9 ᠰᠠᠷ᠎ᠠ ᠶᠢᠨ 29 ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠳᠠᠭᠠᠭᠠᠴᠢᠯᠠᠨ ᠡᠷᠬᠢᠯᠡᠭᠰᠡᠨ ︽ᠴᠢᠬᠡᠴᠢ ᠰᠤᠷᠲᠠᠯ ᠤᠨ ᠺᠠᠳ᠋ᠷ︾ ᠤᠨ | ᠤᠬᠠᠭᠤᠯᠤᠨ ᠲᠠᠶᠢᠯᠪᠤᠷᠢᠯᠠᠬᠤ ᠬᠠᠮᠲᠤ ᠪᠠᠷ ᠡᠳ᠋ᠯᠡᠬᠦ ᠶᠠᠷᠢᠶᠠᠨ ᠤ ᠲᠠᠩᠬᠢᠮᠴᠡᠭᠡᠯ ᠠᠭᠤᠯᠠ ᠪᠠᠯᠭᠠᠰᠤᠨ ᠳᠤ ᠭᠤᠶᠢᠲᠠ | ᠰᠠᠶᠢᠬᠠᠨ ᠶᠠᠷᠢᠶ᠎ᠠ ᠲᠠᠯᠪᠢᠪᠠ᠃ ᠬᠠᠶᠢᠷᠤᠪ ᠤᠨ ᠲᠣᠬᠤᠢ ᠲᠣᠭᠤᠷᠢᠭ ᠤᠨ ᠪᠠᠯᠭᠠᠰᠤ᠂ ᠬᠡᠷᠡᠭ ᠡᠷᠬᠢᠯᠡᠬᠦ ᠭᠠᠵᠠᠷ ᠤᠨ 2 | ︽ᠴᠢᠬᠡᠴᠢ ᠰᠤᠷᠲᠠᠯ ᠺᠠᠳ᠋ᠷ︾ ᠥᠪᠡᠷ ᠤᠨ ᠡᠳᠦᠷ ᠲᠣᠲᠤᠮ ᠤᠨ ᠠᠵᠢᠯ ᠳᠤᠮᠳᠠᠬᠢ ᠰᠡᠳᠬᠢᠯ ᠬᠥᠳᠡᠯᠭᠡᠮ᠎ᠡ | ᠦᠯᠢᠭᠡᠷ ᠢᠶᠠᠨ ᠶᠠᠷᠢᠪᠠ᠃ | | ᠲᠣᠰ ᠤᠳᠠᠭᠠᠨ ᠤ ᠬᠠᠮᠲᠤ ᠪᠠᠷ ᠡᠳ᠋ᠯᠡᠬᠦ ᠶᠠᠷᠢᠶᠠᠨ ᠤ ᠲᠠᠩᠬᠢᠮ ᠤᠨ ᠭᠤᠤᠯ ᠰᠡᠳᠦᠪ ᠪᠣᠯ ᠠᠵᠢᠯ | ᠮᠡᠷᠭᠡᠵᠢᠯ ᠤᠨ ᠶᠣᠰᠣ ᠮᠣᠷᠠᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ︽ᠠᠷᠢᠭᠤᠨ ᠴᠢᠬᠡᠴᠢ ᠺᠠᠳ᠋ᠷ︾ ᠪᠣᠯᠵᠤ᠂ | ᠤᠬᠠᠭᠤᠯᠤᠨ ᠲᠠᠶᠢᠯᠪᠤᠷᠢᠯᠠᠭᠴᠢ ᠥᠪᠡᠷ ᠤᠨ ᠶᠠᠳᠠᠭᠤ ᠶᠢ ᠲᠡᠳᠬᠦᠬᠦ ᠠᠵᠢᠯ ᠶᠢᠨ ᠥᠩᠭᠡᠷᠡᠯᠲᠡ ᠲᠠᠢ ᠪᠠᠨ | ᠤᠶᠠᠯᠳᠤᠭᠤᠯᠤᠨ᠂ ᠪᠣᠷᠣᠭᠵᠢᠭᠤᠨ ᠠᠮᠢᠳᠤᠯᠢᠭ ᠦᠭᠡ ᠬᠡᠯᠡ ᠪᠠᠷ ᠲᠣᠰ ᠪᠡᠶ᠎ᠡ ᠶᠢᠨ ᠲᠡᠷᠢᠭᠦᠨ ᠤ ᠦᠢᠯᠡ | ᠠᠵᠢᠯᠯᠠᠭ᠎ᠠ ᠪᠠᠨ ᠵᠡᠷᠭᠡᠪᠡᠷ ᠶᠠᠷᠢᠵᠤ᠂ ︽ᠠᠷᠢᠭᠤᠨ ᠴᠢᠬᠡᠴᠢ ᠺᠠᠳ᠋ᠷ︾ ᠤᠨ ᠠᠷᠠᠳ ᠣᠯᠠᠨ ᠤ ᠰᠠᠶᠢᠨ ᠰᠠᠶᠢᠬᠠᠨ | ᠠᠮᠢᠳᠤᠷᠠᠯ ᠤᠨ ᠲᠥᠯᠥᠭᠡ ᠲᠡᠮᠡᠴᠡᠭᠡᠳ ᠵᠣᠭᠰᠣᠬᠤ ᠦᠭᠡᠢ᠂ ᠬᠠᠷᠠᠮ ᠦᠭᠡᠢ ᠵᠢᠳᠬᠦᠬᠦ ᠬᠠᠷᠢᠭᠤᠴᠠᠯᠭ᠎ᠠ ᠪᠠ | ᠡᠭᠦᠷᠭᠡᠯᠡᠯ ᠢᠶᠠᠨ ᠭᠦᠨᠵᠡᠭᠡᠶ ᠲᠠᠶᠢᠯᠪᠤᠷᠢᠯᠠᠵᠤ᠂ ᠴᠢᠩᠭ᠎ᠠ ᠲᠤᠰᠬᠠᠯ ᠭᠠᠷᠭᠠᠪᠠ᠃ | ︽ᠴᠢᠬᠡᠴᠢ ᠰᠤᠷᠲᠠᠯ ᠤᠨ ᠺᠠᠳ᠋ᠷ︾ ᠤᠨ ᠲᠡᠷᠢᠭᠦᠨ ᠤ ᠦᠢᠯᠡ ᠠᠵᠢᠯᠯᠠᠭ᠎ᠠ ᠨᠢ ᠴᠢᠬᠡᠴᠢ ᠰᠤᠷᠲᠠᠯ ᠲᠥᠪ | ᠰᠤᠷᠲᠠᠯ ᠢ ᠤᠯᠠᠮ ᠴᠢᠨᠠᠭᠰᠢᠳᠠ ᠪᠠᠳᠠᠷᠠᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠤᠯᠠᠮᠵᠢᠯᠠᠨ ᠳᠡᠯᠭᠡᠷᠡᠭᠦᠯᠵᠦ᠂ | ᠰᠢᠨ᠎ᠡ ᠴᠠᠭ ᠦᠶ᠎ᠡ ᠶᠢᠨ ᠺᠠᠳ᠋ᠷ ᠤᠨ ᠡᠩᠨᠡᠭᠡ ᠶᠢᠨ ᠠᠷᠠᠳ ᠤᠨ ᠲᠥᠯᠥᠭᠡ ᠪᠤᠳᠠᠳᠤ ᠠᠵᠢᠯᠯᠠᠭ᠎ᠠ ᠶᠢ | ᠡᠷᠬᠢᠮᠯᠡᠭᠰᠡᠨᠠᠷᠢᠭᠤᠨ ᠴᠢᠭᠡᠴᠢ ᠰᠠᠶᠢᠨ ᠰᠠᠶᠢᠬᠠᠨ ᠳᠦᠷᠢ ᠲᠥᠷᠬᠦ ᠶᠢ ᠬᠦᠴᠦᠯᠡᠨ ᠪᠤᠶᠢᠵᠢᠭᠤᠯᠵᠤ᠂ ᠡᠷᠡᠭᠦᠯ | ᠥᠭᠡᠳᠡᠷᠬᠡᠭ ᠦᠨᠳᠦᠰᠦᠨ ᠱᠠᠲᠤᠨ ᠤ ᠤᠯᠤᠰ ᠲᠥᠷᠦ ᠶᠢᠨ ᠠᠮᠢ ᠠᠬᠤᠶ ᠶᠢ ᠪᠣᠶ ᠪᠣᠯᠭᠠᠨ᠎ᠠ᠃ | |