ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2019-10-08
     ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠭᠤᠯᠢ ᠬᠡᠤᠬᠡᠳ ᠤᠨ ᠴᠡᠴᠡᠷᠯᠢᠭ ‍ᠤᠨ‌ᠠᠮᠤᠷ ᠲᠦᠪᠰᠢᠨ ᠢ ᠴᠢᠩᠭᠠᠳᠬᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠵᠤ ᠲᠣᠭᠤᠷᠢᠭ ᠤᠨ ᠬᠠᠷᠢᠶ᠎ᠠ 46 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠨᠢᠭᠡ ᠭᠠᠷᠠᠭ ᠤᠨ ᠬᠤᠭᠤᠴᠠᠭ᠎ᠠ ᠲᠠᠢ ᠠᠮᠤᠷ ᠲᠦᠪᠰᠢᠨ ᠤ ᠪᠠᠶᠢᠴᠠᠭᠠᠯᠲᠠ ᠬᠢᠵᠡᠶ᠃      ︽ᠪᠦᠬᠦ ᠲᠠᠯ᠎ᠠ ᠶᠢ ᠬᠠᠮᠤᠷᠬᠤ᠂ ᠭᠤᠣᠯᠳᠠᠯᠭ᠎ᠠ ᠶᠢ ᠳᠣᠪᠤᠶᠢᠯᠭᠠᠬᠤ︾ ᠵᠠᠷᠴᠢᠮ᠂ ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠶᠡᠭᠡ ᠡᠭᠦᠳᠡ ᠶᠢᠨ ᠵᠢᠵᠢᠭᠦᠷ ᠤᠨ ᠲᠠᠰᠤᠭ᠂ ᠵᠢᠭᠠᠨ ᠰᠤᠷᠭᠠᠯᠲᠠ ᠶᠢᠨ ᠠᠰᠠᠷ᠂ ᠠᠯᠪᠠᠨ ᠠᠰᠠᠷ᠂ ᠬᠤᠭᠤᠯᠠᠨ ᠭᠡᠷ᠂ ᠲᠠᠮᠢᠷ ᠤᠨ ᠲᠠᠯᠠᠪᠠᠢ᠂ ᠰᠤᠷᠤᠭᠴᠢ ᠶᠢᠨ ᠪᠠᠶᠢᠷᠢ ᠵᠡᠷᠭᠡ ᠴᠢᠬᠤᠯᠠ ᠲᠠᠯᠠᠪᠤᠷ ᠲᠤ᠂ ᠰᠤᠷᠭᠠᠭᠤᠯᠢ ᠶᠢᠨ ᠶᠡᠭᠡ ᠡᠭᠦᠳᠡ ᠶᠢᠨ ᠵᠢᠵᠢᠭᠦᠷ ᠤᠨ ᠲᠠᠰᠤᠭ ᠤᠨ ᠨᠢᠭᠡ ᠳᠠᠷᠤᠪᠴᠢ ᠶᠢᠨ ᠲᠦᠭᠰᠢᠭᠦᠷᠢ ᠮᠡᠳᠡᠭᠡᠯᠡᠬᠦ ᠰᠢᠰᠲ᠋ᠧᠮ᠂ ᠬᠢᠨᠠᠨ ᠡᠵᠡᠮᠳᠡᠬᠦ᠂ ᠠᠵᠢᠯᠲᠠᠨ ᠤ ᠰᠡᠷᠭᠡᠶᠢᠯᠡᠨ ᠬᠠᠮᠠᠭᠠᠯᠠᠬᠤ ᠬᠤᠪᠴᠠᠰᠤ ᠬᠤᠨᠠᠷ ᠵᠢᠴᠢ ᠪᠠᠭᠠᠵᠢ ᠬᠡᠷᠡᠭᠰᠡᠯ ᠢ ᠲᠣᠬᠢᠷᠠᠭᠤᠯᠤᠭᠰᠠᠨ ᠵᠢᠴᠢ ᠬᠡᠷᠡᠭᠯᠡᠭᠰᠡᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠪᠠᠶᠢᠷᠢ ᠶᠢᠨ ᠭᠠᠯ ᠤᠨᠲᠠᠷᠠᠭᠠᠬᠤ ᠠᠮᠤᠷ ᠲᠦᠪᠰᠢᠨ᠂ ᠰᠤᠷᠭᠠᠭᠤᠯᠢ ᠶᠢᠨ ᠲᠡᠷᠡᠭᠡ᠂ ᠭᠠᠯ ᠤᠨᠲᠠᠷᠠᠭᠠᠬᠤ ᠲᠥᠬᠦᠭᠡᠷᠦᠮᠵᠢ ᠲᠣᠬᠢᠷᠠᠭᠤᠯᠤᠭᠰᠠᠨ ᠪᠠᠶᠢᠳᠠᠯ  ᠵᠢᠴᠢ ᠰᠤᠷᠭᠠᠭᠤᠯᠢ ᠶᠢᠨ ᠬᠦᠷᠢᠶᠡᠨ ᠤ ᠬᠠᠮᠠᠭᠠᠯᠠᠯᠲᠠ ᠪᠣᠯᠤᠨ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠲᠣᠭᠤᠭᠠᠨ ᠭᠡᠷ ᠤᠨ ᠰᠢᠲᠠᠮᠠᠬᠠᠶ ᠬᠡᠢ᠂ ᠭᠠᠯ ᠤᠨᠲᠠᠷᠠᠭᠠᠬᠤ ᠪᠦᠯᠦᠩ ᠤᠨ ᠬᠡᠷᠡᠭᠯᠡᠯᠲᠡ ᠵᠢᠴᠢ ᠥᠪᠡᠰᠦᠪᠡᠨ ᠪᠠᠶᠢᠴᠠᠭᠠᠭᠰᠠᠨ ᠪᠠᠶᠢᠳᠠᠯ ᠢ ᠣᠶᠢᠯᠠᠭᠠᠵᠤ᠂ ᠢᠳᠡᠭᠡᠨ ᠤ ᠶᠠᠩᠵᠤ ᠦᠯᠡᠳᠡᠭᠡᠬᠦ᠂ ᠥᠷᠯᠥᠭᠡ ᠶᠢᠨ ᠪᠠᠶᠢᠴᠠᠭᠠᠯᠲᠠ᠂ ᠨᠡᠮᠡᠯᠲᠡ ᠡᠳ᠋ ᠤᠨ ᠬᠡᠷᠡᠭᠯᠡᠯᠲᠡ᠂ 4D ᠬᠠᠮᠢᠶᠠᠷᠤᠯᠲᠠ ᠶᠢᠨ ᠳᠦᠷᠢᠮ ᠢ ᠲᠣᠭᠲᠠᠭᠠᠭᠰᠠᠨ ᠵᠢᠴᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠪᠡ᠃ ᠪᠠᠶᠢᠴᠠᠭᠠᠯᠲᠠ ᠶᠢᠨ ᠳᠤᠮᠳᠠ 39 ᠠᠰᠠᠭᠤᠳᠠᠯ ᠢ ᠢᠯᠡᠷᠡᠭᠦᠯᠵᠦ᠂ 31 ᠠᠰᠠᠭᠤᠳᠠᠯ ᠢ ᠲᠡᠷᠡ ᠳᠣᠤᠷ᠎ᠠ ᠨᠢ ᠴᠡᠭᠴᠡᠯᠡᠨ ᠰᠠᠶᠢᠵᠢᠷᠠᠭᠤᠯᠪᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠣᠷᠣᠰᠢᠵᠤ ᠪᠠᠶᠢᠭ᠎ᠠ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠮᠡᠳᠡᠭᠳᠡᠯ ᠤᠨ ᠪᠢᠴᠢᠭ ᠪᠠᠭᠤᠯᠭᠠᠵᠤ᠂ ᠲᠡᠭᠦᠨ ᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠴᠡᠭᠴᠡᠯᠡᠨ ᠥᠭᠡᠷᠡᠴᠢᠯᠡᠭᠦᠯᠪᠡ᠃ ᠴᠡᠭᠴᠡᠯᠡᠨ ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠶᠢ ᠨᠢ ᠬᠠᠤᠯᠢ ᠶᠣᠰᠣᠭᠠᠷ ᠴᠢᠩᠭ᠎ᠠ ᠰᠢᠢᠤᠡᠪᠤᠷᠢᠯᠡᠬᠦ ᠬᠡᠷᠡᠭᠲᠡᠶ᠃      ᠬᠠᠶᠢᠷᠤᠪ ᠤᠨ ᠲᠣᠬᠤᠢ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠰᠤᠷᠭᠠᠭᠤᠯᠢ ᠶᠢ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠥᠪᠡᠷ ᠢ ᠪᠠᠨ ᠪᠠᠶᠢᠴᠠᠭᠠᠬᠤ ᠠᠵᠢᠯ ᠢ ᠲᠥᠪ ᠴᠢᠩᠭ᠎ᠠ ᠨᠠᠷᠢᠨ ᠬᠢᠨᠠᠮᠠᠭᠠᠶ ᠰᠠᠶᠢᠲᠤᠷ ᠥᠷᠨᠢᠭᠦᠯᠬᠦ ᠬᠡᠷᠡᠭᠲᠡᠶ ᠭᠡᠵᠦ ᠱᠠᠭᠠᠷᠳᠠᠭᠰᠠᠨ ᠪᠥᠭᠡᠳ ᠡᠯ᠎ᠡ ᠰᠠᠯᠠᠭ᠎ᠠ ᠮᠥᠴᠢᠷ ᠤᠨ ᠬᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ᠂ ᠭᠠᠯ ᠰᠡᠷᠭᠡᠶᠢᠯᠡᠬᠦ ᠠᠵᠢᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠣᠳᠠᠲᠠᠶ ᠪᠥᠭᠡᠳ ᠴᠢᠩᠭ᠎ᠠ ᠠᠳᠬᠤᠵᠤ ᠨᠠᠷᠢᠨ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠲᠣᠰ ᠤᠳᠠᠭᠠᠨ ᠤ ᠪᠠᠶᠢᠴᠠᠭᠠᠯᠲᠠ ᠪᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠭᠤᠯᠢ ᠶᠢᠨ ᠬᠦᠷᠢᠶᠡᠨ ᠤ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠢ ᠪᠦᠲᠦᠮᠵᠢᠲᠡᠶ ᠰᠡᠷᠭᠡᠶᠢᠯᠡᠵᠦ᠂ ᠰᠤᠷᠭᠠᠭᠤᠯᠢ ᠶᠢᠨ ᠪᠠᠭᠰᠢ ᠰᠤᠷᠤᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号