ᠣᠷᠣᠰᠢᠨ ᠰᠠᠭᠤᠬᠤ ᠳᠤ ᠲᠣᠬᠢᠷᠠᠮᠵᠢᠲᠠᠶ ᠭᠡᠷ ᠣᠷᠣᠨ ᠢᠶᠠᠨ ᠬᠠᠮᠲᠤ ᠪᠠᠷ ᠪᠦᠲᠦᠭᠡᠨ ᠪᠠᠶᠢᠭᠤᠯᠤᠶ᠎ᠠ — ᠬᠠᠶᠢᠷᠤᠪ ᠤᠨ ᠲᠣᠬᠤᠢ ᠲᠣᠭᠤᠷᠢᠭ ᠢᠮᠠᠭᠲᠠ ᠬᠦᠴᠦᠯᠡᠵᠦ ᠪᠣᠶ
ᠨᠡᠶᠢᠲᠡᠯᠡᠭᠰᠡᠨ ᠴᠠᠭ᠄
2019-10-31
     ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤᠮᠳᠠ᠂ ᠬᠠᠶᠢᠷᠤᠪ ᠤᠨ ᠲᠣᠬᠤᠢ ᠲᠣᠭᠤᠷᠢᠭ ᠨᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠣᠯᠠᠨ ᠲᠦᠮᠡᠨ ᠤ ᠠᠮᠢᠳᠤᠷᠠᠯ ᠤᠨ ᠲᠦᠪᠰᠢᠨ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ︽ᠠᠷᠠᠳ ᠤᠨ ᠲᠥᠯᠥᠭᠡ ᠴᠣᠭᠴᠠᠯᠠᠨ ᠪᠠᠶᠢᠭᠤᠯᠬᠤ︾᠂ ︽ᠡᠷᠡᠭᠦᠯ ᠬᠠᠮᠠᠭᠠᠯᠠᠯ ᠢᠶᠠᠷ ᠠᠷᠠᠳ ᠲᠤ ᠠᠰᠢᠭ ᠬᠦᠷᠲᠡᠭᠡᠬᠦ︾᠎ ᠪᠠᠷ ᠤᠳᠤᠷᠢᠳᠤᠮᠵᠢ ᠪᠣᠯᠭᠠᠵᠤ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠶᠡᠬᠡᠪᠡᠷ ᠰᠠᠶᠢᠵᠢᠷᠠᠭᠤᠯᠵᠤ᠂ ᠬᠤᠲᠠ ᠶᠢᠨ ᠠᠷᠠᠳ ᠤᠨ ᠵᠣᠯ ᠵᠢᠷᠭᠠᠯᠲᠤ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ︽ᠪᠦᠬᠦ ᠠᠷᠠᠳ ᠢᠶᠠᠷ ᠢᠶᠠᠨ ᠴᠣᠭᠴᠠᠯᠠᠨ ᠪᠠᠶᠢᠭᠤᠯᠬᠤ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃     ᠠᠷᠠᠳ ᠤᠨ ᠠᠮᠢᠳᠤᠷᠠᠯ ᠤᠨ ᠳᠡᠷᠭᠡᠳᠡᠬᠢ ᠬᠤᠪᠢᠷᠠᠯᠲᠠ ᠪᠠᠷ ᠠᠰᠢᠭ ᠬᠦᠷᠲᠡᠭᠡᠬᠦ᠃

     10 ᠰᠠᠷ᠎ᠠ ᠶᠢᠨ 28᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠢᠨ ᠴᠢᠶᠣᠤ ᠶᠡᠭᠡ ᠵᠡᠭᠡᠯᠢ ᠶᠢᠨ

2 ᠵᠡᠭᠡᠯᠢ ᠭᠤᠳᠤᠮᠵᠢ ᠳᠤ᠂ ᠪᠠᠶᠢᠰᠢᠩᠲᠦ ᠭᠡᠷ ᠤᠨ ᠲᠣᠭᠤᠷᠢᠭ ᠴᠡᠪᠡᠷ ᠲᠡᠭᠰᠢ᠂ ᠵᠠᠮ ᠲᠡᠭᠰᠢ ᠠᠭᠤᠵᠢᠮ᠂ ᠬᠡᠳᠦᠨ

ᠰᠠᠭᠤᠭᠠᠯᠢ ᠠᠷᠠᠳ ᠡᠭᠦᠳᠡᠨ ᠳᠡᠭᠡᠷ᠎ᠡ ᠪᠠᠨ ᠨᠡᠷᠡᠨ ᠳᠤ ᠡᠭᠡᠭᠡᠵᠦ ᠪᠠᠶᠢᠬᠤ ᠶᠢ ᠣᠯᠵᠤ ᠬᠠᠷᠠᠪᠠ᠃ ︽ᠡᠨᠡ ᠭᠡᠷ

ᠤᠤᠯ ᠨᠢ ᠰᠢᠯ ᠤᠨ ᠦᠢᠯᠡᠳᠪᠦᠷᠢ ᠶᠢᠨ ᠭᠡᠷ ᠪᠦᠯᠢ ᠶᠢᠨ ᠠᠰᠠᠷ ᠪᠠᠶᠢᠵᠤ᠂ ᠪᠦᠷ 40 ᠭᠠᠷᠤᠢ ᠵᠢᠯ ᠤᠨ ᠲᠡᠤᠬᠡ ᠲᠠᠢ

ᠪᠣᠯᠵᠠᠶ᠂ ᠥᠩᠭᠡᠷᠡᠭᠰᠡᠨ ᠳᠤ ᠪᠦᠷ ᠰᠢᠷᠣᠶ ᠶᠢᠨ ᠵᠠᠮ ᠪᠠᠶᠢᠵᠤ᠂ ᠬᠤᠭ ᠨᠣᠪᠰᠢ ᠭᠠᠵᠠᠷ ᠰᠠᠢ ᠦᠭᠡᠢ᠂ ᠵᠣᠷᠯᠣᠩ ᠶᠠᠭ

ᠡᠭᠦᠳᠡᠨ ᠡᠮᠦᠨ᠎ᠡ ᠪᠠᠶᠢᠵᠤ᠂ ᠡᠭᠦᠳᠡ ᠪᠠᠷ ᠭᠠᠷᠤᠮᠠᠭᠴᠠ ᠦᠮᠡᠬᠡᠶ ᠦᠨᠦᠷ ᠬᠠᠮᠠᠷ ᠴᠣᠷᠭᠢᠨ᠎ᠡ᠃ ᠵᠤᠨ ᠪᠣᠯᠤᠮᠠᠭᠴᠠ

ᠢᠯᠠᠭ᠎ᠠ ᠪᠠᠲᠠᠭᠠᠨ᠎ᠠ ᠠᠷᠪᠢᠨ᠂ ᠵᠠᠮ ᠤᠨ ᠳ᠋ᠧᠩ ᠦᠭᠡᠢ᠂ ᠬᠠᠶᠠᠭᠳᠠᠮᠠᠯ ᠤᠰᠤ ᠪᠠᠨ ᠰᠢᠢᠳᠪᠦᠷᠢᠯᠡᠬᠦ ᠠᠷᠭ᠎ᠠ ᠦᠭᠡᠢ᠂

ᠠᠮᠢᠳᠤᠷᠠᠯ ᠳᠤ ᠲᠤᠶᠢᠯ ᠤᠨ ᠳᠥᠭᠦᠮ ᠪᠤᠰᠤ ᠪᠥᠭᠡᠳ ᠨᠠᠭᠠᠲᠤ ᠵᠠᠬ᠎ᠠ ᠶᠢᠨ ᠠᠷᠢᠭᠤᠨ ᠴᠡᠪᠡᠷ ᠢ ᠴᠦ ᠪᠠᠲᠤᠯᠠᠵᠤ

ᠴᠢᠳᠠᠬᠤ ᠦᠭᠡᠢ ᠪᠠᠶᠢᠭᠰᠠᠨ︾ ᠭᠡᠵᠦ ᠯᠢᠦ ᠶᠦᠨ ᠰᠢᠶᠠ ᠶᠠᠷᠢᠵᠤ ᠪᠠᠶᠢᠯ᠎ᠠ᠃

     ᠨᠢᠳᠤᠨᠤᠨ ᠤ 10 ᠰᠠᠷ᠎ᠠ ᠶᠢᠨ ᠰᠡᠭᠦᠯᠴᠢ ᠪᠠᠷ᠂ ᠬᠠᠶᠢᠷᠤᠪ ᠤᠨ ᠲᠣᠬᠤᠢ ᠲᠣᠭᠤᠷᠢᠭ ᠨᠢ ᠪᠠᠶᠢᠰᠢᠩᠲᠦ

ᠭᠡᠷ ᠤᠨ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠡᠬᠢᠯᠡᠭᠦᠯᠪᠡ᠂ ᠥᠭᠡᠷᠡᠴᠢᠯᠡᠨ ᠵᠠᠰᠠᠬᠤ ᠠᠭᠤᠯᠭ᠎ᠠ ᠳᠤ

ᠬᠡᠷᠡᠮ ᠢ ᠥᠩᠭᠡᠯᠡᠬᠦ᠂ ᠢᠯᠴᠢ ᠬᠠᠩᠭᠠᠬᠤ ᠬᠤᠭᠤᠯᠠᠶ ᠶᠢ ᠥᠭᠡᠷᠡᠴᠢᠯᠡᠨ ᠵᠠᠰᠠᠬᠤ᠂ ᠨᠣᠭᠤᠭᠠᠷᠠᠭᠤᠯᠵᠤ

ᠭᠤᠶᠤᠵᠢᠭᠤᠯᠬᠤ᠂ ᠤᠰᠤ ᠪᠠᠷ ᠤᠬᠢᠶᠠᠬᠤ ᠮᠠᠶ᠋ᠢᠭ ᠤᠨ ᠨᠡᠶᠢᠲᠡ ᠶᠢᠨ ᠵᠣᠷᠯᠣᠩ ᠢ ᠰᠢᠨ᠎ᠡ ᠪᠠᠷ ᠪᠠᠶᠢᠭᠤᠯᠬᠤ ᠵᠡᠷᠭᠡ

ᠪᠠᠭᠲᠠᠨ᠎ᠠ᠃

     ᠰᠠᠭᠤᠭᠠᠯᠢ ᠠᠷᠠᠳ ᠪᠠᠰᠠ ᠣᠷᠴᠢᠨ ᠲᠣᠭᠤᠷᠢᠨ ᠤ ᠬᠤᠪᠢᠷᠠᠯᠲᠠ ᠠᠴᠠ ᠪᠣᠯᠤᠭᠰᠠᠨ ᠰᠠᠶᠢᠨ ᠲᠠᠯ᠎ᠠ ᠶᠢ ᠭᠦᠨ

ᠰᠡᠷᠡᠵᠦ ᠮᠡᠳᠡᠵᠡᠢ᠂ ᠯᠢᠦ ᠶᠦᠨ ᠰᠢᠶᠠ᠄ ︽ᠣᠳᠣ ᠶᠢᠨ ᠵᠠᠮ ᠥᠷᠭᠡᠨ ᠮᠥᠷᠲᠡᠭᠡᠨ ᠲᠡᠭᠰᠢᠬᠡᠨ᠂ ᠣᠷᠣᠢ ᠭᠠᠳᠠᠭᠰᠢ

ᠭᠠᠷᠬᠤ ᠳᠤ ᠴᠦ  ᠭᠡᠭᠡᠬᠡᠨ᠂ ᠨᠣᠭᠤᠭᠠᠨ ᠮᠣᠳᠣ᠂ ᠰᠣᠷᠭᠤᠭ ᠴᠡᠴᠡᠭ ᠪᠦᠷ ᠳᠤᠲᠠᠭᠳᠠᠬᠤ ᠦᠭᠡᠢ᠂ ᠰᠠᠭᠤᠷᠢ

ᠲᠥᠬᠦᠭᠡᠷᠦᠮᠵᠢ ᠪᠠᠰᠠ ᠪᠥᠷᠢᠨ ᠲᠡᠭᠦᠯᠳᠡᠷ ᠪᠣᠯᠵᠠᠶ᠃

      ᠳᠡᠷᠢ ᠳᠡᠭᠡᠭᠰᠢ ᠵᠡᠭᠡᠯᠢ ᠭᠤᠳᠤᠮᠵᠢ᠂  ᠴᠡᠪ ᠴᠡᠪᠡᠷᠬᠡᠨ ᠴᠠᠭᠠᠨ ᠬᠡᠷᠡᠮ᠂ ᠭᠡᠭᠡᠨ ᠰᠠᠷᠠᠭᠤᠯ ᠪᠥᠭᠡᠳ

ᠳᠤᠯᠠᠭᠠᠬᠠᠨ ᠰᠢᠨ᠎ᠡ ᠭᠡᠷ᠂ ᠵᠦᠢᠯ ᠪᠦᠷᠢ ᠶᠢᠨ ᠬᠤᠪᠢᠷᠠᠯᠲᠠ ᠨᠢ ᠰᠠᠭᠤᠭᠠᠯᠢ ᠠᠷᠠᠳ ᠲᠤ ᠥᠨᠳᠦᠷ ᠥᠨᠢ

ᠤᠳᠠᠭᠠᠨ ᠤ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠣᠯᠭᠤᠪᠠ᠃

     ᠹᠧᠩ ᠬᠤᠸᠠᠩ ᠭᠤᠳᠤᠮᠵᠢ ᠨᠢ ᠬᠠᠶᠢᠷᠤᠪ ᠤᠨ ᠲᠣᠬᠤᠢ ᠲᠣᠭᠤᠷᠢᠭ ᠤᠨ ᠱᠤᠸᠠᠩ ᠶᠥᠩ ᠵᠡᠭᠦᠨ ᠵᠡᠭᠡᠯᠢ ᠶᠢᠨ

ᠬᠤᠢᠲᠤ 1  ᠳ᠋ᠦ᠋ᠭᠡᠷ ᠵᠡᠭᠡᠯᠢ ᠳᠤ ᠪᠠᠶᠢᠷᠢᠯᠠᠵᠤ᠂ ᠶᠡᠷᠡᠭᠡᠳ ᠣᠨ ᠳᠤ ᠪᠠᠶᠢᠭᠤᠯᠤᠭᠳᠠᠵᠤ᠂ 214 ᠰᠠᠭᠤᠭᠠᠯᠢ

ᠠᠷᠠᠳ ᠤᠨ ᠬᠦᠷᠢᠶ᠎ᠡ ᠪᠠᠷ ᠪᠦᠷᠢᠯᠳᠦᠵᠡᠶ᠃ ᠤᠶᠢᠷ᠎ᠡ ᠶᠢᠨ ᠵᠢᠯ ᠤᠳ ᠲᠤ᠂ ᠣᠯᠠᠩᠬᠢ ᠰᠠᠭᠤᠭᠠᠯᠢ ᠠᠷᠠᠳ ᠤᠨ ᠭᠡᠷ

ᠪᠠᠶᠢᠰᠢᠩ ᠨᠢ ᠠᠳᠠᠯᠢ ᠪᠤᠰᠤ ᠬᠡᠮᠵᠢᠶ᠎ᠡ ᠪᠠᠷ ᠡᠪᠳᠡᠭᠳᠡᠵᠦ᠂ ᠬᠥᠮᠦᠰ ᠤᠨ ᠠᠮᠢᠳᠤᠷᠠᠯ ᠳᠤ ᠮᠠᠰᠢ ᠣᠯᠠᠨ ᠲᠥᠪᠡᠭ

ᠶᠠᠷᠰᠢᠭ ᠢ ᠠᠪᠴᠢᠷᠠᠭᠰᠠᠨ ᠪᠠᠶᠢᠨ᠎ᠠ᠃

     ᠥᠩᠭᠡᠷᠡᠭᠰᠡᠨ ᠳᠤ᠂ ᠠᠳᠡ ᠰᠠᠭᠤᠵᠤ ᠪᠠᠶᠢᠭᠰᠠᠨ ᠵᠠᠩ ᠹᠧᠩ ᠵᠢᠤᠢ ᠰᠤᠷᠪᠤᠯᠵᠢᠯᠠᠭᠴᠢ ᠳᠤ ᠬᠡᠯᠡᠬᠦ ᠳᠡᠭᠡᠨ᠂

ᠲᠡᠳᠡᠨ ᠤ ᠬᠢᠨ ᠠᠳᠡ 13 ᠵᠢᠯ ᠰᠠᠭᠤᠵᠤ ᠥᠩᠭᠡᠷᠡᠵᠡᠶ᠂ ᠰᠡᠭᠦᠯᠡᠷ ᠨᠢ ᠭᠡᠷ ᠤᠨ ᠣᠷᠣᠢ ᠨᠢ ᠤᠰᠤ ᠭᠤᠭᠤᠵᠢᠬᠤ ᠨᠢ

ᠤᠯᠠᠮ ᠠᠴᠠ ᠤᠯᠠᠮ ᠬᠦᠨᠳᠦ ᠨᠣᠴᠢᠲᠠᠶ ᠪᠣᠯᠵᠤ᠂ ᠪᠣᠷᠣᠭᠠᠨ ᠲᠠᠢ ᠡᠳᠦᠷ ᠪᠣᠯᠤᠮᠠᠭᠴᠠ ᠬᠦᠷᠢᠶᠡᠨ ᠳᠣᠲᠣᠷ᠎ᠠ ᠤᠰᠤ

ᠬᠤᠷᠠᠵᠤ᠂ ᠤᠰᠤ ᠳᠠᠲᠠᠷᠠᠭᠤᠯᠬᠤ ᠠᠷᠭ᠎ᠠ ᠦᠭᠡᠢ᠂ ᠠᠮᠢᠳᠤᠷᠠᠯ ᠳᠤ ᠲᠤᠶᠢᠯ ᠤᠨ ᠳᠥᠭᠦᠮ ᠦᠭᠡᠢ ᠪᠣᠯᠵᠠᠶ᠃

ᠬᠡᠳᠦᠨ ᠵᠢᠯ ᠤᠨ ᠡᠮᠦᠨ᠎ᠡ᠂ ᠵᠠᠩ ᠹᠧᠩ ᠵᠢᠦᠢ ᠠᠰᠠᠷ ᠬᠤᠳᠠᠯᠳᠤᠨ ᠠᠪᠴᠤ ᠨᠡᠭᠦᠨ ᠶᠠᠪᠤᠵᠠᠶ᠃

     2018 ᠣᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠪᠠᠶᠢᠰᠢᠩᠲᠦ ᠭᠡᠷ ᠤᠨ ᠲᠣᠭᠤᠷᠢᠭ ᠤᠨ

ᠥᠭᠡᠷᠡᠴᠢᠯᠡᠯᠲᠡ ᠨᠢ ᠠᠯᠬᠤᠮ ᠠᠯᠬᠤᠮ ᠢᠶᠠᠷ ︽ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ︾ ᠵᠠᠭᠪᠤᠷ ᠠᠴᠠ

ᠠᠩᠭᠢᠵᠢᠷᠠᠵᠤ᠂ ᠣᠷᠣᠨ ᠵᠠᠶ ᠶᠢᠨ ᠣᠷᠴᠢᠨ ᠲᠣᠭᠤᠷᠢᠨ ᠤ ᠳᠡᠭᠡᠭᠰᠢᠯᠡᠯᠲᠡ ᠪᠣᠯᠤᠨ ᠬᠤᠲᠠ ᠶᠢᠨ ᠠᠭᠤᠯᠤᠭᠳᠠᠬᠤᠨ ᠤ

ᠬᠥᠭᠵᠢᠯᠲᠡ ᠶᠢ ᠨᠠᠩ ᠴᠢᠬᠤᠯᠠᠴᠢᠯᠠᠵᠤ᠂ ᠬᠠᠭᠤᠴᠢᠨ ᠪᠠᠶᠢᠰᠢᠩᠲᠦ ᠭᠡᠷ ᠤᠨ ᠲᠣᠭᠤᠷᠢᠭ ᠤᠨ ᠥᠭᠡᠷᠡᠴᠢᠯᠡᠯᠲᠡ ᠨᠢ

ᠪᠢᠴᠢᠯ ᠵᠠᠰᠠᠯᠲᠠ ᠶᠢ ᠡᠬᠢᠯᠡᠨ ᠴᠢᠬᠤᠯᠠᠴᠢᠯᠠᠪᠠ᠃

     ᠹᠧᠩ ᠬᠤᠸᠠᠩ ᠭᠤᠳᠤᠮᠵᠢ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠵᠠᠰᠠᠭ ᠤᠨ ᠣᠷᠳᠣᠨ ᠪᠣᠯᠤᠨ

ᠰᠠᠭᠤᠭᠠᠯᠢ ᠠᠷᠠᠳ ᠬᠠᠮᠲᠤᠪᠠᠷ ᠤᠰᠤ ᠬᠠᠩᠭᠠᠬᠤ ᠤᠰᠤ ᠭᠠᠳᠠᠭᠰᠢᠯᠠᠭᠤᠯᠬᠤ ᠵᠢᠴᠢ ᠢᠯᠴᠢ ᠬᠠᠩᠭᠠᠬᠤ ᠬᠤᠭᠤᠯᠠᠶ ᠢ

ᠥᠭᠡᠷᠡᠴᠢᠯᠡᠨ ᠵᠠᠰᠠᠬᠤ᠂ ᠰᠢᠷᠤᠢ ᠶᠢᠨ ᠵᠠᠮ ᠢ ᠬᠠᠲᠠᠭᠤᠷᠠᠭᠤᠯᠬᠤ᠂ ᠨᠡᠶᠢᠲᠡ ᠶᠢᠨ ᠵᠣᠷᠯᠣᠩ ᠢ ᠥᠭᠡᠷᠡᠴᠢᠯᠡᠨ ᠵᠠᠰᠠᠬᠤ

ᠵᠡᠷᠭᠡ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠤᠨ ᠵᠠᠷᠤᠳᠠᠯ ᠢ ᠡᠭᠦᠷᠭᠡᠯᠡᠬᠦ ᠶᠢᠨ ᠬᠠᠮᠲᠤ᠂ ᠰᠢᠨ᠎ᠡ ᠵᠢᠷᠤᠭᠯᠠᠨ

ᠲᠥᠯᠥᠪᠯᠡᠬᠦ ᠣᠨᠣᠯᠵᠢᠬᠤᠨ᠂ ᠣᠨᠴᠠᠯᠢᠭ ᠢ ᠢᠯᠡᠷᠡᠭᠦᠯᠦᠭᠰᠡᠨ ᠬᠡᠪ ᠨᠠᠮᠪᠠ ᠪᠠᠷ ᠰᠢᠨ᠎ᠡ ᠶᠢ ᠡᠭᠦᠳᠦᠨ ᠠᠳᠠᠯ

ᠦᠢᠯᠡᠰ ᠢᠶᠠᠨ ᠴᠣᠭᠴᠠᠯᠠᠬᠤ᠂ ᠲᠣᠭᠤᠷᠢᠨ ᠦᠵᠡᠬᠦ ᠵᠢᠭᠤᠯᠴᠢᠯᠠᠯ᠂ ᠣᠨᠴᠠᠯᠢᠭᠲᠤ ᠬᠤᠳᠠᠯᠳᠤᠭ᠎ᠠ ᠶᠢ ᠨᠢᠭᠡ

ᠴᠣᠭᠴᠠᠵᠢᠭᠤᠯᠤᠭᠰᠠᠨ ᠰᠣᠶᠣᠯ ᠵᠢᠭᠤᠯᠴᠢᠯᠠᠯ ᠤᠨ ᠬᠤᠳᠠᠯᠳᠤᠭᠠᠨ ᠤ ᠭᠤᠳᠤᠮᠵᠢ ᠶᠢ ᠬᠦᠴᠦᠯᠡᠨ ᠪᠠᠶᠢᠭᠤᠯᠪᠠ᠃

ᠭᠤᠳᠤᠮᠵᠢ ᠶᠢᠨ ᠰᠢᠨ᠎ᠡ ᠳᠦᠷᠰᠦ ᠪᠠᠶᠢᠳᠠᠯ ᠨᠢ ᠵᠠᠩ ᠹᠧᠩ ᠵᠢᠤᠢ ᠳᠤ ᠳᠠᠬᠢᠨ ᠪᠤᠴᠠᠵᠤ ᠢᠷᠡᠬᠦ ᠪᠣᠳᠣᠯ ᠣᠷᠤᠭᠤᠯᠪᠠ

᠃ ᠡᠨᠡ ᠵᠢᠯ ᠤᠨ 3 ᠰᠠᠷ᠎ᠠ ᠳᠤ᠂ ᠲᠡᠳᠡᠨ ᠤ ᠬᠢᠨ ᠪᠣᠷᠣᠭᠠᠨ ᠭᠤᠭᠤᠵᠢᠭᠰᠠᠨ ᠬᠠᠭᠤᠴᠢᠨ ᠭᠡᠷ ᠢᠶᠠᠨ ᠲᠦᠯᠬᠢᠨ

ᠤᠨᠠᠭᠠᠵᠤ ᠳᠠᠬᠢᠨ ᠪᠠᠶᠢᠭᠤᠯᠤᠭᠰᠠᠨ ᠪᠥᠭᠡᠳ 6 ᠰᠠᠷ᠎ᠠ ᠳᠤ ᠨᠡᠭᠦᠵᠦ ᠢᠷᠡᠵᠡᠢ᠃ ᠴᠡᠪᠡᠷ ᠲᠤᠩᠭᠠᠯᠠᠭ ᠰᠢᠨ᠎ᠡ ᠭᠡᠷ ᠲᠤ

ᠰᠠᠭᠤᠵᠤ᠂ ᠵᠠᠩ ᠹᠧᠩ ᠵᠢᠦᠢ ᠶᠢᠨ ᠨᠢᠭᠡ ᠭᠡᠷ ᠤᠨ ᠬᠢᠨ ᠲᠤᠩ ᠰᠡᠳᠬᠢᠯ ᠬᠠᠨᠤᠮᠵᠢᠲᠠᠶ ᠪᠠᠶᠢᠯ᠎ᠠ᠂ ︽ᠣᠳᠣ

ᠨᠢᠭᠡᠳᠦᠯᠲᠡᠢ ᠳᠤᠯᠠᠭᠠᠯᠠᠭ᠎ᠠ ᠲᠠᠢ᠂ ᠭᠡᠷ ᠲᠤ ᠪᠠᠰᠠ ᠠᠷᠢᠭᠤᠨ ᠴᠡᠪᠡᠷ ᠤᠨ ᠲᠠᠰᠤᠯᠭ᠎ᠠ ᠲᠠᠢ᠂ ᠪᠠᠶᠢᠰᠢᠩᠲᠦ ᠭᠡᠷ ᠤᠨ

ᠭᠡᠷᠡᠯ ᠤᠨ ᠳᠤᠰᠤᠯᠲᠠ‌‍ᠰᠠᠶᠢᠨ᠂ ᠣᠷᠣᠵᠤ ᠭᠠᠷᠬᠤ ᠳᠤ ᠨᠠᠩ ᠳᠥᠭᠦᠮ᠂ ᠥᠨᠡᠭᠡᠷ ᠠᠰᠠᠷ ᠠᠴᠠ ᠪᠠᠰᠠ ᠰᠠᠭᠤᠬᠤ ᠳᠤ

ᠳᠠᠭᠠᠲᠠᠢ︾ ᠭᠡᠵᠦ ᠶᠠᠷᠢᠵᠦ ᠪᠠᠶᠢᠯ᠎ᠠ᠃

     ᠪᠦᠬᠦ ᠠᠷᠠᠳ ᠢᠶᠠᠷ ᠢᠶᠠᠨ ᠣᠷᠣᠯᠴᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤᠪᠠᠷ ᠴᠣᠭᠴᠠᠯᠠᠶ᠎ᠠ᠃

     ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠺᠠᠩ ᠲᠠᠢ ᠵᠢᠶᠠ ᠶᠤᠸᠠᠨ ᠲᠣᠭᠤᠷᠢᠭ ᠲᠤ

ᠬᠦᠷᠬᠦ ᠳᠤ᠂ ᠤᠯᠠᠭᠠᠨ ᠬᠠᠨᠵᠢᠶᠠᠷ ᠡᠮᠦᠰᠦᠭᠰᠡᠨ ᠨᠢᠭᠡ ᠪᠦᠯᠦᠭ ᠰᠠᠶᠢᠨ ᠳᠤᠷᠠᠴᠤᠳ ᠶᠠᠭ ᠶᠠᠭᠠᠷᠠᠯᠲᠠᠢ ᠪᠠᠷ ᠵᠠᠮ

ᠬᠠᠲᠠᠭᠤᠷᠠᠭᠤᠯᠵᠤ ᠪᠠᠶᠢᠯ᠎ᠠ᠃ ᠰᠠᠶᠢᠨ ᠳᠤᠷ᠎ᠠ ᠶᠢᠨ ᠠᠵᠢᠭᠯᠠᠭᠴᠢ ᠯᠢ ᠶᠢᠨ ᠬᠤᠸᠠ᠄ ︽ᠪᠢᠳᠡ ᠪᠣᠯ ᠺᠠᠩ ᠲᠠᠢ ᠵᠢᠶᠠ

ᠶᠤᠸᠠᠨ ᠲᠣᠭᠤᠷᠢᠭ ᠤᠨ ᠰᠠᠭᠤᠭᠠᠯᠢ ᠠᠷᠠᠳ᠂ ᠰᠠᠭᠤᠭᠠᠯᠢ ᠲᠣᠭᠤᠷᠢᠭ ᠤᠨ ᠣᠷᠴᠢᠨ ᠲᠣᠭᠤᠷᠢᠨ ᠶᠡᠷᠦ ᠨᠢ ᠲᠡᠶᠢᠮᠦ

ᠰᠠᠶᠢᠨ ᠪᠢᠰᠢ᠂ ᠣᠷᠴᠢᠮ ᠵᠠᠷᠢᠮ ᠠᠵᠤ ᠠᠬᠤᠶᠢᠯᠠᠯ ᠪᠢᠳᠡᠨ ᠳᠤ ᠨᠢᠭᠡ ᠪᠦᠯᠦᠭ ᠲᠣᠭᠤᠰᠬ᠎ᠠ ᠪᠠ ᠼᠧᠮᠧᠨ᠋ᠲ

ᠳᠤᠰᠠᠯᠠᠵᠠᠢ᠂ ᠪᠢᠳᠡ ᠥᠪᠡᠷ ᠤᠨ ᠰᠠᠶᠢᠨ ᠳᠤᠷ᠎ᠠ ᠠᠴᠠ ᠪᠠᠨ ᠠᠵᠢᠯ ᠵᠣᠬᠢᠶᠠᠨ ᠪᠠᠶᠢᠭᠤᠯᠵᠤ ᠰᠠᠭᠤᠭᠠᠯᠢ

ᠲᠣᠭᠤᠷᠢᠭ ᠤᠨ ᠵᠠᠮ ᠢᠶᠠᠨ ᠬᠠᠲᠠᠭᠤᠷᠠᠭᠤᠯᠵᠤ ᠪᠠᠶᠢᠨ᠎ᠠ︾ ᠭᠡᠵᠦ ᠶᠡᠷᠢᠵᠤ ᠪᠠᠶᠢᠯ᠎ᠠ᠃

     ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠵᠠᠩ ᠫᠧᠶ ᠰᠢᠨ

ᠲᠠᠨᠢᠯᠴᠠᠭᠤᠯᠬᠤ ᠳᠠᠭᠠᠨ᠂ ᠰᠠᠭᠤᠭᠠᠯᠢ ᠲᠣᠭᠤᠷᠢᠭ ᠤᠨ ᠵᠠᠷᠢᠮ ᠵᠠᠮ ᠨᠢ ᠰᠢᠷᠤᠢ ᠶᠢᠨ ᠵᠠᠮ ᠪᠣᠯᠬᠤᠷ᠂ ᠲᠤᠩᠭᠠᠯᠠᠭ

ᠡᠳᠦᠷ ᠲᠣᠭᠤᠰᠣ ᠰᠢᠷᠣᠶ ᠪᠤᠳᠠᠷᠠᠨ᠂ ᠪᠣᠷᠣᠭᠠᠨ ᠲᠠᠢ ᠡᠳᠦᠷ ᠰᠢᠪᠡᠷ ᠪᠠᠯᠴᠢᠭ ᠪᠣᠯᠵᠤ᠂ ᠰᠠᠭᠤᠭᠠᠯᠢ ᠠᠷᠠᠳ ᠤᠨ

ᠠᠮᠢᠳᠤᠷᠠᠯ ᠳᠤ ᠮᠠᠰᠢ ᠣᠯᠠᠨ ᠶᠠᠷᠰᠢᠭ ᠲᠦᠪᠡᠭ ᠤᠴᠠᠷᠠᠭᠤᠯᠳᠠᠭ᠃ ᠰᠠᠭᠤᠭᠠᠯᠢ ᠠᠷᠠᠳ ᠤᠨ ᠣᠯᠠᠩᠬᠢ ᠨᠢ ᠴᠥᠮ

ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠷᠦᠬᠡ᠂ ᠬᠥᠭᠰᠢᠨ ᠪᠠᠭᠤᠷᠠᠶ ᠡᠪᠡᠳᠴᠢᠨ ᠲᠠᠢ

ᠵᠡᠮᠳᠡᠭ᠂ ᠣᠷᠣᠯᠭ᠎ᠠ ᠪᠠᠭᠠᠲᠠᠶ ᠬᠠᠮᠲᠤᠯᠢᠭ ᠪᠣᠯᠬᠤ ᠤᠴᠢᠷ ᠠᠴᠠ ᠨᠡᠶᠢᠭᠡᠮ ᠲᠣᠭᠤᠷᠢᠭ᠂ ᠠᠳᠠᠯ ᠠᠬᠤᠶ᠂ ᠰᠠᠭᠤᠭᠠᠯᠢ

ᠠᠷᠠᠳ ᠬᠠᠮᠲᠤ ᠪᠠᠷ ᠵᠣᠭᠤᠰ ᠭᠠᠷᠭᠠᠵᠤ ᠣᠷᠴᠢᠨ ᠲᠣᠭᠤᠷᠢᠨ ᠢ ᠥᠭᠡᠷᠡᠴᠢᠯᠡᠬᠦ ᠠᠷᠭ᠎ᠠ ᠶᠢ ᠬᠡᠷᠡᠭᠵᠢᠭᠦᠯᠬᠦ ᠶᠢᠨ ᠠᠷᠭ᠎ᠠ

ᠥᠬᠡᠶ ᠶᠤᠮ᠃

     ᠡᠶᠢᠮᠦ ᠠᠴᠠ᠂ ᠯᠢᠨ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠵᠢᠯ ᠶᠢᠨ ᠰᠡᠳᠬᠢᠮᠵᠢ ᠪᠠᠨ

ᠰᠢᠨᠡᠴᠢᠯᠡᠵᠦ᠂ ︽ᠵᠡᠭᠡᠯᠢ ᠭᠤᠳᠤᠮᠵᠢ ᠨᠡᠶᠢᠭᠡᠮ ᠲᠣᠭᠤᠷᠢᠭ ᠢᠶᠠᠷ ᠭᠤᠤᠯ ᠤᠳᠤᠷᠢᠳᠤᠮᠵᠢ ᠪᠣᠯᠭᠠᠵᠤ᠂ ᠠᠵᠤ

ᠠᠬᠤᠶᠢᠯᠠᠯ ᠢᠶᠠᠷ ᠲᠤᠰᠠᠯᠠᠭᠤᠯᠬᠤ᠂ ᠰᠠᠭᠤᠭᠠᠯᠢ ᠠᠷᠠᠳ ᠣᠷᠣᠯᠴᠠᠬᠤ᠂ ᠠᠳᠠᠯ ᠠᠬᠤᠢ ᠶᠢᠨ ᠺᠣᠮᠫᠠᠨᠢ ᠪᠠᠷ

ᠬᠠᠮᠵᠢᠭᠤᠯᠬᠤ︾ ᠠᠷᠭ᠎ᠠ ᠬᠡᠯᠪᠡᠷᠢ ᠶᠢ ᠠᠪᠴᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠬᠠᠮᠢᠶ᠎ᠠ

ᠪᠥᠬᠦᠢ ᠠᠵᠤ ᠠᠬᠤᠶᠢᠯᠠᠯ ᠲᠠᠢ ᠬᠠᠷᠢᠯᠴᠠᠵᠤ᠂ ᠲᠣᠭᠤᠷᠢᠭ ᠤᠨ ᠰᠠᠭᠤᠭᠠᠯᠢ ᠠᠷᠠᠳ ᠥᠪᠡᠷᠲᠡᠭᠡᠨ ᠭᠠᠷ ᠬᠥᠳᠡᠯᠦᠨ

ᠵᠠᠮ ᠬᠠᠲᠠᠭᠤᠷᠠᠭᠤᠯᠬᠤ ᠠᠷᠭ᠎ᠠ ᠶᠢ ᠠᠪᠴᠠᠶ᠃

     ︽ᠥᠪᠡᠷ ᠢᠶᠠᠷ ᠭᠠᠷ ᠬᠥᠳᠡᠯᠦᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠦᠨ ᠪᠠᠶᠢᠭᠤᠯᠪᠠᠯ᠂

ᠰᠠᠭᠤᠭᠠᠯᠢ ᠠᠷᠠᠳ ᠴᠤ ᠨᠠᠩ ᠢᠯᠡᠭᠦᠤ ᠬᠠᠶᠢᠷᠠᠯᠠᠨ ᠬᠠᠮᠠᠭᠠᠯᠠᠵᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠢ

ᠬᠠᠶᠢᠷᠠᠯᠠᠬᠤ᠂ ᠡᠷᠡᠭᠦᠯ ᠬᠠᠮᠠᠭᠠᠯᠠᠯ ᠢ ᠪᠠᠲᠤᠯᠠᠬᠤ᠂ ᠡᠭᠦᠳᠦᠨ ᠪᠠᠶᠢᠭᠤᠯᠬᠤ ᠳᠤ ᠢᠳᠡᠪᠬᠢᠲᠡᠢ ᠣᠷᠣᠯᠴᠠᠬᠤ ᠪᠣᠯᠪᠠᠰᠤᠨ

ᠤᠬᠠᠮᠰᠠᠷ ᠢ ᠳᠡᠭᠡᠭᠰᠢᠯᠡᠭᠦᠯᠵᠦ ᠴᠢᠳᠠᠨ᠎ᠠ︾ ᠭᠡᠵᠦ ᠵᠠᠩ ᠫᠧᠢ ᠱᠢᠨ ᠶᠠᠷᠢᠪᠠ᠃

     ︽ᠨᠡᠶᠢᠭᠡᠮ ᠲᠣᠭᠤᠷᠢᠭ ᠤᠨ ᠬᠢᠨ ᠰᠠᠶᠢᠨ ᠳᠤᠷ᠎ᠠ ᠶᠢᠨ ᠦᠢᠯᠡᠴᠢᠯᠡᠭᠴᠢ ᠴᠤᠭᠯᠠᠭᠤᠯᠬᠤ ᠦᠶ᠎ᠡ ᠳᠤ᠂ ᠪᠢ

ᠳᠠᠷᠤᠢ ᠳᠤᠨᠢ ᠨᠡᠷ᠎ᠡ ᠪᠠᠨ ᠮᠡᠳᠡᠭᠦᠯᠪᠡ᠂ ᠡᠳᠦᠷ ᠪᠦᠷᠢ ᠴᠢᠯᠥᠭᠡ ᠭᠠᠷᠤᠭᠰᠠᠭᠠᠷ ᠲᠣᠭᠤᠰᠬ᠎ᠠ ᠳᠡᠪᠢᠰᠴᠦ᠂

ᠥᠪᠡᠷᠲᠡᠭᠡᠨ ᠲᠤᠭᠤᠷᠢᠭ ᠤᠨ ᠪᠥᠲᠦᠭᠡᠨ ᠪᠠᠶᠢᠭᠤᠯᠤᠯᠲᠡ ᠳᠤ ᠣᠷᠤᠯᠴᠠᠬᠤ ᠨᠢ ᠮᠠᠰᠢ ᠤᠳᠬ᠎ᠠ ᠠᠭᠤᠯᠭ᠎ᠠ ᠲᠠᠢ ᠶᠤᠮ

︾ ᠭᠡᠵᠦ ᠯᠢᠦ ᠵᠧᠨ ᠵᠢᠶᠦ᠋ᠨ ᠪᠠᠶᠠᠷᠲᠠᠢ ᠶᠠᠷᠢᠵᠤ ᠪᠠᠶᠢᠯ᠎ᠠ᠃ ᠺᠠᠩ ᠲᠠᠢ ᠵᠢᠶᠠ ᠶᠤᠸᠠᠨ ᠲᠣᠭᠤᠷᠢᠭ ᠲᠤ ᠨᠡᠶᠢᠲᠡ

6000 ᠲᠡᠭᠰᠢ ᠳᠥᠷᠪᠡᠯᠵᠢᠨ ᠮᠧᠲᠷ ᠤᠨ ᠭᠠᠵᠠᠷ ᠶᠢ ᠬᠠᠲᠠᠭᠤᠷᠠᠭᠤᠯᠬᠤ ᠴᠢᠬᠤᠯᠠᠲᠠᠶ ᠪᠠᠶᠢᠵᠤ᠂ ᠣᠳᠣᠬᠠᠨ ᠳᠤ

ᠨᠢᠭᠡᠨᠲᠡ 900 ᠭᠠᠷᠤᠶ ᠲᠡᠭᠰᠢ ᠳᠥᠷᠪᠡᠯᠵᠢᠨ ᠮᠧᠲᠷ ᠢ ᠪᠡᠶᠡᠯᠡᠭᠦᠯᠵᠡᠶ᠃

     ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠶᠠᠪᠤᠴᠠ ᠳᠤ᠂ ᠰᠠᠭᠤᠭᠠᠯᠢ ᠠᠷᠠᠳ

ᠡᠭᠦᠳᠦᠨ ᠪᠠᠶᠢᠭᠤᠯᠬᠤ ᠠᠵᠢᠯ ᠤᠨ ᠰᠠᠶᠢᠨ ᠲᠠᠯ᠎ᠠ ᠶᠢ ᠦᠨᠡᠨ ᠬᠦ ᠰᠡᠷᠡᠵᠦ ᠮᠡᠳᠡᠵᠡᠢ᠂ ᠲᠡᠳᠡ ᠶᠡᠭᠡ ᠪᠠᠷ ᠳᠡᠮᠵᠢᠬᠦ ᠪᠠᠷ

ᠪᠠᠷᠠᠬᠤ ᠦᠭᠡᠢ ᠪᠠᠰᠠ ᠢᠳᠡᠪᠬᠢᠲᠡᠢ ᠣᠷᠣᠯᠴᠠᠵᠤ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠪᠦᠬᠦ

ᠠᠵᠢᠯ ᠨᠢ ᠬᠥᠮᠦᠨ ᠪᠦᠬᠦᠨ ᠬᠠᠷᠢᠭᠤᠴᠠᠯᠭ᠎ᠠ ᠡᠭᠦᠷᠭᠡᠯᠡᠵᠦ᠂ ᠬᠥᠮᠦᠨ ᠪᠦᠬᠦᠨ ᠳᠤ ᠠᠰᠢᠭ ᠬᠦᠷᠲᠡᠭᠡᠵᠦ᠂

ᠬᠦᠴᠦ ᠪᠠᠨ ᠬᠠᠮᠲᠤᠳᠬᠠᠨ ᠠᠬᠢᠭᠤᠯᠬᠤ ᠰᠠᠶᠢᠨ ᠰᠠᠶᠢᠬᠠᠨ ᠨᠥᠯᠦᠭᠡ ᠦᠵᠡᠭᠦᠯᠵᠡᠢ᠃

     ᠤᠰᠤ ᠨᠠᠩ ᠲᠤᠩᠭᠠᠯᠠᠭ ᠪᠣᠯᠵᠤ᠂ ᠡᠪᠡᠰᠦ ᠨᠠᠩ ᠨᠣᠭᠤᠭᠠᠨ ᠪᠣᠯᠪᠠ︔ ᠵᠠᠮ ᠨᠢ ᠤᠯᠠᠮ ᠲᠡᠭᠰᠢ ᠪᠣᠯᠵᠤ᠂

ᠵᠥᠢᠷᠭ ᠨᠢ ᠤᠯᠠᠮ ᠥᠷᠭᠡᠨ ᠪᠣᠯᠪᠠ᠃ ᠰᠠᠭᠤᠷᠢ ᠲᠥᠬᠦᠭᠡᠷᠦᠮᠵᠢ ᠨᠠᠩ ᠲᠡᠭᠦᠯᠳᠡᠷᠵᠢᠵᠦ᠂ ᠣᠯᠠᠨ ᠨᠡᠶᠢᠲᠡ ᠶᠢᠨ

ᠡᠷᠡᠭᠦᠯ ᠬᠠᠮᠠᠭᠠᠯᠠᠯ ᠤᠨ ᠦᠢᠯᠡᠴᠢᠯᠡᠭᠡ ᠨᠠᠩ ᠥᠨᠳᠥᠷ ᠪᠦᠲᠦᠮᠵᠢᠲᠡᠶ ᠪᠣᠯᠪᠠ ᠁

     ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠶᠢᠨ ᠭᠦᠨᠵᠡᠭᠡᠶ ᠠᠬᠢᠯᠲᠠ ᠶᠢ

ᠳᠠᠭᠠᠯᠳᠤᠨ᠂ ᠮᠠᠨ ᠤ ᠬᠤᠲᠠ ᠨᠠᠩ ᠦᠵᠡᠰᠬᠦᠯᠡᠩᠲᠦ ᠰᠠᠶᠢᠬᠠᠨ ᠪᠥᠭᠡᠳ ᠲᠠᠭᠠᠯᠠᠮᠵᠢᠲᠠᠶ ᠪᠣᠯᠬᠤ ᠨᠢ ᠯᠠᠪᠲᠠᠢ᠃

 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号