠠᠯᠬᠤᠴᠠ ᠪᠠᠨ ᠲᠦᠷᠭᠡᠳᠬᠡᠵᠦ᠂ ᠡᠭᠦᠳᠦᠨ ᠪᠠᠶᠢᠭᠤᠯᠬᠤ ᠠᠵᠢᠯ ᠶᠢᠨ ᠥᠷᠨᠢᠯᠲᠡ ᠶᠢ ᠳᠠᠬᠢᠨ ᠰᠡᠬᠦᠬᠦ ᠬᠡᠷᠡᠭᠲᠡᠶ᠃
     ᠬᠤᠷᠠᠯ ᠠᠴᠠ᠂ ︽ᠬᠤᠶᠠᠷ ᠬᠤᠲᠠ ᠬᠤᠯᠪᠣᠭᠠᠯᠠᠨ ᠡᠭᠦᠳᠬᠦ︾ ᠪᠠᠶᠢᠴᠠᠭᠠᠯᠲᠠ ᠶᠢ ᠤᠭᠲᠤᠬᠤ ᠠᠵᠢᠯ ᠨᠢᠭᠡᠨᠲᠡ ᠪᠠᠴᠢᠮ ᠲᠤᠯᠭᠠᠮ᠎ᠠ ᠪᠣᠯᠵᠤ ᠪᠠᠶᠢᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠦᠳᠲᠡᠷ ᠲᠦᠷᠭᠡᠨ ᠬᠥᠳᠡᠯᠦᠯᠴᠡᠵᠦ᠂ ᠡᠷᠬᠡᠪᠰᠢ ᠢᠯᠠᠬᠤ ᠡᠷᠡᠰ ᠵᠣᠷᠢᠭ᠂ ᠵᠠᠪᠠᠯ ᠣᠯᠬᠤ ᠰᠥᠰᠥ ᠵᠣᠷᠢᠭ᠂ ᠴᠠᠭ ᠮᠥᠴᠡ ᠶᠢ ᠠᠯᠳᠠᠯ ᠦᠭᠡᠢ ᠲᠡᠮᠡᠴᠡᠬᠦ ᠡᠷᠴᠢ ᠵᠣᠷᠢᠭ ᠢᠶᠠᠷ ᠪᠠᠶᠢᠴᠠᠭᠠᠯᠲᠠ ᠶᠢ ᠤᠭᠲᠤᠬᠤ ᠰᠢᠢᠤᠡᠪᠤᠷᠢᠳᠤ ᠳᠠᠶᠢᠯᠠᠯᠳᠤᠭᠠᠨ ᠬᠢᠵᠦ᠂ ᠪᠦᠬᠦ ᠤᠯᠤᠰ ᠤᠨ ᠪᠣᠯᠪᠠᠰᠤᠨ ᠬᠤᠲᠠ᠂ ᠤᠯᠤᠰ ᠤᠨ ᠠᠷᠢᠭᠤᠨ ᠴᠡᠪᠡᠷ ᠬᠤᠲᠠ ᠶᠢ ᠡᠷᠲᠡᠬᠡᠨ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠬᠡᠷᠡᠭᠲᠡᠶ ᠭᠡᠵᠦ ᠴᠢᠬᠤᠯᠠᠴᠢᠯᠠᠪᠠ᠃  
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号