ᠬᠠᠶᠢᠷᠤᠪ ᠤᠨ ᠲᠣᠬᠤᠢ ᠲᠣᠭᠤᠷᠢᠭ ᠤᠨ ᠲᠥᠯᠥᠭᠡᠯᠡᠭᠴᠢᠳ ᠤᠨ ᠠᠩᠭᠢ ᠦᠬᠠᠶ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ ᠤ ᠰᠢᠯᠢᠳᠡᠭ ᠪᠦᠲᠦᠮᠵᠢ ᠶᠢ ᠣᠯᠪᠠ
ᠨᠡᠶᠢᠲᠡᠯᠡᠭᠰᠡᠨ ᠴᠠᠭ᠄
2019-10-30
     ᠪᠦᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠮᠡᠳᠡᠯᠭᠡ ᠶᠢᠨ ᠤᠷᠤᠯᠳᠤᠭᠠᠨ ᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠡᠬᠢᠯᠡᠪᠡ᠃ ᠲᠣᠰ ᠤᠳᠠᠭᠠᠨ ᠤ ᠤᠷᠤᠯᠳᠤᠭᠠᠨ ᠤ ᠠᠭᠤᠯᠭ᠎ᠠ ᠨᠢ ᠵᠠᠮ ᠬᠠᠷᠢᠯᠴᠠᠭᠠᠨ ᠤ ᠠᠮᠤᠷ ᠲᠦᠪᠰᠢᠨ᠂ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠭᠠᠯ ᠤᠨᠲᠠᠷᠠᠭᠠᠬᠤ᠂ ᠤᠰᠤᠨ ᠳᠤ ᠵᠢᠪᠬᠦ᠂ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠵᠡᠷᠭᠡ ᠲᠠᠯ᠎ᠠ ᠶᠢᠨ ᠠᠮᠤᠷ ᠲᠦᠪᠰᠢᠨ ᠤ ᠮᠡᠳᠡᠯᠭᠡ ᠲᠠᠢ ᠬᠤᠯᠪᠣᠭᠳᠠᠨ᠎ᠠ᠃ ᠤᠷᠤᠯᠳᠤᠭᠠᠨ ᠨᠢ ᠵᠠᠪᠠᠯ ᠬᠠᠷᠢᠭᠤᠯᠬᠤ ᠰᠡᠳᠦᠪ᠂ ᠪᠤᠯᠢᠶᠠᠯᠳᠤᠨ ᠬᠠᠷᠢᠭᠤᠯᠬᠤ ᠰᠡᠳᠦᠪ᠂ ᠶᠠᠷᠢᠶ᠎ᠠ ᠢᠯᠡᠳᠬᠡᠯ᠂ ᠦᠵᠡᠭᠳᠡᠯᠲᠦ ᠵᠦᠴᠦᠭᠡ ᠶᠢᠨ ᠲᠣᠭᠯᠠᠯᠲᠠ ᠵᠡᠷᠭᠡ ᠳᠥᠷᠪᠡᠨ ᠭᠤᠭᠴᠤᠭ᠎ᠠ ᠲᠠᠢ᠃ ᠱᠠᠲᠤ ᠱᠠᠲᠤ ᠪᠠᠷ ᠰᠢᠯᠢᠨ ᠰᠣᠩᠭᠤᠬᠤ ᠪᠠᠷ ᠳᠠᠮᠵᠢᠨ᠂ ᠬᠠᠶᠢᠷᠤᠪ ᠤᠨ ᠲᠣᠬᠤᠢ ᠲᠣᠭᠤᠷᠢᠭ ᠤᠨ 4 ᠲᠥᠯᠥᠭᠡᠯᠡᠭᠴᠢᠳ ᠤᠨ ᠠᠩᠭᠢ ᠶᠡᠷᠦᠩᠬᠡᠶ ᠰᠢᠢᠳᠪᠦᠷᠢᠲᠦ ᠤᠷᠤᠯᠳᠤᠭᠠᠨ ᠳᠤ ᠣᠷᠣᠪᠠ᠃      ᠠᠵᠢᠯᠯᠠᠭ᠎ᠠ ᠶᠢᠨ ᠳᠤᠮᠳᠠ᠂ ᠬᠠᠶᠢᠷᠤᠪ ᠤᠨ ᠲᠣᠬᠤᠢ ᠲᠣᠭᠤᠷᠢᠭ ᠤᠨ ᠣᠷᠴᠢᠨᠲᠦ ᠵᠦᠴᠦᠭᠡ ᠶᠢᠨ ᠭᠤᠶᠢᠲᠡ ᠰᠠᠶᠢᠬᠠᠨ ᠲᠣᠭᠯᠠᠯᠲᠠ ᠨᠢ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠵᠤ᠂ ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠬᠠᠶᠢᠷᠤᠪ ᠤᠨ ᠲᠣᠬᠤᠢ ᠲᠣᠭᠤᠷᠢᠭ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 2 ᠲᠥᠯᠥᠭᠡᠯᠡᠭᠴᠢᠳ ᠤᠨ ᠠᠩᠭᠢ ᠲᠣᠰ ᠲᠣᠰ ᠨᠢᠭᠡᠳᠦᠭᠡᠷ᠂ ᠬᠤᠶᠠᠳᠤᠭᠠᠷ ᠲᠤ ᠣᠷᠣᠵᠤ᠂ ᠪᠠᠭ᠎ᠠ ᠰᠤᠷᠭᠠᠭᠤᠯᠢ ᠶᠢᠨ 2 ᠲᠥᠯᠥᠭᠡᠯᠡᠭᠴᠢᠳ ᠤᠨ ᠠᠩᠭᠢ ᠲᠣᠰ ᠲᠣᠰ ᠬᠤᠶᠠᠳᠤᠭᠠᠷ᠂ ᠭᠤᠷᠪᠠᠳᠤᠭᠠᠷ ᠪᠣᠯᠪᠠ᠃ ᠡᠭᠦᠨ ᠤ ᠳᠤ ᠬᠠᠮᠲᠤ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︽ᠬᠠᠮᠤᠭ ᠤᠨ ᠰᠠᠶᠢᠨ ᠵᠣᠬᠢᠶᠠᠨ ᠪᠠᠶᠢᠭᠤᠯᠤᠯᠲᠠ ᠶᠢᠨ ᠱᠠᠩᠨᠠᠯ︾ ᠬᠦᠷᠲᠡᠪᠡ᠃      ᠲᠣᠰ ᠤᠳᠠᠭᠠᠨ ᠤ ᠠᠵᠢᠯᠯᠠᠭ᠎ᠠ ᠨᠢ ᠰᠤᠷᠤᠭᠴᠢᠳ ᠢ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠴᠢᠬᠤᠯᠠ ᠪᠦᠬᠦᠢ ᠶᠡᠷᠦ ᠶᠢᠨ ᠮᠡᠳᠡᠯᠭᠡ ᠶᠢ ᠡᠵᠡᠮᠰᠢᠭᠦᠯᠦᠨ᠂ ᠪᠥᠬᠦ ᠪᠠᠭᠰᠢ ᠰᠤᠷᠤᠭᠴᠢᠳ ᠤᠨ ᠠᠮᠤᠷ ᠲᠦᠪᠰᠢᠨ ᠤ ᠤᠬᠠᠮᠰᠠᠷ ᠢ ᠨᠡᠮᠡᠭᠳᠡᠭᠦᠯᠵᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃ ᠬᠠᠶᠢᠷᠤᠪ ᠤᠨ ᠲᠣᠬᠤᠢ ᠲᠣᠭᠤᠷᠢᠭ ᠡᠭᠦᠨ ᠢᠶᠠᠷ ᠠᠵᠠ ᠲᠣᠬᠢᠶᠠᠯ ᠪᠣᠯᠭᠠᠵᠤ᠂ ᠰᠤᠷᠭᠠᠨ ᠬᠦᠮᠦᠵᠢᠭᠦᠯᠬᠦ ᠪᠠ ᠤᠷᠢᠳᠴᠢᠯᠠᠨ ᠰᠡᠷᠭᠡᠶᠢᠯᠡᠬᠦ ᠶᠢ ᠤᠶᠠᠯᠳᠤᠭᠤᠯᠬᠤ ᠵᠠᠷᠴᠢᠮ ᠶᠣᠰᠣᠭᠠᠷ᠂ ᠠᠮᠤᠷ ᠲᠦᠪᠰᠢᠨ ᠤ ᠬᠥᠮᠦᠵᠢᠯ ᠤᠨ ᠰᠢᠷᠢᠰ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠥᠷᠨᠢᠭᠦᠯᠵᠦ᠂ ᠡᠷᠡᠭᠦᠯ ᠲᠣᠭᠲᠠᠭᠤᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ ᠦᠷᠭᠦᠯᠵᠢᠯᠡᠨ ᠴᠢᠷᠮᠠᠶᠢᠨ᠎ᠠ ᠭᠡᠵᠡᠢ᠃  
 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号