ᠬᠠᠶᠢᠷᠤᠪ ᠤᠨ ᠲᠣᠬᠤᠢ ᠲᠣᠭᠤᠷᠢᠭ ᠤᠨ ᠨᠠᠮ ᠵᠠᠰᠠᠭ ᠤᠨ ᠭᠤᠤᠯ ᠤᠳᠤᠷᠢᠳᠤᠯᠭ᠎ᠠ ᠪᠣᠯᠤᠨ ᠠᠵᠢᠯ ᠶᠢᠨ ᠵᠢᠵᠢᠭᠦᠷ ᠬᠥᠮᠦᠰ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠬᠠᠮᠲᠤᠪᠠᠷ ᠰᠣᠨᠢᠷᠬᠠᠪᠠ
ᠨᠡᠶᠢᠲᠡᠯᠡᠭᠰᠡᠨ ᠴᠠᠭ᠄
2019-10-08
     ᠤᠯᠤᠰ ᠤᠨ ᠪᠠᠶᠠᠷ ᠤᠨ ᠡᠳᠦᠷ᠂ ᠳᠤᠮᠳᠠᠳᠤ ᠶᠢᠨ ᠡᠬᠡ ᠭᠠᠵᠠᠷ ᠤᠯᠤᠰ ᠳᠠᠶᠠᠭᠠᠷ ᠪᠠᠶᠠᠷᠯᠠᠨ ᠪᠡᠯᠭᠡᠯᠡᠵᠦ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠬᠠᠮᠲᠤᠪᠠᠷ ᠤᠭᠲᠤᠨ ᠠᠪᠴᠢᠷᠠᠪᠠ᠃ 10 ᠰᠠᠷ᠎ᠠ ᠶᠢᠨ1᠎ ᠤ ᠦᠳᠡ ᠶᠢᠨ ᠡᠮᠦᠨ᠎ᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠵᠠᠰᠠᠭ ᠤᠨ ᠭᠤᠤᠯ ᠤᠳᠤᠷᠢᠳᠤᠯᠭ᠎ᠠ ᠪᠣᠯᠤᠨ ᠠᠵᠢᠯ ᠶᠢᠨ ᠵᠢᠵᠢᠭᠦᠷᠯᠡᠭᠴᠢ ᠰᠡᠳᠬᠢᠯ ᠳᠣᠭᠳᠣᠯᠤᠨ ᠪᠠᠶᠠᠷ ᠪᠠᠶᠠᠰᠬᠤᠯᠠᠩ ᠲᠠᠢ ᠪᠠᠷ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ‍ᠤᠨ‌ᠣᠢ ᠶᠢ ᠪᠡᠯᠭᠡᠯᠡᠬᠦ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠬᠠᠮᠲᠤᠪᠠᠷ ᠬᠦᠯᠢᠶᠡᠨ ᠠᠪᠴᠤ᠂ ᠡᠬᠡ ᠤᠯᠤᠰ ᠤᠨ ᠬᠥᠭᠵᠢᠯ ᠴᠡᠴᠡᠭᠯᠡᠯ ᠲᠤ ᠣᠮᠣᠭᠰᠢᠨ ᠵᠣᠷᠢᠭᠵᠢᠪᠠ᠃
     ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠲᠠᠭᠤᠣ ᠶᠢ ᠬᠥᠭᠵᠢᠮᠳᠡᠬᠦ ᠦᠶ᠎ᠡ ᠳᠤ᠂ ᠣᠯᠠᠨ ᠢᠶᠠᠷ ᠢᠶᠠᠨ ᠲᠠᠪᠤᠨ ᠣᠳᠣᠲᠤ ᠤᠯᠠᠭᠠᠨ ᠲᠤᠭ ᠲᠢᠶᠠᠨ ᠠᠨ ᠮᠧᠨ ᠲᠠᠯᠠᠪᠤᠷ ᠳᠤ ᠠᠯᠭᠤᠷᠬᠠᠨ ᠨᠠᠮᠢᠷᠠᠬᠤ ᠶᠢ ᠦᠵᠡᠵᠤ᠂ ᠲᠤᠬᠠᠶ ᠶᠢᠨ ᠲᠠᠯᠠᠪᠠᠢ ᠳᠤ ᠪᠠᠶᠢᠭᠰᠠᠨ ᠪᠣᠶ ᠪᠦᠬᠦᠢ ᠬᠥᠮᠦᠰ ᠰᠡᠳᠬᠢᠯ ᠳᠣᠭᠳᠣᠯᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ ᠣᠯᠤᠭᠰᠠᠨ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠶᠡᠭᠡ ᠠᠮᠵᠢᠯᠲᠠ ᠳᠠᠭᠠᠨ ᠴᠢᠩ ᠰᠡᠳᠬᠢᠯ ᠠᠴᠠ ᠪᠠᠨ ᠣᠮᠣᠭᠰᠢᠵᠤ᠂ ᠳᠤᠮᠳᠠᠳᠤ ᠶᠢᠨ ᠦᠨᠳᠦᠰᠦᠲᠡᠨ ᠤ ᠬᠥᠭᠵᠢᠨ ᠮᠠᠨᠳᠤᠬᠤ ᠳᠤ ᠣᠮᠣᠭᠰᠢᠵᠤ ᠪᠠᠶᠢᠨ᠎ᠠ᠃ ᠡᠨᠡ ᠤᠳᠠᠭᠠᠨ ᠤ ᠴᠡᠷᠢᠭ ᠤᠨ ᠵᠢᠭᠰᠠᠭᠠᠯ ᠰᠢᠯᠭᠠᠨ ᠦᠵᠡᠬᠦ ᠪᠣᠯ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠤᠷᠤᠭᠰᠠᠨ ᠠᠩᠬᠠᠳᠠᠭᠴᠢ ᠤᠯᠤᠰ ᠤᠨ ᠪᠠᠶᠠᠷ ᠤᠨ ᠴᠡᠷᠢᠭ ᠤᠨ ᠵᠢᠭᠰᠠᠭᠠᠯ ᠰᠢᠯᠭᠠᠨ ᠦᠵᠡᠬᠦ ᠶᠠᠪᠤᠳᠠᠯ ᠮᠥᠨ᠂ ᠪᠠᠰᠠ ᠴᠤ ᠠᠷᠠᠳ ᠤᠨ ᠴᠡᠷᠢᠭ ᠠᠩᠭᠢ ᠶᠢᠨ ᠪᠦᠬᠦ ᠲᠠᠯ᠎ᠠ ᠶᠢᠨ ᠥᠭᠡᠷᠡᠴᠢᠯᠡᠯᠲᠡ ᠶᠢ ᠳᠠᠬᠢᠨ ᠬᠢᠭᠰᠡᠨ ᠤ ᠳᠠᠷᠠᠭᠠᠬᠢ ᠠᠩᠬᠠᠳᠠᠭᠴᠢ ᠪᠦᠬᠦᠯᠢ ᠴᠣᠭᠴᠠ ᠶᠢᠨ ᠢᠯᠡᠷᠡᠯ ᠮᠥᠨ᠃ ᠴᠡᠷᠢᠭ ᠤᠨ ᠵᠢᠭᠰᠠᠭᠠᠯ ᠰᠢᠯᠭᠠᠨ ᠦᠵᠡᠬᠦ ᠠᠵᠢᠯᠯᠠᠭ᠎ᠠ ᠨᠢ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ᠂ ᠵᠢᠭᠰᠠᠭᠠᠯ ᠭᠡᠬᠦ ᠬᠤᠶᠠᠷ ᠠᠯᠬᠤᠮ ᠳᠠᠷᠠᠭ᠎ᠠ ᠪᠠᠷ ᠶᠠᠪᠤᠭᠳᠠᠨ᠎ᠠ᠂ ᠴᠠᠭ ᠨᠢ ᠪᠠᠷᠤᠭ 80 ᠮᠢᠨᠦ᠋ᠲ ᠪᠠᠶᠢᠪᠠ᠃ ᠴᠡᠷᠢᠭ ᠤᠨ ᠵᠢᠭᠰᠠᠭᠠᠯ ᠰᠢᠯᠭᠠᠨ ᠦᠵᠡᠬᠦ ᠶᠣᠰᠣᠯᠠᠯ ᠤᠨ ᠰᠢᠨ᠎ᠡ ᠶᠢ ᠡᠭᠦᠳᠬᠦ ᠭᠢᠯᠠᠰ ᠴᠡᠭ ᠵᠠᠯᠭᠠᠭ᠎ᠠ ᠪᠠᠷ ᠢᠯᠡᠷᠡᠵᠦ᠂ ᠢᠯᠠ ᠲᠣᠳᠣ ᠣᠨᠴᠠᠯᠢᠭ ᠳᠤᠪᠤᠶᠢᠮ᠎ᠠ ᠪᠠᠶᠢᠨ᠎ᠠ᠄ ᠨᠠᠮ ᠤᠨ ᠤᠳᠤᠷᠢᠳᠤᠯᠭ᠎ᠠ ᠶᠢ ᠳᠠᠭᠠᠬᠤ ᠤᠯᠤᠰ ᠲᠥᠷᠥ ᠶᠢᠨ ᠤᠳᠬ᠎ᠠ ᠰᠠᠨᠠᠭ᠎ᠠ ᠮᠠᠰᠢ ᠢᠯᠠ ᠲᠣᠳᠣ ᠪᠠᠶᠢᠨ᠎ᠠ︔ ᠪᠡᠯᠭᠡᠯᠡᠬᠦ ᠶᠣᠰᠣᠯᠠᠯ ᠤᠨ ᠠᠵᠢᠯᠯᠠᠭ᠎ᠠ ᠶᠢᠨ ᠠᠭᠤᠷ ᠠᠮᠢᠰᠬᠤᠯ ᠦᠪᠡᠳᠡᠭᠰᠢ ᠰᠦᠷ ᠵᠢᠪᠬᠤᠯᠠᠩᠲᠠᠶ ᠪᠠᠶᠢᠪᠠ᠂ ᠥᠭᠡᠷᠡᠴᠢᠯᠡᠯᠲᠡ ᠶᠢ ᠳᠠᠬᠢᠨ ᠴᠣᠭᠴᠠᠯᠠᠭᠰᠠᠨ ᠴᠣ ᠰᠢᠨ᠎ᠡ ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠪᠡ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠤᠭ ᠤᠨ ᠰᠢᠨ᠎ᠡ ᠠᠮᠵᠢᠯᠲᠠ ᠶᠢ ᠲᠦᠪᠯᠡᠷᠡᠩᠭᠦᠢ ᠢᠯᠡᠷᠡᠭᠦᠯᠪ᠊︔ ᠡᠭᠦᠷᠭᠡ ᠬᠠᠷᠢᠭᠤᠴᠠᠯᠭ᠎ᠠ ᠪᠠᠨ ᠭᠦᠢᠴᠠᠤᠡᠭᠡᠬᠦ ᠶᠡᠷᠦᠩᠬᠡᠶᠢᠯᠡᠭᠰᠡᠨ ᠴᠢᠳᠠᠪᠤᠷᠢ ᠶᠢ ᠭᠦᠢᠴᠠᠤᠡ ᠢᠯᠡᠷᠡᠭᠦᠯᠪᠡ︔ ᠢᠯᠠᠯᠲᠠ ᠣᠯᠬᠤ ᠢᠯᠠ ᠲᠣᠳᠣ ᠤᠳᠤᠷᠢᠳᠤᠮᠵᠢ ᠶᠢ ᠪᠠᠲᠤ ᠪᠣᠶ ᠪᠣᠯᠭᠠᠪᠠ︔ ᠬᠤᠪᠢᠰᠬᠠᠯ ᠤᠨ ᠭᠧᠨ ᠤ ᠤᠯᠠᠮᠵᠢᠯᠠᠯ ᠵᠠᠯᠭᠠᠮᠵᠢᠯᠠᠯ ᠤᠨ ᠬᠦᠴᠦᠲᠡᠶ ᠢᠯᠡᠷᠡᠯ︔ ᠳᠠᠭᠤᠷᠢᠶᠠᠮᠠᠯ ᠠᠷᠭ᠎ᠠ ᠪᠠᠷᠢᠯ ᠢ ᠬᠡᠷᠡᠭᠯᠡᠭᠡᠳ ᠢᠯᠡᠳᠲᠡ ᠦᠷ᠎ᠡ ᠪᠦᠲᠦᠮᠵᠢ ᠣᠯᠪᠠ᠃ ᠥᠨᠳᠥᠷ ᠪᠦᠲᠦᠮᠵᠢᠲᠡᠶ ᠡᠷᠴᠢᠮᠵᠢᠭᠦᠯᠦᠭᠰᠡᠨ ᠪᠠᠲᠤᠯᠠᠭ᠎ᠠ ᠶᠢᠨ ᠠᠷᠭ᠎ᠠ ᠵᠠᠮ ᠠᠯᠬᠤᠮ ᠠᠯᠬᠤᠮ ᠢᠶᠠᠷ ᠵᠠᠮᠬᠠᠷᠠᠪᠠ᠃      ᠣᠯᠠᠨ ᠢᠶᠠᠷ ᠢᠶᠠᠨ᠂ ᠰᠢᠯᠭᠠᠨ ᠦᠵᠡᠬᠦ ᠶᠢ ᠬᠦᠯᠢᠶᠡᠨ ᠠᠪᠤᠭᠰᠠᠨ ᠴᠡᠷᠢᠭ ᠠᠩᠭᠢ ᠨᠠᠮ ᠤᠨ ᠲᠥᠪ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠣᠯᠤᠨ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ ᠤᠨ ᠵᠢᠯᠣᠭᠤᠳᠤᠯᠭ᠎ᠠ ᠶᠢ ᠳᠠᠭᠠᠬᠤ᠂ ᠴᠢᠳᠠᠮᠠᠭᠠᠢ᠂ ᠣᠪᠣᠷ ᠰᠤᠷᠲᠠᠯ ᠰᠢᠯᠢᠳᠡᠭ ᠰᠠᠶᠢᠨ ᠬᠤᠷᠴᠠ ᠭᠠᠪᠰᠢᠭᠠᠶ ᠴᠡᠷᠢᠭ ᠠᠩᠭᠢ ᠪᠣᠯᠵᠤ᠂ᠡᠷᠡᠰ ᠵᠣᠷᠢᠭ ᠲᠠᠢ᠂ ᠢᠲᠡᠭᠡᠯ ᠲᠠᠢ᠂ ᠴᠢᠳᠠᠪᠤᠷᠢ ᠲᠠᠢ᠂ ᠡᠷᠡᠰ ᠬᠠᠲᠠᠭᠤ ᠪᠠᠶᠢᠳᠠᠯ᠂ ᠲᠡᠷᠢᠭᠦᠨ ᠲᠡᠰ ᠤᠨ ᠪᠠᠷᠢᠮᠵᠢᠶ᠎ᠠ ᠪᠠᠷ ᠨᠠᠮ ᠪᠣᠯᠤᠨ ᠠᠷᠠᠳ ᠲᠦᠮᠡᠨ ᠤ ᠰᠢᠯᠭᠠᠨ ᠦᠵᠡᠬᠦ ᠶᠢ ᠬᠦᠯᠢᠶᠡᠨ ᠠᠪᠴᠤ᠂ ᠨᠢᠭᠡ ᠤᠳᠠᠭ᠎ᠠ ᠶᠢᠨ ᠳᠤᠮᠳᠠᠳᠤ ᠤᠯᠤᠰ ᠤᠨ ᠴᠤᠭ ᠵᠢᠪᠬᠤᠭ᠎ᠠ ᠲᠡᠭᠦᠯᠳᠡᠷ᠂ ᠴᠠᠭ ᠦᠶ᠎ᠡ ᠶᠢᠨ ᠣᠨᠴᠠᠯᠢᠭ ᠢ ᠢᠯᠡᠷᠡᠭᠦᠯᠦᠭᠰᠡᠨ᠂ ᠴᠡᠷᠢᠭ ᠢ ᠬᠦᠴᠦᠷᠬᠡᠭᠵᠢᠭᠦᠯᠬᠦ ᠴᠤᠭ ᠵᠢᠪᠬᠤᠭ᠎ᠠ ᠶᠢ ᠢᠯᠡᠷᠡᠭᠦᠯᠦᠭᠰᠡᠨ ᠴᠡᠷᠢᠭ ᠰᠢᠯᠭᠠᠨ ᠦᠵᠡᠬᠦ ᠦᠪᠡᠳᠡᠭᠰᠢ ᠶᠣᠰᠣᠯᠠᠯ ᠢ ᠵᠣᠷᠢᠭᠤᠯᠪᠠ ᠭᠡᠵᠦ ᠢᠯᠡᠳᠬᠡᠵᠡᠭᠡᠪᠡ᠃ ᠡᠨᠡ ᠨᠢ ᠪᠠᠭᠠᠲᠤᠷᠯᠢᠭ ᠴᠡᠷᠢᠭ ᠠᠩᠭᠢ ᠶᠢᠨ ᠰᠢᠨ᠎ᠡ ᠴᠠᠭ ᠦᠶ᠎ᠡ ᠶᠢᠨ ᠰᠢᠨ᠎ᠡ ᠳᠦᠷᠢ ᠲᠥᠷᠬᠦ ᠶᠢ ᠭᠦᠢᠴᠠᠤᠡ ᠢᠯᠡᠷᠡᠭᠦᠯᠵᠦ᠂ ᠰᠦᠷ ᠵᠢᠪᠬᠤᠯᠠᠩᠲᠤ ᠪᠣᠯᠪᠠᠰᠤᠨ ᠴᠡᠷᠢᠭ ᠨᠢ ᠤᠯᠠᠨ ᠢ ᠣᠮᠣᠭᠰᠢᠭᠤᠯᠵᠤ᠂ ᠰᠢᠨ᠎ᠡ ᠳᠤᠮᠳᠠᠳᠤ ᠤᠯᠤᠰ ᠤᠨ ᠬᠦᠴᠦᠷᠬᠡᠭ ᠶᠡᠭᠡ ᠴᠡᠷᠢᠭ ᠤᠨ ᠶᠠᠪᠤᠳᠠᠯ ᠤᠨ ᠪᠣᠳᠠᠲᠤ ᠬᠦᠴᠦᠨ ᠪᠣᠯᠤᠨ ᠤᠯᠤᠰ ᠤᠨ ᠶᠡᠷᠦᠩᠬᠡᠶ ᠬᠦᠴᠦᠨ ᠢ ᠨᠠᠩ ᠭᠦᠨᠵᠡᠭᠡᠶ ᠮᠡᠳᠡᠷᠡᠵᠦ᠂ ᠳᠤᠮᠳᠠᠳᠤ ᠤᠯᠤᠰ ᠤᠨ ᠬᠥᠮᠦᠨ ᠪᠣᠯᠤᠭᠰᠠᠨ ᠤ ᠬᠤᠪᠢ ᠳᠠᠬᠢ ᠣᠮᠣᠭᠰᠢᠯ ᠢ ᠮᠡᠳᠡᠷᠡᠵᠦ᠂ ᠬᠤᠶᠢᠰᠢᠳᠠ ᠶᠢᠨ ᠠᠵᠢᠯ ᠳᠤᠮᠳᠠ ᠪᠠᠨ ᠣᠨᠴᠠ ᠢᠲᠡᠭᠡᠯ ᠲᠡᠭᠦᠯᠳᠡᠷ ᠲᠠᠢ ᠪᠣᠯᠭᠠᠵᠠᠶ᠃ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ᠂ ᠭᠦᠨᠵᠡᠭᠡᠶ ᠣᠶᠢᠯᠠᠭᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠴᠢᠷᠮᠠᠶᠢᠨ ᠠᠵᠢᠯᠯᠠᠵᠤ᠂ ᠶᠡᠷᠦᠩᠬᠡᠶ ᠱᠦᠵᠢ ᠰᠢ ᠶᠢᠨ ᠫᠢᠩ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠠᠵᠢᠯ ᠶᠢᠨ ᠪᠠᠶᠢᠷᠢ ᠳᠠᠭᠠᠨ ᠰᠠᠭᠤᠷᠢᠯᠠᠵᠤ᠂ ᠦᠨᠡᠨ ᠠᠴᠠ ᠵᠥᠪ ᠢ ᠡᠷᠢᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠵᠣᠷᠢᠭᠲᠠᠶ ᠪᠠᠷ ᠲᠦᠷᠦᠭᠦᠯᠡᠨ ᠠᠵᠢᠯᠯᠠᠵ᠊᠂ ᠴᠢᠷᠮᠠᠶᠢᠨ ᠠᠵᠢᠯᠯᠠᠵᠤ᠂ ᠮᠠᠨ ᠤ ᠡᠬᠡ ᠤᠯᠤᠰ ᠢᠶᠠᠨ ᠨᠠᠩ ᠪᠠᠶᠠᠨ ᠬᠦᠴᠦᠷᠬᠡᠭ᠂ ᠠᠷᠠᠳᠴᠢᠯᠠᠭᠰᠠᠨ᠂ ᠪᠣᠯᠪᠠᠰᠤᠨ᠂ ᠡᠶ᠎ᠡ ᠵᠣᠬᠢᠴᠠᠩᠭᠤᠶ᠂ ᠦᠵᠡᠰᠬᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠶ᠎ᠠ︕
 
ᠢᠷᠡᠯᠲᠡ᠄ ᠠᠮᠢᠵᠢᠷᠠᠯ ᠪᠢᠯᠬᠠᠭᠰᠠᠨ ᠬᠠᠶᠢᠷᠤᠪ ᠤᠨ ᠲᠤᠬᠤᠢ ᠲᠤᠭᠤᠷᠢᠭ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号