ᠬᠠᠶᠢᠷᠤᠪ ᠤᠨ ᠲᠣᠬᠤᠢ ᠲᠤᠭᠤᠷᠢᠭ ᠬᠤᠪᠢᠰᠬᠠᠯᠲᠤ ᠦᠯᠢᠭᠡᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019-10-30
      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠨᠢ ᠰᠢᠨ᠎ᠡ ᠶᠢ ᠡᠭᠦᠳᠬᠦ ᠬᠡᠯᠪᠡᠷᠢ ᠪᠠᠷ ᠭᠤᠤᠯ ᠰᠡᠳᠦᠪᠲᠦ ᠬᠥᠮᠦᠵᠢᠯ ᠢ ᠴᠢᠷᠮᠠᠶᠢᠨ ᠥᠷᠨᠢᠭᠦᠯᠵᠦ᠂ ᠭᠤᠤᠯ ᠰᠡᠳᠦᠪᠲᠦ ᠬᠥᠮᠦᠵᠢᠯ ᠢ ᠨᠠᠩ ᠳᠣᠲᠤᠨᠣᠰᠤᠭ᠂ ᠨᠠᠩ ᠥᠷᠭᠡᠨ ᠳᠡᠯᠭᠡᠷᠡᠩᠭᠦᠢ ᠪᠣᠯᠭᠠᠪᠠ᠃ ᠣᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠡᠬᠦ ᠭᠤᠤᠯ ᠰᠡᠳᠦᠪᠲᠦ ᠬᠥᠮᠦᠵᠢᠯ ᠤᠨ ᠬᠤᠪᠢᠰᠬᠠᠯᠲᠤ ᠦᠯᠢᠭᠡᠷ ᠤᠨ ᠬᠤᠷᠠᠯ ᠬᠠᠶᠢᠷᠤᠪ ᠤᠨ ᠲᠣᠬᠤᠢ ᠲᠣᠭᠤᠷᠢᠭ ᠤᠨ ᠨᠠᠮ ᠵᠠᠰᠠᠭ ᠤᠨ ᠣᠷᠳᠣᠨ ᠳᠤ ᠶᠠᠪᠤᠭᠳᠠᠪᠠ᠃      ᠠᠵᠢᠯᠯᠠᠭ᠎ᠠ ᠨᠢ ᠠᠬᠠᠮᠠᠳ ᠤᠯᠠᠭᠠᠨ ᠴᠡᠷᠢᠭ ᠳᠣᠷᠵᠢ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠲᠤᠬᠠᠶ ᠬᠦᠤᠷᠨᠢᠯ ᠪᠠ ᠵᠠᠩ ᠶᠣᠣ ᠭᠦᠸᠧ ᠶᠢᠨ ᠲᠡᠷᠢᠭᠦᠨ ᠤ ᠦᠢᠯᠡ ᠠᠵᠢᠯᠯᠠᠭ᠎ᠠ ᠶᠢᠨ ᠲᠤᠬᠠᠶ ᠬᠦᠤᠷᠨᠢᠯ ᠶᠢ ᠲᠤᠬᠠᠶ ᠶᠢᠨ ᠲᠠᠯᠠᠪᠠᠢ ᠳᠤ᠂ ᠦᠬᠠᠶ ᠶᠢᠨ ᠷᠠᠳᠢᠣ᠋ ᠲᠧᠯᠸᠢᠰ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠤᠯᠠᠭᠠᠨ᠂ ᠵᠦᠩ ᠾᠧ ᠶᠤᠸᠠᠨ ᠲᠣᠰᠬᠤᠨ ᠤ ᠨᠠᠮ ᠤᠨ ᠡᠭᠦᠷ ᠤᠨ ᠱᠦᠵᠢ ᠶᠠᠩ ᠬᠤᠢ ᠪᠣᠯᠤᠨ ᠪᠦᠬᠦ ᠤᠯᠤᠰ ᠤᠨ ᠬᠠᠮᠤᠭ ᠤᠨ ᠭᠤᠶᠤ ᠴᠢᠷᠮᠠᠶᠢᠨ ᠲᠡᠮᠡᠴᠡᠭᠴᠢ ᠴᠢᠶᠣᠤ ᠭᠤᠤ ᠯᠸᠢ ᠶᠢ ᠤᠷᠢᠵᠤ᠂ ᠬᠠᠶᠢᠷᠤᠪ ᠤᠨ ᠲᠣᠬᠤᠢ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠲᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠦᠭᠰᠡᠨ ︽ᠰᠠᠶᠢᠨ ᠦᠯᠢᠭᠡᠷ︾᠎ ᠢ ᠶᠠᠷᠢᠪᠠ᠃ ᠢᠯᠡᠳᠬᠡᠭᠴᠢᠳ ᠪᠣᠷᠣᠭᠵᠢᠭᠤᠨ ᠦᠭᠡ ᠬᠡᠯᠡ᠂ ᠣᠷᠭᠢᠯᠤᠮ᠎ᠠ ᠰᠡᠳᠭᠢᠯ ᠢᠶᠠᠷ ᠬᠥᠮᠦᠰ ᠤᠨ ᠰᠡᠳᠬᠢᠯ ᠢ ᠵᠣᠷᠢᠭᠵᠢᠭᠤᠯᠤᠮ᠎ᠠ ᠦᠯᠢᠭᠡᠷ ᠢ ᠶᠠᠷᠢᠵᠤ᠂ ᠦᠵᠡᠭᠴᠢᠳ ᠮᠠᠨᠢ ᠴᠦ ᠦᠯᠢᠭᠡᠷ ᠤᠨ ᠳᠠᠯᠠᠢ ᠳᠤ ᠱᠤᠮᠪᠠᠵᠤ᠂ ᠦᠯᠢᠭᠡᠷ ᠤᠨ ᠪᠠᠭᠠᠲᠤᠷ ᠤᠨ ᠦᠢᠯᠡ ᠠᠵᠢᠯᠯᠠᠭ᠎ᠠ ᠨᠢ ᠰᠡᠳᠬᠢᠯ ᠢ ᠨᠢ ᠬᠥᠨᠳᠡᠵᠦ ᠪᠠᠶᠢᠯ᠎ᠠ᠃      ᠬᠤᠪᠢᠰᠬᠠᠯᠲᠤ ᠦᠯᠢᠭᠡᠷ ᠤᠨ ᠬᠤᠷᠠᠯ ᠪᠣᠯ ᠬᠠᠶᠢᠷᠤᠪ ᠤᠨ ᠲᠣᠬᠤᠢ ᠲᠣᠭᠤᠷᠢᠭ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠠᠵᠢᠯᠯᠠᠭᠠᠨ ᠳᠤᠮᠳᠠᠬᠢ ᠰᠢᠨ᠎ᠡ ᠶᠢ ᠡᠭᠦᠳᠬᠦ ᠬᠥᠳᠡᠯᠭᠡᠭᠡᠨ ᠪᠣᠯᠤᠨ᠎ᠠ᠃ ᠠᠵᠢᠯᠯᠠᠭ᠎ᠠ ᠶᠢᠨ ᠵᠣᠷᠢᠯᠭ᠎ᠠ ᠨᠢ ︽ᠳᠡᠷᠭᠡᠳᠡᠬᠢ ᠬᠥᠮᠦᠰ ᠨᠢ ᠳᠡᠷᠭᠡᠳᠡᠬᠢ ᠶᠠᠪᠤᠳᠠᠯ ᠢᠶᠠᠨ ᠶᠠᠷᠢᠬᠤ︾᠂ ︽ᠵᠢᠵᠢᠭ ᠦᠯᠢᠭᠡᠷ︾᠎ ᠢᠶᠠᠷ ︽ᠶᠡᠭᠡ ᠭᠤᠤᠯ ᠰᠡᠳᠦᠪ︾᠎ ᠢ ᠢᠯᠡᠷᠡᠭᠦᠯᠬᠦ᠂ ︽ᠵᠢᠵᠢᠭ ᠡᠬᠢᠯᠡᠯᠲᠡ︾᠎ ᠢᠶᠠᠷ ︽ᠶᠡᠭᠡ ᠬᠤᠪᠢᠰᠤᠯᠲᠠ︾᠎ ᠶᠢᠨ ᠬᠡᠯᠪᠡᠷᠢ ᠶᠢ ᠢᠯᠡᠷᠡᠭᠦᠯᠵᠦ᠂ ᠬᠥᠮᠦᠨ ᠢ ᠨᠥᠯᠥᠭᠡᠯᠡᠬᠦ᠂ ᠬᠥᠮᠦᠨ ᠢ ᠬᠥᠮᠦᠵᠢᠭᠦᠯᠬᠦ᠂ ᠬᠥᠮᠦᠨ ᠢ ᠵᠣᠷᠢᠭᠵᠢᠭᠤᠯᠬᠤ ᠬᠠᠷᠠᠯᠲᠠ ᠪᠠᠷ ᠬᠤᠪᠢᠰᠬᠠᠯᠲᠤ ᠰᠣᠶᠣᠯ ᠢ ᠤᠬᠠᠭᠤᠯᠵᠤ᠂ ᠬᠤᠪᠢᠰᠬᠠᠯ ᠤᠨ ᠤᠯᠠᠮᠵᠢᠯᠠᠯᠲᠤ ᠬᠥᠮᠦᠵᠢᠯ ᠢ ᠰᠠᠶᠢᠲᠤᠷ ᠥᠷᠨᠢᠭᠦᠯᠬᠦ ᠶᠠᠪᠤᠳᠠᠯ ᠪᠣᠯᠤᠨ᠎ᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠬᠥᠳᠡᠯᠦᠨ ᠳᠠᠭᠠᠭᠤᠯᠵᠤ ᠪᠠᠶᠢᠭᠠᠳ ᠨᠠᠮ ᠤᠨ ᠢᠷᠠᠭᠤ ᠠᠯᠳᠠᠷᠲᠤ ᠲᠡᠤᠬᠡ ᠪᠣᠯᠤᠨ ᠰᠢᠯᠢᠳᠡᠭ ᠤᠯᠠᠮᠵᠢᠯᠠᠯ ᠢ ᠪᠠᠲᠤ ᠴᠡᠭᠡᠵᠢᠯᠡᠭᠦᠯᠵᠦ᠂ ᠬᠤᠪᠢᠰᠬᠠᠯ ᠤᠨ ᠬᠥᠮᠦᠵᠢᠯ ᠢ ᠬᠦᠷᠲᠡᠬᠦ ᠳᠤᠮᠳᠠ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠵᠠᠮ ᠳᠠᠭᠠᠨ ᠡᠷᠴᠢᠮᠲᠡᠢ ᠲᠡᠮᠡᠴᠡᠬᠦ ᠵᠣᠷᠢᠭ ᠢ ᠢᠯᠡᠷᠡᠭᠦᠯᠵᠦ᠂ ᠬᠤᠪᠢᠰᠬᠠᠯ ᠤᠨ ᠲᠥᠯᠥᠭᠡ ᠲᠡᠮᠡᠴᠡᠬᠦ᠂ ᠦᠷᠡᠭᠳᠡᠭᠰᠡᠨ ᠠᠭᠤᠤ ᠶᠡᠭᠡ ᠦᠢᠯᠡᠰ ᠢ ᠬᠦᠴᠦᠯᠡᠨ ᠤᠷᠤᠭᠰᠢᠯᠠᠭᠤᠯᠬᠤ ᠪᠣᠯᠣᠨ᠎ᠠ᠃
 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号