ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠳᠡᠭᠡᠨ ᠤ ᠠᠮᠤᠷ ᠲᠦᠪᠰᠢᠨ ᠤ ᠪᠣᠯᠪᠠᠰᠤᠷᠠᠭᠤᠯᠤᠯ ᠡᠷᠭᠢᠯᠡᠪᠡ
ᠨᠡᠶᠢᠲᠡᠯᠡᠭᠰᠡᠨ ᠴᠠᠭ᠄
2019-10-30
     ᠢᠳᠡᠭᠡᠨ ᠤ ᠵᠦᠢᠯ ᠢ ᠦᠢᠯᠡᠳᠪᠦᠷᠢᠯᠡᠵᠦ ᠡᠳ᠋ᠰᠢᠭᠦᠯᠬᠦ ᠵᠢᠵᠢᠭ ᠦᠢᠯᠡᠳᠪᠦᠷᠢᠯᠡᠭᠴᠢ ᠶᠢᠨ ᠬᠠᠤᠯᠢ ᠴᠠᠭᠠᠵᠠ ᠶᠢᠨ ᠤᠬᠠᠮᠰᠠᠷ ᠪᠣᠯᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠢᠳᠡᠭᠡᠨ ᠤ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠣᠪᠴᠢᠶᠡᠨ ᠠᠴᠠ ᠢᠳᠡᠭᠡᠨ ᠤ ᠠᠮᠤᠷ ᠲᠦᠪᠰᠢᠨ ᠤ ᠡᠬᠢ ᠡᠭᠦᠰᠦᠯ ᠠᠴᠠ ᠨᠢ ᠵᠠᠰᠠᠬᠤ ᠪᠣᠯᠪᠠᠰᠤᠷᠠᠯ ᠡᠷᠬᠢᠯᠡᠪᠡ᠃      ᠪᠣᠯᠪᠠᠰᠤᠷᠠᠭᠤᠯᠤᠯ ᠤᠨ ᠳᠤᠮᠳᠠ᠂ ᠮᠠᠨ ᠤ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠪᠣᠯᠪᠠᠰᠤᠷᠠᠭᠤᠯᠤᠯ ᠳᠤ ᠣᠷᠣᠯᠴᠠᠭᠰᠠᠳ ᠲᠤ ᠢᠳᠡᠭᠡᠨ ᠤ ᠦᠢᠯᠡᠳᠪᠦᠷᠢᠯᠡᠯ ᠤᠨ ᠶᠠᠪᠤᠴᠠ ᠳᠤ ᠠᠵᠢᠯᠯᠠᠵᠤ ᠪᠠᠶᠢᠭ᠎ᠠ ᠬᠥᠮᠦᠰ ᠤᠨ ᠬᠤᠪᠢ ᠬᠥᠮᠦᠨ ᠤ ᠡᠷᠡᠭᠦᠯ ᠬᠠᠮᠠᠭᠠᠯᠠᠯ᠂ ᠦᠢᠯᠡᠳᠪᠦᠷᠢᠯᠡᠯ ᠤᠨ ᠲᠠᠰᠤᠭ ᠤᠨ ᠡᠷᠡᠭᠦᠯ ᠬᠠᠮᠠᠭᠠᠯᠠᠯ᠂ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ ᠪᠠ ᠬᠠᠳᠠᠭᠠᠯᠠᠬᠤ᠂ ᠢᠳᠡᠭᠡᠨ ᠤ ᠦᠢᠯᠡᠳᠪᠦᠷᠢᠯᠡᠯ ᠤᠨ ᠶᠠᠪᠤᠴᠠ ᠶᠢ ᠬᠠᠮᠢᠶᠠᠷᠤᠨ ᠡᠵᠡᠮᠳᠡᠬᠦ᠂ ᠢᠳᠡᠭᠡᠨ ᠤ ᠨᠡᠮᠡᠯᠲᠡ ᠡᠳ᠋ ᠢ ᠬᠡᠷᠡᠭᠯᠡᠬᠦ ᠪᠠ ᠤᠬᠢᠶᠠᠨ ᠴᠡᠪᠡᠷᠯᠡᠵᠦ ᠠᠷᠢᠭᠤᠳᠬᠠᠬᠤ ᠬᠠᠮᠢᠶᠠᠷᠤᠯᠲᠠ ᠵᠡᠷᠭᠡ ᠮᠡᠳᠡᠯᠭᠡ ᠶᠢ ᠭᠤᠤᠯᠳᠠᠯᠭ᠎ᠠ ᠲᠠᠢ ᠲᠠᠶᠢᠯᠪᠤᠷᠢᠯᠠᠬᠤ ᠶᠢᠨ ᠬᠠᠮᠲᠤ ᠡᠳᠦᠷ ᠲᠤᠲᠤᠮ ᠤᠨ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠵᠠᠷᠢᠮ ᠢᠳᠡᠭᠡᠨ ᠤ ᠠᠮᠤᠷ ᠲᠦᠪᠰᠢᠨ ᠤ ᠳᠠᠯᠳᠠ ᠭᠡᠮ ᠤᠨ ᠠᠰᠠᠭᠤᠳᠠᠯ ᠲᠠᠢ ᠤᠶᠠᠯᠳᠤᠭᠤᠯᠤᠨ᠂ ᠣᠨᠣᠯ ᠢ ᠪᠣᠳᠠᠲᠠᠶ ᠲᠠᠢ ᠤᠶᠠᠯᠳᠤᠭᠤᠯᠤᠨ ᠪᠣᠯᠪᠠᠰᠤᠷᠠᠭᠤᠯᠤᠯ ᠬᠢᠵᠦ᠂ ᠢᠳᠡᠭᠡᠨ ᠤ ᠦᠢᠯᠡᠳᠪᠦᠷᠢᠯᠡᠭᠴᠢᠳ ᠢ ᠢᠳᠡᠭᠡᠨ ᠤ ᠠᠮᠤᠷ ᠲᠦᠪᠰᠢᠨ ᠤ ᠦᠢᠯᠡᠳᠪᠦᠷᠢᠯᠡᠯ ᠤᠨ ᠶᠠᠪᠤᠴᠠ ᠳᠠᠬᠢ ᠬᠠᠮᠢᠶᠠᠷᠤᠯᠲᠠ ᠶᠢᠨ ᠭᠤᠤᠯᠳᠠᠯᠭ᠎ᠠ ᠪᠣᠯᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠩ ᠲᠣᠳᠣᠷᠬᠠᠶ ᠪᠣᠯᠭᠠᠵᠠᠶ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠢᠳᠡᠭᠡᠨ ᠪᠣᠯᠪᠠᠰᠤᠷᠠᠭᠤᠯᠬᠤ ᠵᠢᠵᠢᠭ ᠦᠢᠯᠡᠳᠪᠦᠷᠢᠯᠡᠭᠴᠢ ᠶᠢᠨ ᠢᠳᠡᠭᠡᠨ ᠤ ᠠᠮᠤᠷ ᠲᠦᠪᠰᠢᠨ ᠤ ᠤᠬᠠᠮᠰᠠᠷ᠂ ᠬᠠᠷᠢᠭᠤᠴᠠᠯᠭᠠᠲᠤ ᠤᠬᠠᠮᠰᠠᠷ᠂ ᠦᠨᠡᠨᠴᠢ ᠢᠲᠡᠭᠡᠮᠵᠢᠲᠡᠶ ᠡᠵᠡᠩᠨᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠨᠢᠭᠡᠳᠦᠭᠡᠷ ᠬᠠᠷᠢᠭᠤᠴᠠᠯᠭᠠᠲᠠᠨ ᠤ ᠣᠶᠢᠯᠠᠭᠠᠭᠳᠠᠬᠤᠨ ᠢ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠪᠡ᠃
 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号