ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠤᠯᠤᠰ ᠤᠨ ᠪᠠᠶᠠᠷ ᠠᠴᠠ ᠡᠮᠦᠨᠡᠬᠡᠨ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠢ ᠡᠷᠭᠢᠨ ᠦᠵᠡᠵᠦ ᠲᠣᠬᠤᠨᠢᠭᠤᠯᠪᠠ
ᠨᠡᠶᠢᠲᠡᠯᠡᠭᠰᠡᠨ ᠴᠠᠭ᠄
2019-10-08
     ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢᠨ ᠲᠠᠰᠢᠷᠠᠮ ᠢᠶᠠᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠨ ᠢ ᠡᠷᠭᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃
     9 ᠰᠠᠷ᠎ᠠ ᠶᠢᠨ 29᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠨᠠᠷ ᠤᠯᠤᠰ ᠪᠠᠶᠢᠭᠤᠯᠤᠭᠳᠠᠬᠤ ᠠᠴᠠ ᠡᠮᠦᠨ᠎ᠡ ᠨᠠᠮ ᠳᠤ ᠤᠷᠤᠭᠰᠠᠨ ᠠᠬᠠᠮᠠᠳ ᠨᠠᠮ ᠤᠨ ᠭᠡᠰᠢᠭᠦᠨ ᠯᠢᠦ ᠯᠠᠶ ᠶᠠᠨ ᠤ ᠭᠡᠷ ᠲᠤ ᠬᠦᠷᠴᠦ ᠪᠣᠯᠭᠤᠭᠠᠨ ᠲᠣᠬᠤᠨᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠬᠤᠷᠢᠶ᠎ᠠ ᠶᠢ ᠲᠥᠯᠥᠭᠡᠯᠡᠨ ᠨᠠᠰᠤᠲᠠᠶᠢᠴᠤᠳ ᠲᠤ ᠪᠠᠶᠠᠷ ᠤᠨ ᠡᠳᠦᠷ ᠤᠨ ᠵᠥᠩᠨᠡᠯ ᠪᠠ ᠮᠡᠨᠳᠦᠴᠢᠯᠡᠯ ᠬᠦᠷᠭᠡᠪᠡ᠃ ᠲᠣᠬᠤᠨᠢᠭᠤᠯᠬᠤ ᠳᠤᠮᠳᠠ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠨᠠᠰᠤᠲᠠᠶᠢᠴᠤᠳ ᠤᠨ ᠠᠮᠢᠳᠤᠷᠠᠯ ᠪᠣᠯᠤᠨ ᠪᠡᠶ᠎ᠡ ᠶᠢᠨ ᠡᠷᠡᠭᠦᠯ ᠴᠢᠬᠢᠷᠠᠭ ᠶᠢ ᠨᠠᠷᠢᠨ ᠣᠶᠢᠯᠠᠭᠠᠵᠤ᠂ ᠨᠠᠰᠤᠲᠠᠳ ᠤᠨ ᠨᠢᠭᠡ ᠰᠡᠳᠬᠢᠯ ᠢᠶᠠᠷ ᠡᠬᠡ ᠤᠯᠤᠰ ᠤᠨ ᠢᠶᠠᠨ ᠲᠥᠯᠥᠭᠡ ᠵᠢᠳᠬᠦᠭᠰᠡᠨ ᠵᠣᠷᠢᠭ ᠰᠠᠨᠠᠭ᠎ᠠ ᠶᠢ ᠳᠡᠭᠡᠳᠤ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠨᠠᠰᠤᠲᠠᠨ ᠤ ᠡᠷᠬᠢᠮ ᠳᠡᠭᠡᠳᠤ ᠤᠯᠤᠰ ᠲᠦᠷᠤ ᠶᠢᠨ ᠤᠠᠬᠠᠮᠰᠡᠷ ᠶᠢ ᠭᠦᠢᠴᠠᠤᠡ ᠨᠤᠲᠠᠯᠠᠭᠰᠠᠨ ᠤ ᠬᠠᠮᠲᠤ᠂ ᠲᠤᠬᠤᠨᠢᠭᠤᠯᠬᠤ ᠮᠦᠩᠬᠦ ᠢ ᠨᠠᠰᠤᠲᠠᠨ ᠤ ᠭᠡᠷ ᠤᠨ ᠬᠥᠮᠦᠰ ᠤᠨ ᠭᠠᠷ ᠲᠤ ᠲᠤᠰᠢᠶᠠᠵᠤ᠂ ᠵᠡᠭᠡᠯᠢ ᠭᠤᠳᠤᠮᠵᠢ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠥᠮᠦᠰ ᠲᠤ ᠨᠠᠰᠤᠲᠠᠶᠢᠴᠤᠳ ᠤᠨ ᠠᠮᠢᠳᠤᠷᠠᠯ ᠤᠨ ᠤᠶᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ ᠭᠡᠵᠦ ᠵᠠᠬᠢᠪᠠ᠃      ᠳᠠᠷᠠᠭ᠎ᠠ ᠨᠢ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠨᠠᠮ ᠤᠨ ᠭᠡᠰᠢᠭᠦᠨ ᠺᠠᠳ᠋ᠷ ᠵᠠᠩ ᠶᠣᠣ ᠭᠦᠸᠧ᠂ ᠴᠢ ᠹᠧᠩ ᠢ ᠪᠣᠯᠤᠨ ᠭᠦᠸᠧ ᡁᠢ ᠴᠧᠩ ᠤᠨ ᠭᠡᠷ ᠪᠦᠯᠢ ᠶᠢᠨ ᠬᠢᠨ ᠢ ᠪᠣᠯᠭᠤᠭᠠᠨ ᠲᠣᠬᠤᠨᠢᠭᠤᠯᠵᠤ᠂ ᠵᠡᠭᠡᠯᠢ ᠭᠤᠳᠤᠮᠵᠢ ᠤᠨ ᠨᠠᠮ ᠤᠨ ᠬᠤᠷᠢᠶ᠎ᠠ ᠶᠢ ᠲᠥᠯᠥᠭᠡᠯᠡᠨ ᠨᠠᠮ ᠤᠨ ᠤᠶᠢᠯᠡᠰ ᠲᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠢ ᠡᠳᠡᠭᠡᠷ ᠬᠥᠮᠦᠰ ᠲᠤ ᠲᠠᠯᠠᠷᠬᠠᠭᠰᠠᠨ ᠪᠥᠭᠡᠳ ᠲᠡᠳᠡᠨ ᠤ ᠠᠮᠢᠳᠤᠷᠠᠯ ᠤᠨ ᠪᠠᠶᠢᠳᠠᠯ ᠵᠢᠴᠢ ᠣᠷᠣᠰᠢᠵᠤ ᠪᠠᠶᠢᠭ᠎ᠠ ᠬᠦᠴᠢᠷᠳᠡᠯ ᠢ ᠨᠢ ᠯᠠᠪᠯᠠᠨ ᠠᠰᠠᠭᠤᠵᠤ᠂ ᠲᠡᠳᠡᠨ ᠳᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠭᠡᠵᠡᠶ᠃    
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号