ᠬᠠᠶᠢᠷᠤᠪ ᠤᠨ ᠲᠤᠬᠤᠢ ᠲᠤᠭᠤᠷᠢᠭ ᠬᠡᠯᠪᠡᠷᠢ ᠪᠠᠨ ᠬᠤᠪᠢᠷᠠᠭᠤᠯᠤᠨ ᠠᠷᠠᠳ ᠤᠨ ᠲᠥᠯᠥᠭᠡ ᠴᠢᠷᠮᠠᠶᠢᠨ ᠲᠡᠮᠡᠴᠡᠵᠦ ᠠᠷᠠᠤᠡ ᠲᠤ ᠠᠰᠢᠭ ᠬᠦᠷᠲᠡᠪᠡ
ᠨᠡᠶᠢᠲᠡᠯᠡᠭᠰᠡᠨ ᠴᠠᠭ᠄
2019-10-09
     ᠪᠠᠶᠠᠨ ᠴᠢᠨᠡᠭᠡᠯᠢᠭ — ᠡᠬᠢ ᠪᠠᠶᠠᠯᠢᠭ ᠤᠨ ᠲᠠᠪᠠᠭᠤᠯᠢᠭ ᠪᠠᠷ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠦᠶ᠎ᠡ      ᠬᠠᠶᠢᠷᠤᠪ ᠤᠨ ᠲᠣᠬᠤᠢ ᠲᠣᠭᠤᠷᠢᠭ ᠪᠣᠯ ᠥᠪᠥᠷ ᠮᠣᠩᠭᠤᠯ ᠤᠨ ᠪᠠᠷᠠᠭᠤᠨ ᠬᠡᠰᠡᠭ ᠤᠨ ᠵᠢᠵᠢᠭ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠭᠤᠤᠯ ᠬᠤᠲᠠ ᠶᠢᠨ ᠲᠣᠭᠤᠷᠢᠭ ᠪᠣᠯᠤᠨ᠎ᠠ᠂ ᠨᠠᠩ ᠴᠤ ᠥᠪᠥᠷ ᠮᠣᠩᠭᠤᠯ ᠤᠨ ᠬᠦᠴᠦᠯᠡᠨ ᠪᠠᠶᠢᠭᠤᠯᠤᠭᠰᠠᠨ ᠪᠠᠷᠠᠭᠤᠨᠰᠢ᠂ ᠡᠮᠦᠨᠡᠰᠢ ᠨᠡᠭᠡᠭᠡᠯᠲᠡ ᠬᠢᠬᠦ ᠴᠣᠩᠬᠤ ᠪᠣᠯᠤᠨ᠎ᠠ᠃ ᠠᠳᠡ ᠨᠡᠭᠦᠷᠡᠰᠦ 10.4 ᠳ᠋ᠦᠩᠰᠢᠭᠤᠷ ᠲᠣᠨ ᠬᠠᠳᠠᠭᠠᠯᠠᠵᠤ᠂ ᠭᠠᠵᠠᠷ ᠣᠷᠣᠨ ᠵᠢᠴᠢ ᠡᠷᠭᠢᠨ ᠲᠣᠭᠤᠷᠢᠨ ᠤ ᠨᠡᠭᠦᠷᠡᠰᠦ ᠡᠯᠪᠡᠭ ᠬᠠᠳᠠᠭᠠᠯᠠᠭᠳᠠᠵᠤ ᠪᠣᠶ︔ ᠴᠣᠬᠤᠢ ᠶᠢᠨ ᠴᠢᠯᠠᠭᠤᠯᠢᠭ 40 ᠳ᠋ᠦᠩᠰᠢᠭᠤᠷ ᠲᠣᠨ ᠠᠴᠠ ᠳᠡᠭᠡᠭᠰᠢ᠂ ᠨᠠᠩᠭᠢ ᠰᠢᠷᠣᠶ ᠶᠢᠨ ᠶᠡᠷᠦᠩᠬᠡᠶ ᠲᠠᠯᠠᠪᠠᠢ 50 ᠳ᠋ᠦᠩᠰᠢᠭᠤᠷ ᠲᠣᠨ ᠠᠴᠠ ᠳᠡᠭᠡᠭᠰᠢ᠂ ᠡᠨᠧᠷᠭᠢ ᠶᠢᠨ ᠰᠤᠷᠪᠤᠯᠵᠢ᠂ ᠬᠢᠮᠢ ᠶᠢᠨ ᠠᠵᠤ ᠤᠶᠢᠯᠡᠤᠡᠪᠤᠷᠢ᠂ ᠪᠠᠷᠢᠯᠭ᠎ᠠ ᠶᠢᠨ ᠮᠠᠲ᠋ᠧᠷᠢᠶᠠᠯ᠂ ᠲᠡᠮᠦᠷᠯᠢᠭ ᠪᠣᠯᠪᠠᠰᠤᠷᠠᠭᠤᠯᠬᠤ ᠳᠤ ᠬᠡᠷᠡᠭᠰᠡᠬᠦ ᠶᠡᠷᠦᠩᠬᠡᠶᠢᠯᠡᠭᠰᠡᠨ ᠴᠢᠨᠠᠷᠲᠠᠶ ᠢᠵᠢ ᠪᠦᠷᠢᠳᠦᠭᠦᠯᠬᠦ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ 37 ᠰᠢᠬᠠᠮ ᠵᠤᠶᠢᠯ ᠪᠠᠶᠢᠵᠤ᠂ ᠪᠠᠶᠢᠴᠠᠭᠠᠨ ᠲᠣᠳᠣᠯᠠᠭᠰᠠᠨ ᠬᠦᠳᠡᠷ ᠤᠨ ᠬᠡᠪᠲᠡᠰᠢ᠂ ᠡᠷᠦᠳᠡᠰᠦᠵᠢᠭᠰᠡᠨ ᠴᠡᠭ ᠵᠠᠭᠤ ᠭᠠᠷᠤᠶ ᠪᠠᠶᠢᠨ᠎ᠠ᠂ ᠬᠠᠳᠤᠨ ᠭᠤᠤᠯ ᠡᠮᠦᠨ᠎ᠡ ᠠᠴᠠ ᠤᠮᠠᠷᠠᠰᠢ ᠤᠷᠤᠰᠴᠤ ᠢᠷᠡᠭᠡᠳ ᠤᠰᠤᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ ᠭᠡᠷᠡᠯ ᠢᠯᠴᠢ ᠶᠢᠨ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠵᠢᠯ ᠳᠤᠮᠳᠠᠴᠢ ᠶᠢᠨ ᠨᠡᠷᠡᠨ ᠤ ᠲᠤᠰᠤᠯᠲᠠ 3172 ᠴᠠᠭ ᠪᠣᠯᠤᠨ᠎ᠠ᠃      ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠣᠳᠣ ᠶᠢᠨ ᠪᠠᠶᠢᠭ᠎ᠠ ᠨᠡᠭᠦᠷᠡᠰᠦᠨ ᠤ ᠬᠡᠤᠷᠰᠢᠮᠡᠯ ᠳᠠᠪᠠᠭᠤᠯᠢᠭ ᠠᠵᠤ ᠤᠶᠢᠯᠡᠰ ᠲᠤ ᠲᠦᠰᠢᠭᠯᠡᠨ᠂ ᠪᠣᠬᠢᠷᠲᠤᠯ ᠦᠭᠡᠢ᠂ ᠣᠷᠴᠢᠨ ᠲᠣᠭᠤᠷᠢᠨ ᠤ ᠬᠠᠮᠠᠭᠠᠯᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠭᠰᠠᠨ ᠬᠡᠤᠷᠰᠢᠭᠦᠯᠬᠦ ᠠᠵᠤ ᠤᠶᠢᠯᠡᠰ ᠪᠣᠯᠤᠨ ᠨᠡᠭᠦᠷᠡᠰᠦᠨ ᠤ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠴᠣᠭᠴᠠᠯᠠᠪᠠ᠂ ᠮᠡᠷᠭᠡᠵᠢᠯ᠂ ᠪᠦᠲᠦᠭᠡᠭᠳᠡᠬᠦᠨ ᠲᠡᠷᠢᠭᠦᠨ ᠵᠡᠷᠭᠡ ᠶᠢᠨ ᠪᠣᠯᠣᠳ ᠲᠡᠮᠦᠷ ᠤᠨ ᠠᠵᠤ ᠦᠢᠯᠡᠰ ᠤᠨ ᠪᠦᠯᠦᠭᠵᠢᠯ ᠢ ᠪᠦᠬᠦ ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠶ︔ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠥᠭᠡᠮᠨᠡᠷᠡᠯ ᠪᠠ ᠲᠣᠨᠤᠭ ᠲᠥᠬᠦᠭᠡᠷᠦᠮᠵᠢ ᠤᠶᠢᠯᠡᠤᠡᠬᠦ ᠠᠵᠤ ᠦᠢᠯᠡᠰ ᠤᠨ ᠪᠥᠭᠡᠮᠨᠡᠷᠡᠯ ᠢ ᠶᠡᠬᠡᠪᠡᠷ ᠬᠥᠭᠵᠢᠭᠦᠯᠦᠨ᠎ᠡ᠃      ᠬᠠᠶᠢᠷᠤᠪ ᠤᠨ ᠲᠣᠬᠤᠢ ᠲᠣᠭᠤᠷᠢᠭ ᠣᠳᠣ ᠶᠠᠭ ᠠᠵᠤ ᠠᠬᠤᠶ ᠨᠠᠩ ᠴᠡᠴᠡᠭᠯᠡᠨ ᠬᠥᠭᠵᠢᠵᠦ᠂ ᠠᠷᠠᠳ ᠲᠦᠮᠡᠨ ᠨᠠᠩ ᠪᠠᠶᠠᠨ ᠴᠢᠨᠡᠭᠡᠯᠢᠭ ᠪᠣᠯᠬᠤ ᠬᠠᠷᠠᠯᠲᠠ ᠲᠡᠰᠢ ᠲᠠᠰᠤᠷᠠᠯᠲᠠ ᠦᠭᠡᠢ ᠤᠷᠤᠭᠰᠢᠯᠠᠵᠤ ᠪᠠᠶᠢᠨ᠎ᠠ︕      ᠪᠣᠯᠪᠠᠰᠤᠨ — ᠶᠢᠰᠤᠨ ᠮᠤᠷᠤᠢ ᠲᠠᠢ ᠬᠠᠳᠤᠨ ᠭᠤᠤᠯ ᠨᠢ ᠡᠨᠡᠬᠦ ᠠᠮᠢ ᠠᠬᠤᠢ ᠶᠢᠨ ᠪᠣᠯᠪᠠᠰᠤᠨ ᠢ ᠬᠦᠮᠤᠵᠢᠭᠦᠯᠪᠡ      ᠤᠰᠤ ᠪᠣᠯ ᠠᠮᠢ ᠨᠠᠰᠤᠨ  ᠤ ᠡᠬᠢ ᠪᠤᠯᠠᠭ  ᠂ ᠨᠠᠩ ᠴᠤ ᠬᠤᠲᠠ ᠶᠢᠨ ᠡᠷᠭᠢᠯᠲᠡ ᠶᠢᠨ ᠠᠮᠢᠨ ᠰᠤᠳᠠᠰᠤ ᠮᠥᠨ᠃      ᠤᠯᠤᠰ ᠠᠴᠠ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠪᠠ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠦᠨᠳᠦᠰᠦᠯᠡᠪᠡᠯ᠂ ᠥᠪᠥᠷ ᠮᠣᠩᠭᠤᠯ ᠤᠨ ᠴᠣᠷ ᠤᠨ ᠭᠠᠭᠴᠠ ᠲᠣᠬᠢᠷᠠᠭᠤᠯᠬᠤ ᠴᠢᠨᠠᠷᠲᠠᠶ ᠤᠰᠤᠨ ᠠᠰᠢᠭᠯᠠᠯᠲᠠ ᠶᠢᠨ ᠬᠥᠢᠰᠤ ᠪᠣᠯᠬᠤ ᠬᠠᠶᠢᠷᠤᠪ ᠤᠨ ᠲᠣᠬᠤᠢ ᠲᠤᠭᠤᠷᠢᠭ ‍ᠤᠨ‌ᠤᠰᠤᠨ ᠠᠰᠢᠭᠯᠠᠯᠲᠠ ᠶᠢᠨ ᠬᠥᠢᠰᠤ ᠪᠠᠷᠢᠯᠭ᠎ᠠ ᠨᠢ ᠬᠠᠶᠢᠷᠤᠪ ᠤᠨ ᠲᠣᠬᠤᠢ ᠲᠤᠭᠤᠷᠢᠭ ᠤᠨ ᠡᠨᠡᠬᠦ ᠥᠭ ᠰᠢᠮᠡᠯᠢᠭ ᠬᠥᠷᠥᠰᠥ ᠶᠢ ᠰᠣᠩᠭᠤᠪᠠ᠃ ᠦᠬᠠᠶ ᠨᠠᠭᠤᠷ ᠤᠨ ᠥᠪᠡᠷᠮᠢᠴᠡ ᠪᠠᠶᠢᠭᠠᠯᠢ ᠶᠢᠨ ᠦᠵᠡᠮᠵᠢ ᠨᠢ ᠤᠤᠯ ᠤᠨ ᠠᠷᠤ ᠭᠠᠵᠠᠷ ᠤᠨ ᠦᠵᠡᠮᠵᠢ ᠳᠤ ᠵᠢᠶᠠᠩᠨᠠᠨ ᠤ ᠥᠩᠭᠡ ᠪᠤᠳᠤᠭ ᠢ ᠨᠡᠮᠡᠷᠢᠯᠡᠭᠰᠡᠨ ᠪᠠᠶᠢᠨ᠎ᠠ᠃      ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠨᠣᠭᠤᠭᠠᠷᠠᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠭᠤᠤᠯ ᠪᠣᠯᠬᠤ ᠵᠡᠭᠡᠯᠢ ᠭᠤᠳᠤᠮᠵᠢ ᠶᠢᠨ ᠦᠵᠡᠮᠵᠢ ᠶᠢ ᠪᠦᠬᠦᠯᠢ ᠴᠣᠭᠴᠠ ᠪᠠᠷ ᠥᠭᠡᠷᠡᠴᠢᠯᠡᠵᠦ᠂ ᠬᠥᠮᠦᠨ ᠢᠶᠠᠷ ᠭᠤᠤᠯ ᠪᠣᠯᠭᠠᠵᠤ᠂ ᠤᠷᠠᠨ ᠪᠢᠴᠢᠯᠭᠡ ᠶᠢᠨ ᠣᠨᠴᠠᠯᠢᠭ ᠢ ᠠᠭᠤᠰᠬᠠᠨ ᠣᠷᠣᠭᠤᠯᠵᠤ᠂ ᠴᠡᠴᠡᠷᠯᠢᠭ ᠤᠨ ᠣᠨᠴᠠᠯᠢᠭ ᠪᠣᠯᠤᠨ ᠠᠷᠠᠳ ᠲᠤ ᠳᠥᠭᠦᠮ ᠦᠵᠡᠭᠦᠯᠬᠦ ᠣᠨᠣᠯᠵᠢᠬᠤᠨ ᠢ ᠠᠭᠤᠰᠬᠠᠨ ᠣᠷᠣᠭᠤᠯᠵᠤ᠂ ᠵᠡᠭᠡᠯᠢ ᠭᠤᠳᠤᠮᠵᠢ ᠶᠢᠨ ᠦᠵᠡᠮᠵᠢ ᠶᠢ ᠨᠣᠭᠤᠭᠠᠷᠠᠭᠤᠯᠬᠤ᠂ ᠵᠠᠮ ᠢ ᠭᠡᠷᠡᠭᠦᠯᠲᠤᠭᠦᠯᠪᠡ᠃ ᠡᠭᠦᠨ ᠤ ᠳᠤ ᠬᠠᠮᠲᠤ᠂ ᠨᠣᠭᠤᠭᠠᠨ ᠬᠤᠩᠭᠢᠯ᠂ ᠤᠰᠤᠨ ᠬᠤᠩᠭᠢᠯ᠂ ᠡᠷᠡᠭᠦᠯ ᠡᠩᠬᠡ ᠶᠢᠨ ᠶᠠᠪᠠᠭᠠᠨ ᠵᠠᠮ  ᠢ ᠬᠤᠲᠠ ᠶᠢᠨ ᠲᠣᠭᠤᠷᠢᠭ ᠲᠤ ᠨᠡᠪᠲᠡᠷᠡᠭᠦᠯᠬᠦ ᠪᠠᠷ ᠴᠢᠷᠮᠠᠶᠢᠵᠤ᠂ ᠬᠤᠲᠠ ᠶᠢᠨ ᠰᠤᠳᠠᠰᠤ ᠶᠢ ᠨᠡᠪᠲᠡᠷᠡᠭᠦᠯᠵᠦ᠂ ᠬᠤᠲᠠ ᠶᠢᠨ ᠳᠣᠲᠣᠷᠠᠬᠢ ᠤᠰᠤᠨ ᠰᠢᠰᠲ᠋ᠧᠮ ᠤᠨ ᠨᠣᠭᠤᠭᠠᠨ ᠬᠤᠩᠭᠢᠯ ᠵᠠᠮ ᠢ ᠪᠦᠷᠢᠯᠳᠦᠭᠦᠯᠦᠨ᠎ᠡ︔ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ  ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠴᠢᠩᠭᠠᠳᠬᠠᠨ᠂ ᠲᠤᠷᠤᠭ ᠪᠤᠲᠠᠯᠢᠭ ᠮᠣᠳᠣ ᠶᠢ 5 ᠲᠦᠮᠡᠨ ᠰᠠᠭᠤᠷᠢ᠂ 300 ᠮᠦ ᠲᠠᠷᠢᠵᠤ᠂ ᠪᠦᠬᠦ ᠲᠤᠭᠤᠷᠢᠭ ᠤᠨ ᠠᠷᠠᠳ ᠲᠦᠮᠡᠨ ᠤ ᠬᠥᠬᠡ ᠣᠭᠲᠠᠷᠭᠤᠶ ᠶᠢ ᠰᠡᠷᠭᠦᠭᠡᠨ᠎ᠡ᠃      ᠬᠤᠲᠠ ᠶᠢᠨ ᠳᠣᠲᠣᠷᠠᠬᠢ ᠤᠰᠤᠨ ᠰᠢᠰᠲ᠋ᠧᠮ᠂ ᠴᠡᠴᠡᠷᠯᠢᠭ ᠤᠨ ᠨᠣᠭᠤᠭᠠᠨ ᠭᠠᠵᠠᠷ᠂ ᠰᠡᠯᠡᠭᠦᠴᠡᠯ ᠤᠨ ᠠᠭᠤᠳᠠᠮ ᠲᠠᠯᠠᠪᠠᠢ ᠨᠡᠶᠢᠳᠡᠮ ᠲᠠᠷᠬᠠᠵᠤ᠂ ︽ᠠᠷᠪᠠᠨ ᠮᠢᠨᠦ᠋ᠲ ᠤᠨ ᠰᠡᠯᠡᠭᠦᠴᠡᠯ ᠤᠨ ᠲᠣᠭᠤᠷᠢᠭ︾ ᠪᠦᠬᠦ ᠬᠤᠲᠠ ᠳᠤ ᠲᠠᠷᠬᠠᠵᠤ᠂ ᠬᠥᠮᠦᠨ ᠳᠤᠮᠳᠠᠴᠢ ᠶᠢᠨ ᠣᠯᠠᠨ ᠨᠡᠶᠢᠲᠡ ᠶᠢᠨ ᠨᠣᠭᠤᠭᠠᠨ ᠭᠠᠵᠠᠷ ᠤᠨ ᠲᠠᠯᠠᠪᠠᠢ 22 ᠲᠡᠭᠰᠢ ᠳᠥᠷᠪᠡᠯᠵᠢᠨ ᠮᠧᠲᠷ ᠲᠤ ᠬᠦᠷᠴᠦ᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 45 %᠎ ᠠᠴᠠ ᠳᠡᠭᠡᠭᠰᠢ ᠳᠤ ᠬᠦᠷᠴᠦ᠂ ᠮᠠᠨ ᠤ ᠬᠤᠲᠠ ᠪᠦᠬᠦ ᠤᠯᠤᠰ ᠎ ᠤᠨ  ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ ᠪᠠ ᠤᠯᠤᠰ ᠎ ᠤᠨ ᠴᠡᠴᠡᠷᠯᠢᠭ ᠬᠤᠲᠠ ᠶᠢᠨ ᠢᠷᠠᠭᠤ ᠠᠯᠳᠠᠷ ᠢ ᠬᠦᠷᠲᠡᠪᠡ᠃ ᠬᠥᠮᠦᠰ ᠤᠨ ᠠᠮᠢᠳᠤᠷᠠᠯ ᠤᠨ ᠳᠤᠮᠳᠠ᠂ ᠴᠡᠴᠡᠷᠯᠢᠭ᠂ ᠠᠭᠤᠳᠠᠮ ᠲᠠᠯᠠᠪᠠᠢ ᠶᠢᠨ ᠲᠠᠭᠠᠯᠠᠮᠵᠢᠲᠤ ᠰᠡᠳᠬᠢᠯᠭᠡ ᠶᠢ ᠠᠪᠴᠢᠷᠠᠵᠤ᠂ ᠤᠰᠤᠨ ᠰᠢᠰᠲ᠋ᠧᠮ᠂ ᠵᠠᠮ ᠤᠨ ᠲᠣᠤᠷ ᠤᠨ ᠠᠪᠴᠢᠷᠠᠭᠰᠠᠨ ᠳᠥᠭᠦᠮ ᠳᠥᠲᠡ ᠶᠢ ᠡᠳ᠋ᠯᠡᠳᠡᠭ᠃ ᠪᠦᠷᠢᠨ ᠲᠡᠭᠦᠯᠳᠡᠷ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠭᠠᠵᠠᠷ ᠰᠠᠢ ᠦᠭᠡᠢ ᠬᠠᠷᠠᠭᠳᠠᠬᠤ ᠤᠷᠠᠨ ᠪᠢᠴᠢᠯᠭᠡ ᠶᠢᠨ ᠬᠤᠲᠠ ᠶᠢ ᠳᠡᠭᠡᠭᠰᠢᠯᠡᠭᠦᠯᠬᠦ ᠥᠩᠭᠡ ᠠᠶᠠᠰ ᠨᠢ ᠨᠠᠩ ᠴᠤ ᠰᠣᠶᠣᠯ ᠪᠣᠯᠤᠨ ᠪᠣᠯᠪᠠᠰᠤᠨ ᠢ ᠬᠠᠶᠢᠷᠤᠪ ᠤᠨ ᠲᠣᠬᠤᠢ‌‍ᠲ᠋ᠤᠭᠤᠷᠢᠭ ᠤᠨ ᠬᠥᠮᠦᠰ ᠤᠨ ᠰᠡᠳᠬᠢᠯ ᠳᠤ ᠦᠨᠳᠦᠰᠦᠯᠡᠵᠦ᠂ ᠨᠢᠭᠡ ᠬᠤᠲᠠ ᠶᠢᠨ ᠠᠮᠤᠷ ᠲᠣᠭᠲᠠᠭᠤᠨ ᠢ ᠰᠠᠬᠢᠨ ᠬᠠᠮᠠᠭᠠᠯᠠᠵᠤ᠂ ᠬᠤᠲᠠ ᠶᠢᠨ ᠪᠤᠶᠠᠨ ᠵᠢᠷᠭᠠᠯ ᠢ ᠤᠬᠠᠭᠠᠷᠠᠨ ᠮᠡᠳᠡᠷᠡᠨ᠎ᠡ᠃      ᠣᠷᠣᠰᠢᠨ ᠰᠠᠭᠤᠬᠤ ᠳᠤ ᠲᠣᠬᠢᠷᠠᠮᠵᠢᠲᠠᠶ — ᠬᠤᠲᠠ ᠶᠢᠨ ᠪᠦᠲᠦᠭᠡᠨ ᠪᠠᠶᠢᠭᠤᠯᠤᠯᠲᠠ  ᠨᠢ ᠣᠷᠣᠰᠢᠨ ᠰᠠᠭᠤᠬᠤ ᠣᠷᠴᠢᠨ ᠲᠣᠭᠤᠷᠢᠨ ᠤ ᠰᠠᠶᠢᠵᠢᠷᠠᠯᠲᠠ ᠶᠢ ᠠᠬᠢᠭᠤᠯᠤᠨ᠎ᠠ      ︽ᠲᠩᠷᠢ ᠨᠠᠩ ᠴᠡᠯᠮᠡᠭ ᠪᠣᠯᠵᠤ᠂ ᠵᠠᠮ ᠨᠠᠩ ᠥᠷᠭᠡᠨ ᠪᠣᠯᠵᠤ᠂ ᠠᠰᠠᠷ ᠨᠠᠩ ᠥᠨᠳᠥᠷ ᠪᠣᠯᠵᠤ᠂ ᠦᠵᠡᠮᠵᠢ ᠨᠢ ᠨᠠᠩ ᠭᠤᠶᠤ ᠪᠣᠯᠪᠠ ᠁︾ ᠭᠡᠵᠦ ᠬᠠᠶᠢᠷᠤᠪ ᠤᠨ ᠲᠣᠬᠤᠢ ᠲᠣᠭᠤᠷᠢᠭ ᠤᠨ ᠤᠶᠢᠷ᠎ᠠ ᠶᠢᠨ ᠵᠢᠯ ᠠᠴᠠ ᠨᠠᠰᠢᠬᠢ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠤᠪᠢᠷᠠᠯᠲᠠ ᠭᠠᠷᠴᠤ᠂ ᠡᠨᠡ ᠬᠤᠲᠠ ᠳᠤ ᠠᠮᠢᠳᠣᠤᠷᠠᠵᠤ ᠪᠠᠶᠢᠭ᠎ᠠ ᠬᠥᠮᠦᠰ ᠤᠨ ᠲᠥᠷᠥᠭᠳᠡᠯ ᠬᠠᠮᠤᠭ ᠤᠨ ᠭᠦᠨ ᠪᠣᠯᠪᠠ᠃ ᠥᠨᠥᠳᠥᠷ᠂ ᠬᠠᠶᠢᠷᠤᠪ ᠤᠨ ᠲᠤᠬᠤᠢ ᠲᠤᠭᠤᠷᠢᠭ ᠤᠨ ᠵᠡᠭᠡᠯᠢ ᠳᠡᠭᠡᠷ᠎ᠡ ᠠᠯᠬᠤᠯᠠᠵᠤ᠂ ᠭᠠᠵᠠᠷ ᠪᠣᠯᠭᠠᠨ ᠪᠦᠷ ᠦᠵᠡᠮᠵᠢ ᠪᠠᠶᠢᠵᠤ᠂ ᠨᠢᠳᠦ ᠳᠦᠭᠦᠷᠡᠩ ᠨᠣᠭᠤᠭᠠᠨ ᠥᠩᠭᠡ ᠪᠢᠯᠬᠠᠨ᠎ᠠ᠃     ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠨᠢ ᠪᠦᠬᠦ ᠤᠯᠤᠰ ᠎ ᠤᠨ  ᠪᠣᠯᠪᠠᠰᠤᠨ ᠬᠤᠲᠠ ᠪᠣᠯᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ᠂ ᠴᠢᠬᠤᠯᠠ ᠶᠡᠭᠡ ᠬᠥᠭᠵᠢᠯᠲᠡ ᠶᠢᠨ ᠢᠨᠵᠧᠨᠧᠷᠢᠩ ᠪᠣᠯᠤᠨ ᠤᠨ ᠭᠤᠤᠯᠳᠠᠯᠭ᠎ᠠ ᠲᠠᠢ ᠠᠵᠢᠯ ᠪᠣᠯᠭᠠᠨ ᠠᠳᠬᠤᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠶᠡᠬᠡᠪᠡᠷ ᠬᠡᠷᠡᠭᠵᠢᠭᠦᠯᠦᠭᠰᠡᠨ ᠠᠴᠠ ᠬᠤᠲᠠ ᠶᠢᠨ ᠣᠷᠴᠢᠨ ᠲᠣᠭᠤᠷᠢᠨ ᠤ ᠳᠦᠷᠰᠦ ᠪᠠᠶᠢᠳᠠᠯ ᠶᠡᠬᠡᠪᠡᠷ ᠰᠠᠶᠢᠵᠢᠷᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠦᠷᠭᠦᠯᠵᠢᠯᠡᠨ ᠳᠡᠭᠡᠭᠰᠢᠯᠡᠵᠡᠶ᠃      ᠵᠠᠮ ᠤᠨ ᠲᠣᠤᠷ ᠰᠠᠭᠠᠳ ᠦᠭᠡᠢ ᠨᠡᠪᠲᠡᠷᠡᠬᠦ ᠵᠢᠴᠢ ᠵᠠᠮ  ᠢ  ᠥᠭᠡᠷᠡᠴᠢᠯᠡᠬᠦ᠂ ᠨᠤᠷᠠᠭᠠᠵᠤ ᠨᠡᠭᠦᠯᠭᠡᠬᠦ ᠪᠤᠰᠤ ᠣᠷᠣᠨ ᠪᠦᠰᠡ ᠶᠢᠨ ᠭᠡᠷ ᠪᠠᠶᠢᠰᠢᠩ ᠲᠡᠭᠰᠢᠯᠡᠬᠦ ᠲᠣᠭᠤᠷᠢᠭ  ᠢ ᠥᠭᠡᠷᠡᠴᠢᠯᠡᠬᠦ᠂ ᠵᠠᠬ᠎ᠠ ᠳᠡᠯᠭᠡᠭᠦᠷ ᠢ ᠥᠭᠡᠷᠡᠴᠢᠯᠡᠬᠦ᠂ ᠬᠤᠲᠠ ᠶᠢᠨ ᠦᠵᠡᠮᠵᠢ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ᠂  ᠲᠣᠭᠤᠷᠢᠭ  ᠤᠨ ᠬᠤᠪᠢ ᠪᠠᠷ ᠎ ᠢᠶᠠᠨ ᠪᠠᠶᠢᠭᠤᠯᠤᠭᠰᠠᠨ ᠢ ᠨᠤᠷᠠᠭᠠᠵᠤ ᠬᠠᠶᠠᠬᠤ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠢ ᠴᠡᠪᠡᠷᠯᠡᠬᠦ᠂ ᠵᠣᠷᠯᠣᠩ ᠎ ᠤᠨ ᠬᠤᠪᠢᠰᠬᠠᠯ ᠬᠢᠬᠦ ᠁ ᠁ ᠬᠤᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠡᠯ᠎ᠡ‌ᠵᠤᠶᠢᠯ ᠤᠨ ᠠᠵᠢᠯ ᠴᠥᠮ ᠡᠮᠬᠢ ᠵᠠᠮᠪᠠᠷᠠᠭ᠎ᠠ ᠲᠠᠢ ᠶᠠᠪᠤᠭᠳᠠᠵᠤ ᠪᠠᠶᠢᠨ᠎ᠠ᠃   ᠵᠣᠯ ᠵᠢᠷᠭᠠᠯ — ᠬᠥᠮᠦᠨ ᠢᠶᠠᠷ ᠦᠨᠳᠦᠰᠦ ᠪᠣᠯᠭᠠᠵᠤ ᠠᠷᠠᠳ ᠤᠨ ᠠᠮᠢᠳᠤᠷᠠᠯ ᠤᠨ ᠦᠢᠯᠡᠰ ᠤᠨ ᠰᠢᠨ᠎ᠡ ᠬᠠᠭᠤᠳᠠᠰᠤ ᠶᠢ ᠵᠢᠷᠤᠭᠯᠠᠨ᠎ᠠ    ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠲᠤᠰᠬᠠᠯ ᠭᠠᠷᠭᠠᠨ᠎ᠠ᠃ ᠬᠠᠶᠢᠷᠤᠪ ᠤᠨ ᠲᠣᠬᠤᠢ ᠲᠣᠭᠤᠷᠢᠭ ᠤᠨ ᠠᠵᠢᠯ ᠶᠢᠨ ᠴᠢᠭᠯᠡᠯ ᠪᠣᠯ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠲᠥᠯᠥᠭᠡ ᠪᠤᠶᠠᠨ ᠤᠶᠢᠯᠡᠤᠡᠬᠦ ᠳᠤ ᠪᠣᠶ᠂ ᠳᠠᠷᠤᠶ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠡᠯ᠎ᠡ ᠵᠤᠶᠢᠯ ᠤᠨ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠢ ᠰᠢᠢᠤᠡᠪᠤᠷᠢᠯᠡᠵᠤ᠂ ᠠᠷᠠᠳ ᠲᠦᠮᠡᠨ ᠤ ᠠᠮᠢᠳᠤᠷᠠᠯ ᠢ ᠨᠠᠩ ᠪᠠᠶᠠᠨ ᠴᠢᠨᠡᠭᠡᠯᠢᠭ ᠂ ᠨᠠᠩ ᠠᠮᠤᠷ ᠠᠮᠤᠭᠤᠯᠠᠩ᠂ ᠨᠠᠩ ᠨᠡᠷ᠎ᠡ ᠬᠦᠨᠳᠦ ᠲᠠᠢ ᠪᠣᠯᠭᠠᠬᠤ ᠶᠢᠨ ᠲᠥᠯᠥᠭᠡ ᠶᠤᠮ᠃     ᠤᠶᠢᠷ᠎ᠠ ᠶᠢᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠣᠭᠤᠷᠢᠭ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ‌ᠠᠰᠢᠭ ᠲᠤᠰᠠ ᠶᠢᠨ ᠠᠰᠠᠭᠤᠳᠠᠯ ᠢ ᠲᠤᠪᠤᠶᠢᠮ᠎ᠠ ᠰᠠᠶᠢᠲᠤᠷ ᠰᠢᠢᠤᠡᠪᠤᠷᠢᠯᠡᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠠᠵᠢᠯ ᠣᠯᠭᠤᠯᠲᠠ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠬᠦᠴᠦᠯᠡᠨ ᠰᠠᠶᠢᠲᠤᠷ ᠬᠢᠵᠦ᠂ ᠠᠷᠠᠳ ᠢᠷᠭᠡᠳ ᠤᠨ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠬᠥᠭᠵᠢᠯᠲᠡ ᠵᠢᠨ‌ᠦᠷ᠎ᠡ ᠪᠦᠲᠦᠭᠡᠯ ᠢ ᠠᠷᠠᠳ ᠲᠦᠮᠡᠨ ᠳᠤ ᠬᠦᠷᠲᠡᠭᠡᠵᠦ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠮᠠᠭᠲᠠᠨ ᠰᠠᠶᠢᠰᠢᠶᠠᠵᠤ ᠪᠣᠯᠬᠤ ᠠᠷᠠᠳ ᠤᠨ ᠠᠮᠢᠳᠤᠷᠠᠯ ᠤᠨ ︽ᠵᠢᠷᠤᠭ︾᠎ ᠢ ᠵᠢᠷᠤᠭᠯᠠᠪᠠ᠃      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠠᠶᠢᠷᠤᠪ ᠤᠨ ᠲᠣᠬᠤᠢ ᠲᠤᠭᠤᠷᠢᠭ  ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 10.76 ᠳ᠋ᠦᠩᠰᠢᠭᠤᠷ ᠲᠥᠭᠦᠷᠢᠭ ᠲᠤ ᠬᠦᠷᠴᠦ᠂ ᠡᠭᠦᠨ ᠤ ᠳᠤ ᠳᠣᠲᠣᠷ᠎ᠠ ᠠᠷᠠᠳ ᠤᠨ ᠠᠮᠢᠳᠤᠷᠠᠯ ᠤᠨ ᠨᠠᠢᠮᠠᠨ ᠵᠤᠶᠢᠯ ᠤᠨ ᠵᠠᠷᠤᠯᠭ᠎ᠠ ᠨᠡᠶᠢᠲᠡ 9.26 ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠤ ᠬᠠᠭᠠᠰ ᠵᠢᠯ ᠤᠨ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 86.06 %᠎ ᠶᠢ ᠡᠵᠡᠯᠡᠪᠡ᠃ ᠲᠤᠭ᠎ᠠ ᠪᠠᠷᠢᠮᠲᠠ ᠠᠴᠠ ᠬᠠᠶᠢᠷᠤᠪ ᠤᠨ ᠲᠣᠬᠤᠢ ᠲᠣᠭᠤᠷᠢᠭ ‍ᠤᠨ‌ᠠᠷᠠᠳ ᠤᠨ ᠠᠮᠢᠳᠤᠷᠠᠯ ᠤᠨ ᠠᠵᠢᠯ ᠶᠢᠨ ᠲᠠᠯ᠎ᠠ ᠪᠠᠷ ᠬᠢ ︽ᠰᠡᠳᠬᠢᠯ ᠲᠠᠯᠪᠢᠬᠤ︾᠎ ᠶᠢ ᠭᠦᠢᠴᠠᠤᠡ ᠣᠯᠵᠤ ᠬᠠᠷᠠᠬᠤ ᠨᠢ ᠮᠥᠨ ᠴᠦ ᠠᠷᠠᠳ ᠢᠷᠭᠡᠳ ᠤᠨ ᠬᠠᠨᠳᠤᠯᠭ᠎ᠠ ᠵᠦᠭ ᠪᠠᠰᠠ ᠨᠢᠭᠡ ᠠᠯᠬᠤᠮ ᠤᠷᠤᠭᠰᠢᠯᠠᠭᠰᠠᠨ ᠢ ᠬᠠᠷᠠᠭᠤᠯᠵᠤ ᠪᠣᠶ᠃      ᠰᠢᠯᠢᠳᠡᠭ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ᠣᠷᠣᠨ ᠢ ᠬᠦᠴᠦᠯᠡᠨ ᠪᠠᠶᠢᠭᠤᠯᠵᠤ᠂ ᠴᠢᠨᠠᠷ ᠰᠠᠶᠢᠲᠠᠶ ᠨᠡᠶᠢᠭᠡᠮ ᠤᠨ ᠦᠨ᠎ᠡ ᠥᠷᠲᠡᠭ ᠢ ᠴᠢᠷᠮᠠᠶᠢᠨ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ︔ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠷᠭᠡᠨ ᠪᠥᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠨᠢᠭᠲᠠᠷᠠᠯ ᠤᠨ ᠬᠦᠴᠦᠨ᠂ ᠬᠠᠨᠳᠤᠰᠢ ᠶᠢ ᠲᠠᠰᠤᠷᠠᠯᠲᠠ ᠦᠭᠡᠢ ᠴᠢᠩᠭᠠᠷᠠᠭᠤᠯᠪᠠ︔ ︽ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ ᠬᠦᠴᠢᠷ ᠠᠰᠠᠭᠤᠳᠠᠯ ᠢ ᠰᠢᠢᠤᠡᠪᠤᠷᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠤᠶᠢᠯᠡᠴᠢᠯᠡᠭᠡ ᠶᠢ ᠴᠢᠬᠤᠯᠠᠴᠢᠯᠠᠬᠤ︾ ᠳᠡᠭᠡᠷ᠎ᠡ ᠬᠦᠴᠦ ᠲᠠᠯᠪᠢᠵᠤ᠂ ᠨᠠᠩ ᠴᠢᠨᠠᠷ ᠰᠠᠶᠢᠲᠠᠶ ᠠᠵᠢᠯ ᠣᠯᠭᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠶ︔ ᠡᠭᠡᠯ ᠠᠷᠠᠳ ᠢ ᠭᠦᠨᠵᠡᠭᠡᠶ ᠬᠡᠷᠡᠭᠵᠢᠭᠦᠯᠵᠦ᠂ ᠲᠥᠪᠬᠢᠨᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠬᠡᠷᠡᠭᠵᠢᠭᠦᠯᠵᠦ᠂ ᠬᠠᠭᠤᠴᠢᠨ ᠰᠠᠭᠤᠭᠠᠯᠢ ᠲᠣᠭᠤᠷᠢᠭ  ᠢ ᠥᠭᠡᠷᠡᠴᠢᠯᠡᠨ ᠵᠠᠰᠠᠬᠤ ᠪᠠ ᠳᠥᠭᠦᠮ ᠪᠦᠲᠦᠴᠡᠲᠦ ᠣᠷᠣᠨ ᠰᠠᠭᠤᠴᠠ ᠶᠢᠨ ᠪᠤᠰᠤ ᠲᠣᠭᠤᠷᠢᠭ ᠢ ᠥᠭᠡᠷᠡᠴᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠣᠯᠠᠨ ᠲᠦᠮᠡᠨ ᠤ ᠣᠷᠣᠨ ᠰᠠᠭᠤᠴᠠ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠪᠠ ᠁      ᠡᠶ᠎ᠡ ᠵᠣᠬᠢᠴᠠᠩᠭᠤᠶ — ᠠᠷᠠᠳ ᠲᠦᠮᠡᠨ ᠳᠤ ᠦᠢᠯᠡᠴᠢᠯᠡᠵᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠴᠢᠩᠭᠠᠳᠬᠠᠨ᠎ᠠ      ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠲᠥᠷᠥ ᠪᠠᠷᠢᠬᠤ ᠶᠢᠨ ᠰᠠᠭᠤᠷᠢ‌ᠮᠥ᠋ᠨ᠃ ᠬᠠᠶᠢᠷᠤᠪ ᠤᠨ ᠲᠣᠬᠤᠢ ᠲᠣᠭᠤᠷᠢᠭ ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠶᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠰᠣᠳᠣᠨ ᠨᠡᠶᠢᠭᠡᠮ ᠲᠣᠭᠤᠷᠢᠭ ᠢ ᠴᠣᠭᠴᠠᠯᠠᠨ ᠪᠠᠶᠢᠭᠤᠯᠬᠤ ᠠᠬᠢᠴᠠ ᠶᠢ ᠢᠳᠡᠪᠬᠢᠲᠡᠢ ᠠᠬᠢᠭᠤᠯᠵᠤ᠂ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠤᠶᠢᠯᠡᠴᠢᠯᠡᠭᠡᠨ ᠤ ᠲᠥᠪ ᠢ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠵᠤ᠂ ᠲᠡᠭᠦᠨ ᠤ ᠤᠯᠤᠰ ᠲᠥᠷᠥ ᠶᠢᠨ ᠬᠥᠲᠥᠯᠥᠨ ᠳᠠᠭᠠᠭᠤᠯᠬᠤ᠂ ᠰᠣᠶᠣᠯ ᠤᠨ ᠬᠥᠲᠥᠯᠥᠨ ᠳᠠᠭᠠᠭᠤᠯᠬᠤ᠂ ᠤᠶᠢᠯᠡᠴᠢᠯᠡᠭᠡᠨ ᠤ ᠬᠥᠲᠥᠯᠥᠨ ᠳᠠᠭᠠᠭᠤᠯᠬᠤ ᠤᠶᠢᠯᠡᠳᠤᠯ ᠢ ᠪᠠᠳᠠᠷᠠᠭᠤᠯᠤᠨ᠎ᠠ᠃      ᠬᠠᠢ ᠰᠢᠨ ᠨᠡᠶᠢᠭᠡᠮ ᠲᠣᠭᠤᠷᠢᠭ ᠤᠨ ᠨᠠᠮ ᠣᠯᠠᠨ ᠲᠦᠮᠡᠨ ᠤ ᠤᠶᠢᠯᠡᠴᠢᠯᠡᠭᠡᠨ ᠤ ᠲᠥᠪ ᠤᠨ ᠪᠠᠶᠢᠭᠤᠯᠤᠯᠲᠠ‌‍ᠪᠣᠯ ᠳᠠᠷᠤᠶ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠬᠤᠷᠢᠶᠠᠩᠭᠤᠶ ᠳᠦᠷᠰᠦ ᠪᠣᠯᠤᠨ᠎ᠠ᠃ ᠠᠳᠡ ᠦᠨᠡᠨ ᠪᠣᠳᠠᠲᠠᠶ ᠤᠶᠢᠯᠡᠴᠢᠯᠡᠭᠡᠨ ᠤ ᠲᠥᠪ᠂ ᠰᠡᠳᠬᠢᠯ ᠵᠢᠷᠦᠬᠡ ᠪᠠᠨ ᠬᠤᠯᠪᠣᠭᠰᠠᠨ ᠡᠶᠡᠳᠡᠭᠦᠯᠬᠦ ᠲᠥᠪ᠂ ᠬᠡᠷᠡᠭ ᠵᠥᠪᠯᠡᠬᠦ ᠲᠥᠪ᠂ ᠭᠠᠷ ᠭᠠᠷ ᠢᠶᠠᠨ ᠬᠤᠯᠪᠣᠯᠴᠠᠭᠰᠠᠨ ᠰᠣᠶᠣᠯ ᠤᠨ ᠲᠥᠪ᠂ ᠬᠠᠪᠰᠤᠷᠤᠨ ᠵᠢᠯᠣᠭᠤᠳᠬᠤ ᠲᠥᠪ ᠪᠠᠶᠢᠨ᠎ᠠ᠃ ᠠᠳᠡ᠂ ᠨᠠᠮ ᠤᠨ ᠪᠠᠶᠢᠭᠤᠯᠤᠯᠲᠠ ᠶᠢᠨ ᠰᠣᠶᠣᠯ ᠢ ᠤᠬᠠᠭᠤᠯᠤᠭᠰᠠᠨ ᠰᠢᠷᠢᠰ ᠵᠢᠷᠤᠭ ᠤᠳ᠂ ᠨᠡᠶᠢᠭᠡᠮ ᠲᠣᠭᠤᠷᠢᠭ ᠤᠨ ᠤᠶᠢᠯᠡᠴᠢᠯᠡᠭᠡᠨ ᠤ ᠭᠢᠯᠠᠰ ᠴᠡᠭ ᠤᠳ ᠨᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ᠃ ᠡᠳᠡᠭᠡᠷ ᠭᠢᠯᠠᠰ ᠴᠡᠭ ᠤᠨ ᠠᠷᠤ ᠳᠤ ᠬᠠᠶᠢᠷᠤᠪ ᠤᠨ ᠲᠣᠬᠤᠢ ᠲᠣᠭᠤᠷᠢᠭ ᠤᠨ ᠯᠠᠪᠳᠠᠭᠤᠨ ᠪᠠᠲᠤᠲᠠᠶ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠪᠣᠶ᠂ ᠬᠠᠶᠢᠷᠤᠪ ᠤᠨ ᠲᠣᠬᠤᠢ ᠲᠣᠭᠤᠷᠢᠭ ᠤᠨ ᠲᠠᠰᠤᠷᠠᠯᠲᠠ ᠥᠬᠡᠶ ᠰᠢᠨ᠎ᠡ ᠶᠢ ᠡᠭᠦᠳᠦᠭᠰᠡᠨ ᠨᠠᠮ ᠤᠨ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠨᠢ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠭᠰᠡᠨ ᠪᠠᠶᠢᠨ᠎ᠠ᠃     ᠣᠯᠠᠨ ᠵᠢᠯ ᠤᠨ ᠲᠤᠷᠰᠢ᠂ ᠬᠠᠶᠢᠷᠤᠪ ᠤᠨ ᠲᠣᠬᠤᠢ ᠲᠤᠭᠤᠷᠢᠭ  ᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠬᠦ ᠲᠠᠢ ᠤᠶᠠᠯᠳᠤᠭᠤᠯᠤᠨ᠂ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠬᠦ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠭᠦᠨᠵᠡᠭᠡᠶᠢᠷᠡᠭᠦᠯᠵᠦ᠂ ᠰᠢᠨ᠎ᠡ ᠦᠵᠡᠯ ᠰᠠᠨᠠᠭ᠎ᠠ ᠶᠢ ᠰᠡᠳᠬᠢᠯ ᠵᠢᠷᠦᠬᠡᠨ ᠳᠤ ᠬᠠᠳᠠᠩᠰᠢᠭᠤᠯᠬᠤ ᠶᠢ ᠠᠬᠢᠭᠤᠯᠪᠠ︔ ᠴᠢᠨᠠᠷ ᠰᠠᠶᠢᠲᠠᠶ ᠵᠣᠬᠢᠶᠠᠨ ᠪᠠᠶᠢᠭᠤᠯᠤᠯᠲᠠ ︽ᠶᠡᠭᠡ ᠰᠤᠷᠤᠯᠴᠠᠯᠭ᠎ᠠ᠂ ᠶᠡᠭᠡ ᠶᠠᠷᠢᠯᠴᠠᠭ᠎ᠠ︾᠎ ᠶᠢᠨ ᠠᠵᠢᠯᠯᠠᠭ᠎ᠠ ᠶᠢ ᠥᠷᠨᠢᠭᠦᠯᠵᠦ᠂ ᠦᠵᠡᠯ ᠰᠠᠨᠠᠭ᠎ᠠ ᠪᠠᠨ ᠳᠠᠬᠢᠨ ᠴᠢᠯᠥᠭᠡᠯᠡᠬᠦ᠂ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠦᠷ᠎ᠡ   ᠪᠦᠲᠦᠮᠵᠢ ᠶᠢ ᠦᠨᠡᠨᠬᠦ ᠴᠢᠩᠭᠠᠳᠬᠠᠬᠤ ᠬᠡᠷᠡᠭᠲᠡᠶ︔ ︽ᠱᠦᠵᠢ ᠶᠢᠨ ᠶᠠᠷᠢᠶᠠᠨ ᠤ ᠲᠠᠪᠴᠠᠩ︾᠎ ᠤᠨ ᠠᠭᠤᠯᠭ᠎ᠠ ᠶᠢ ᠪᠠᠶᠠᠯᠢᠭᠵᠢᠭᠤᠯᠵᠤ᠂ ᠶᠠᠷᠢᠶᠠᠨ ᠤ ᠲᠠᠪᠴᠠᠩ ᠤᠨ ᠠᠵᠢᠯᠯᠠᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ︽ᠲᠦᠷᠦᠭᠦᠴᠢ ᠭᠠᠯᠠᠭᠤ︾᠎ ᠶᠢᠨ ᠡᠩᠨᠡᠭᠡ ᠶᠢ ᠳᠡᠭᠡᠭᠰᠢᠯᠡᠭᠦᠯᠬᠦ ᠢᠨᠵᠧᠨᠧᠷᠢᠩ ᠢ ᠪᠡᠶᠡᠯᠡᠭᠦᠯᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠨᠥᠯᠥᠭᠡᠯᠡᠬᠦ ᠬᠦᠴᠦᠨ ᠢ ᠥᠷᠭᠡᠳᠬᠡᠨ᠎ᠡ︔ ᠨᠠᠮ ᠤᠨ ᠪᠠᠶᠢᠭᠤᠯᠤᠯᠲᠠ ᠶᠢᠨ ︽ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ︾ ᠪᠣᠯᠤᠨ ︽ᠬᠤᠶᠠᠷ ᠰᠢᠯᠢᠳᠡᠭ ᠨᠢᠭᠡ ᠲᠡᠷᠢᠭᠦᠨ ᠤ︾᠎ ᠢ ᠲᠠᠨᠢᠯᠴᠠᠭᠤᠯᠬᠤ ᠠᠵᠢᠯ ᠢ ᠴᠢᠨᠠᠷ ᠰᠠᠶᠢᠲᠠᠶ ᠥᠷᠨᠢᠭᠦᠯᠵᠦ᠂ ᠲᠡᠷᠢᠭᠦᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠢᠯᠢᠳᠡᠭ ᠨᠠᠮ ᠤᠨ ᠭᠡᠰᠢᠭᠦᠨ ᠢ ᠬᠥᠬᠢᠭᠦᠯᠦᠨ ᠰᠠᠶᠢᠰᠢᠶᠠᠵᠤ᠂ ᠨᠡᠶᠢᠲᠡᠯᠢᠭ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠤᠶᠢᠯᠡᠳᠤᠯ ᠢ ᠤᠷᠮᠠᠰᠢᠭᠤᠯᠤᠨ ᠵᠣᠷᠢᠭᠵᠢᠭᠤᠯᠪᠠ ᠁     ᠬᠠᠶᠢᠷᠤᠪ ᠤᠨ ᠲᠣᠬᠤᠢ ᠲᠣᠭᠤᠷᠢᠭ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠶᠢ ᠨᠢᠭᠡᠳᠦᠭᠡᠷ ᠬᠠᠷᠢᠭᠤᠴᠠᠯᠭ᠎ᠠ ᠪᠣᠯᠭᠠᠬᠤ ᠶᠢ ᠪᠠᠷᠢᠮᠲᠠᠯᠠᠵᠤ᠂ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠠᠷᠠᠳ ᠲᠦᠮᠡᠨ ᠳᠤ ᠤᠶᠢᠯᠡᠴᠢᠯᠡᠬᠦ ᠵᠣᠷᠢᠯᠲᠠ ᠣᠶᠢᠯᠠᠭᠠᠭᠳᠠᠬᠤᠨ ᠢ ᠤᠬᠠᠮᠰᠠᠷ ᠠᠴᠠ ᠪᠠᠨ ᠤᠶᠢᠯᠡᠳᠤᠯᠭᠡᠵᠢᠭᠦᠯᠵᠤ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠣᠯᠠᠨ ᠲᠦᠮᠡᠨ ᠤ ᠠᠮᠢᠳᠤᠷᠠᠯ ᠢ ᠨᠠᠩ ᠳᠥᠭᠦᠮ᠂ ᠨᠠᠩ ᠲᠠᠭᠠᠯᠠᠮᠵᠢᠲᠠᠶ᠂ ᠨᠠᠩ ᠰᠠᠶᠢᠨ ᠰᠠᠶᠢᠬᠠᠨ ᠪᠣᠯᠭᠠᠬᠤ ᠪᠠᠷ ᠴᠢᠷᠮᠠᠶᠢᠪᠠ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号