ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠤᠨ ᠤ ᠳᠡᠳ᠋ ᠲᠣᠭᠤᠷᠢᠭ ᠤᠨ ᠳᠠᠷᠤᠭ᠎ᠠ  ᠼᠦᠢ ᠬᠤᠩ ᠪᠥᠸᠧ᠂ ᠼᠤᠤ ᠬᠤᠢ ᠰᠢᠶᠠᠨ᠂ ᠯᠢᠦ ᠯᠢ ᠴᠧᠩ᠂ ᠭᠥᠸᠧ ᠱᠢ ᠯᠦᠩ ᠢ ᠲᠤᠰᠬᠠᠶᠢᠯᠠᠨ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2019-11-01
    ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠼᠦᠢ ᠬᠤᠩ ᠪᠥᠸᠧ  ᠄      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠦᠨᠳᠦᠰᠦᠨ ᠡᠭᠦᠷᠭᠡ ᠪᠣᠯ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠥᠷᠦ ᠶᠢᠨ ᠬᠡᠪ ᠴᠢᠨᠠᠷ ᠢ ᠳᠠᠪᠲᠠᠨ ᠪᠣᠯᠪᠠᠰᠤᠷᠠᠭᠤᠯᠵᠤ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠢ ᠡᠷᠡᠰ ᠬᠠᠮᠠᠭᠠᠯᠠᠵᠤ᠂ ᠦᠵᠡᠯ ᠰᠠᠨᠠᠭ᠎ᠠ᠂ ᠤᠯᠤᠰ ᠲᠥᠷᠥ᠂ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠳᠤ ᠪᠠᠶᠢᠬᠤ ᠶᠢ ᠡᠷᠡᠰ ᠪᠠᠷᠢᠮᠲᠠᠯᠠᠵᠤ ᠂ ︽ᠳᠥᠷᠪᠡᠨ ᠤᠬᠠᠮᠰᠠᠷ︾᠎ ᠢᠶᠠᠨ ᠦᠨᠡᠨᠬᠦ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠬᠦ ᠶᠠᠪᠤᠳᠠᠯ ᠪᠣᠯᠤᠨ᠎ᠠ᠃      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠢ ᠰᠤᠷᠤᠯᠴᠠᠯᠭ᠎ᠠ ᠬᠥᠮᠦᠵᠢᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠯᠤᠭ᠎ᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠢ ᠡᠳᠦᠷ ᠲᠣᠲᠤᠮ ᠤᠨ ᠠᠵᠢᠯ ᠯᠤᠭ᠎ᠠ ᠤᠶᠠᠯᠳᠤᠭᠤᠯᠵᠤ᠂ ᠬᠤᠶᠠᠷ ᠲᠠᠯ᠎ᠠ ᠪᠠᠷ ᠠᠬᠢᠭᠤᠯᠬᠤ ᠶᠢ ᠪᠡᠶᠡᠯᠡᠭᠦᠯᠵᠦ᠂ ᠠᠷᠠᠳ ᠲᠦᠮᠡᠨ ᠤ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠤᠯᠠᠮ ᠴᠢᠨᠠᠭᠰᠢᠳᠠ ᠴᠢᠩᠭᠠᠳᠬᠠᠵᠤ᠂ ᠠᠷᠠᠳ ᠣᠯᠠᠨ ᠤ ᠬᠠᠮᠤᠭ ᠠᠴᠠ ᠠᠩᠬᠠᠷᠴᠤ  ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠶ ᠠᠰᠠᠭᠤᠳᠠᠯ ᠢ ᠴᠢᠩᠭ᠎ᠠ ᠠᠩᠬᠠᠷᠪᠠ᠃ ᠠᠯᠢᠪᠠ ᠪᠦᠬᠦᠨ ᠳᠤ ᠪᠣᠳᠠᠲᠠᠶ ᠠᠴᠠ ᠡᠭᠦᠰᠬᠦ᠂ ᠠᠯᠢᠪᠠ ᠪᠦᠬᠦᠨ ᠳᠤ ᠠᠷᠠᠳ ᠲᠦᠮᠡᠨ ᠤ ᠠᠰᠢᠭ ᠲᠤᠰᠠ ᠠᠴᠠ ᠡᠭᠦᠰᠬᠦ᠂ ᠨᠢᠭᠡ ᠰᠡᠳᠬᠢᠯ ᠢᠶᠠᠷ ᠠᠷᠠᠳ ᠲᠦᠮᠡᠨ ᠤ ᠲᠥᠯᠥᠭᠡ ᠵᠢᠳᠬᠦᠬᠦ ᠶᠢ ᠪᠠᠷᠢᠮᠲᠠᠯᠠᠵᠤ᠂ ᠠᠷᠠᠳ ᠣᠯᠠᠨ ᠳᠤ ᠨᠠᠩ ᠪᠦᠷᠢᠨ ᠲᠡᠭᠦᠯᠳᠡᠷ᠂ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠪᠠᠷ ᠠᠯᠢᠪᠠ ᠠᠵᠢᠯ ᠤᠨ ᠢᠶᠠᠨ ᠡᠭᠦᠰᠦᠯ ᠪᠠ ᠲᠡᠭᠦᠰᠬᠡᠯ ᠪᠣᠯᠭᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠣᠳᠠᠲᠠᠶ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠶ᠃      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠱᠠᠭᠠᠷᠳᠠᠯᠭ᠎ᠠ ᠶᠣᠰᠣᠭᠠᠷ᠂ ᠡᠩ ᠲᠡᠷᠢᠭᠦᠨ ᠳᠤ ᠲᠦᠭᠡᠮᠡᠯ ᠦᠨᠳᠦᠰᠦᠨ ᠪᠠᠲᠤᠯᠠᠭ᠎ᠠ ᠶᠢᠨ ᠰᠠᠭᠤᠷᠢ ᠶᠢ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠲᠠᠯ᠎ᠠ ᠪᠠᠷ ᠦᠨᠳᠦᠰᠦᠨ ᠪᠠᠲᠤᠯᠠᠭ᠎ᠠ ᠬᠠᠩᠭᠠᠵᠤ᠂ ᠬᠥᠮᠦᠰ ᠤᠨ ᠦᠨᠳᠦᠰᠦᠨ ᠣᠷᠣᠰᠢᠨ ᠲᠣᠭᠲᠠᠨᠢᠬᠤ ᠪᠠ ᠬᠥᠭᠵᠢᠯᠲᠡ ᠶᠢᠨ ᠬᠡᠷᠡᠭᠴᠡᠭᠡ ᠶᠢ ᠬᠠᠩᠭᠠᠨ᠎ᠠ︔ ᠳᠠᠷᠠᠭ᠎ᠠ ᠳᠤᠨᠢ ᠣᠨᠴᠠᠭᠠᠢ ᠬᠦᠴᠢᠷᠳᠡᠯᠲᠡᠶ ᠬᠥᠮᠦᠰ ᠤᠨ ᠪᠠᠶᠢᠳᠠᠯ ᠢ ᠡᠵᠡᠮᠳᠡᠵᠦ᠂ ᠲᠡᠳᠡᠨ ᠳᠤ ᠣᠨᠴᠠᠭᠠᠢ ᠠᠪᠤᠷᠠᠨ ᠲᠤᠰᠠᠯᠠᠯᠲᠠ ᠪᠠ ᠳᠡᠮᠵᠢᠯᠭᠡ ᠦᠵᠡᠭᠦᠯᠵᠦ᠂ ᠲᠡᠳᠡᠨ ᠤ ᠠᠮᠢᠳᠤᠷᠠᠯ ᠤᠨ ᠰᠠᠭᠤᠷᠢ ᠪᠠᠲᠤᠯᠠᠭ᠎ᠠ ᠶᠢ ᠪᠠᠲᠤᠯᠠᠨ᠎ᠠ︔ ᠬᠠᠮᠤᠭ ᠰᠡᠭᠦᠯ ᠳᠤ ᠨᠢ ᠪᠠᠴᠢᠮ ᠬᠡᠷᠡᠭᠰᠡᠬᠦ ᠠᠪᠤᠷᠠᠨ ᠲᠤᠰᠠᠯᠠᠬᠤ ᠬᠥᠮᠦᠰ ᠢ ᠲᠦᠰᠢᠭᠯᠡᠵᠦ᠂ ᠲᠡᠳᠡᠨ ᠢ ᠬᠠᠪᠰᠤᠷᠤᠨ ᠠᠮᠢᠳᠤᠷᠠᠯ ᠤᠨ ᠳᠤᠮᠳᠠᠬᠢ ᠠᠯᠢ ᠣᠯᠠᠨ ᠪᠡᠷᠬᠡ ᠪᠣᠭᠤᠮᠲᠠ ᠶᠢ ᠲᠤᠭᠤᠯᠤᠨ᠎ᠠ᠃ ᠢᠯᠠᠩᠭᠤᠶ᠎ᠠ ᠣᠳᠣᠬᠠᠨ ᠳᠤ᠂ ᠮᠠᠨ ᠤ ᠲᠣᠭᠤᠷᠢᠭ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠱᠠᠲᠤᠨ ᠳᠤ ᠣᠷᠣᠰᠢᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠷ ᠭᠠᠷᠳᠠᠮ ᠪᠣᠯᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠬᠠᠷᠠᠯᠲᠠ ᠡᠭᠦᠷᠭᠡ ᠪᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃      ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠼᠤᠤ ᠬᠤᠢ ᠰᠢᠶᠠᠨ᠄      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠡᠨ ᠤ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ ᠪᠠᠶᠢᠭᠠᠳ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ ᠂ ᠪᠦᠬᠦ ᠨᠠᠮ ᠢᠶᠠᠷ ᠢᠶᠠᠨ ᠰᠢᠨ᠎ᠡ ᠴᠠᠭ ᠦᠶ᠎ᠡ ᠶᠢᠨ ᠨᠠᠮ ᠤᠨ ᠲᠡᠥᠬᠡᠲᠦ ᠡᠭᠦᠷᠭᠡ ᠶᠢ ᠨᠠᠩ ᠤᠬᠠᠮᠰᠠᠷ ᠠᠴᠠ ᠪᠠᠨ ᠪᠡᠶᠡᠯᠡᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠶᠢ ᠠᠬᠢᠭᠤᠯᠬᠤ ᠴᠢᠬᠤᠯᠠ ᠠᠭᠤᠯᠭ᠎ᠠ ᠪᠣᠯᠤᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠭᠤᠤᠯ ᠰᠡᠳᠦᠪᠲᠦ ᠬᠥᠮᠦᠵᠢᠯ ᠳᠤᠮᠳᠠ᠂ ᠨᠠᠮ ᠤᠨ ᠭᠡᠰᠢᠭᠦᠨ ᠤᠳᠤᠷᠢᠳᠬᠤ ᠺᠠᠳ᠋ᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠬᠤ ᠶᠢ ᠲᠡᠷᠢᠭᠦᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠵᠤ᠂ ︽ᠰᠤᠷᠤᠯᠴᠠᠨ ᠣᠶᠢᠯᠠᠭᠠᠬᠤ᠂ ᠨᠡᠪᠲᠡᠷᠡᠲᠡᠯ᠎ᠡ ᠣᠶᠢᠯᠠᠭᠠᠬᠤ᠂ ᠰᠠᠶᠢᠲᠤᠷ ᠣᠶᠢᠯᠠᠭᠠᠬᠤ︾ ᠳᠡᠭᠡᠷ᠎ᠡ ᠬᠦᠴᠦ ᠲᠠᠯᠪᠢᠬᠤ ᠶᠢ ᠪᠠᠷᠢᠮᠲᠠᠯᠠᠵᠤ᠂ ᠣᠨᠣᠯ ᠢᠶᠠᠷ ᠵᠡᠪᠰᠡᠭᠯᠡᠬᠦ ᠶᠢ ᠢᠳᠡᠪᠬᠢᠲᠡᠢ ᠰᠠᠶᠢᠲᠤᠷ ᠬᠢᠵᠦ᠂ ᠤᠭ ᠰᠠᠨᠠᠭ᠎ᠠ ᠲᠣᠳᠣᠷᠬᠠᠶ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠣᠷᠢᠭ ᠰᠠᠨᠠᠭ᠎ᠠ ᠪᠠᠨ ᠬᠥᠪᠴᠢᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠬᠢᠵᠦ ᠦᠢᠯᠡᠰ ᠪᠣᠰᠬᠠᠬᠤ ᠬᠡᠷᠡᠭᠲᠡᠶ᠃      ᠭᠤᠤᠯ ᠰᠡᠳᠦᠪᠲᠦ ᠬᠥᠮᠦᠵᠢᠯ ᠤᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠪᠢ ᠰᠤᠷᠤᠯᠴᠠᠬᠤ᠂ ᠪᠠᠶᠢᠴᠠᠭᠠᠨ ᠰᠤᠳᠤᠯᠤᠯᠲᠠ ᠬᠢᠬᠦ᠂ ᠠᠰᠠᠭᠤᠳᠠᠯ ᠢ ᠪᠠᠶᠢᠴᠠᠭᠠᠨ ᠦᠵᠡᠬᠦ ᠶᠢ ᠢᠮᠠᠭᠲᠠ ᠠᠪᠤᠴᠠᠯᠳᠤᠭᠤᠯᠵᠤ᠂ ᠰᠤᠷᠤᠯᠴᠠᠭᠰᠠᠨ ᠣᠨᠤᠯᠲᠠ ᠪᠠᠨ ᠳ᠋ᠦᠩᠨᠡᠵᠦ᠂ ᠪᠠᠶᠢᠴᠠᠭᠠᠨ ᠰᠤᠳᠤᠯᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠳᠦᠷᠢᠮ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂ ᠲᠣᠰ ᠪᠡᠶ᠎ᠡ ᠶᠢᠨ ᠠᠰᠠᠭᠤᠳᠠᠯ ᠢᠶᠠᠨ ᠭᠦᠨᠵᠡᠭᠡᠶ ᠣᠶᠢᠯᠠᠭᠠᠵᠤ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠣᠶᠢᠯᠠᠭᠠᠵᠤ᠂ ᠡᠴᠦᠰ ᠲᠡᠭᠡᠨ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠦᠷ᠎ᠡ ᠪᠦᠲᠦᠭᠡᠯ ᠢᠶᠠᠨ ᠠᠷᠠᠳ ᠲᠦᠮᠡᠨ ᠳᠤ ᠦᠢᠯᠡᠴᠢᠯᠡᠬᠦ ᠠᠵᠢᠯ ᠳᠤᠮᠳᠠ ᠪᠠᠨ ᠨᠠᠶᠢᠳᠠᠪᠤᠷᠢᠵᠢᠭᠤᠯᠪᠠ᠃ ᠠᠷᠠᠳ ᠣᠯᠠᠨ ᠤ ᠰᠡᠳᠬᠢᠯ ᠵᠣᠪᠠᠵᠤ ᠪᠠᠶᠢᠭ᠎ᠠ ᠶᠠᠪᠤᠳᠠᠯ᠂ ᠳᠤᠷ᠎ᠠ ᠦᠭᠡᠶᠢᠴᠡᠵᠦ ᠪᠠᠶᠢᠭ᠎ᠠ ᠶᠠᠪᠤᠳᠠᠯ᠂ ᠰᠡᠳᠬᠢᠯ ᠢ ᠰᠢᠨᠠᠯᠭᠠᠵᠤ ᠪᠠᠶᠢᠭ᠎ᠠ ᠶᠠᠪᠤᠳᠠᠯ ᠢ ᠬᠢᠨᠠᠮᠠᠭᠠᠶ ᠡᠮᠬᠢᠯᠡᠨ ᠲᠢᠭᠯᠡᠵᠦ᠂ ᠬᠠᠷᠠᠯᠲᠠ ᠲᠠᠢ ᠪᠠᠷ ᠰᠢᠢᠳᠪᠦᠷᠢᠯᠡᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠠᠰᠠᠭᠤᠳᠠᠯ ᠪᠦᠬᠦᠢ ᠠᠰᠠᠷ ᠲᠠᠭᠲᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ᠂ ᠠᠳᠠᠯ ᠠᠬᠤᠢ ᠶᠢᠨ ᠬᠠᠮᠢᠶᠠᠷᠤᠯᠲᠠ ᠵᠡᠷᠭᠡ ᠡᠳᠡᠭᠡᠷ ᠬᠠᠯᠠᠭᠤᠨ ᠴᠡᠭ ᠤᠨ ᠪᠡᠷᠬᠡᠲᠡᠶ ᠠᠰᠠᠭᠤᠳᠠᠯ ᠳᠤ ᠨᠠᠩ ᠣᠯᠠᠨ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠵᠣᠷᠢᠭᠲᠠᠶ ᠪᠠᠷ ᠤᠷᠳᠤ ᠬᠤᠭᠤᠴᠠᠭᠠᠨ ᠤ ᠵᠥᠷᠢᠴᠡᠯ ᠤᠨ ᠬᠤᠷᠠᠮᠳᠤᠵᠤ ᠪᠦᠷᠢᠯᠳᠦᠭᠰᠡᠨ ᠳᠤᠲᠠᠭᠤᠳᠠᠯ ᠪᠠ ᠪᠠᠭᠤᠷᠠᠶ ᠲᠠᠯ᠎ᠠ ᠶᠢ ᠰᠢᠢᠳᠪᠦᠷᠢᠯᠡᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ᠂ ᠠᠷᠠᠳ ᠣᠯᠠᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠤᠳ ᠢ ᠰᠢᠢᠳᠪᠦᠷᠢᠯᠡᠵᠦ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠪᠦᠬᠦ ᠬᠦᠴᠦᠨ ᠢᠶᠠᠷ ᠢᠶᠠᠨ ᠲᠤᠤᠱᠯᠠᠭᠤᠯᠪᠠ᠃      ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ᠂ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶᠡᠨ ᠤ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠯᠢᠦ ᠯᠢ ᠴᠧᠩ᠄      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠠᠷᠠᠭ᠎ᠠ ᠠᠩᠬ᠎ᠠ ᠤᠳᠠᠭ᠎ᠠ ᠥᠷᠨᠢᠭᠦᠯᠦᠭᠰᠡᠨ ᠨᠠᠮ ᠤᠨ ᠳᠣᠲᠣᠭᠠᠳᠤ ᠶᠢᠨ ᠲᠥᠪᠯᠡᠷᠡᠩᠭᠦᠶ ᠬᠥᠮᠦᠵᠢᠯ ᠤᠨ ᠠᠵᠢᠯᠯᠠᠭ᠎ᠠ ᠪᠣᠯᠤᠭᠰᠠᠨ ᠤ ᠬᠤᠪᠢ ᠳᠤ᠂ ᠡᠨᠡ ᠤᠳᠠᠭ᠎ᠠ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠡᠬᠦ ᠭᠤᠤᠯ ᠰᠡᠳᠦᠪᠲᠦ ᠬᠥᠮᠦᠵᠢᠯ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠳᠤ ᠤᠷᠤᠭᠰᠠᠨ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠲᠡᠦᠬᠡᠨ ᠰᠣᠯᠪᠢᠴᠠᠯ ᠤᠨ ᠬᠤᠭᠤᠴᠠᠭᠠᠨ ᠳᠤ ᠤᠷᠤᠭᠰᠠᠨ ᠴᠢᠬᠤᠯᠠ ᠶᠡᠭᠡ ᠵᠠᠩᠭᠢᠯᠠᠭ᠎ᠠ ᠶᠢᠨ ᠦᠶ᠎ᠡ ᠳᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ᠎ᠠ᠃ ᠶᠡᠷᠦᠩᠬᠡᠶ ᠱᠦᠵᠢ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠳᠥᠷᠪᠡᠨ ︽ᠲᠤᠯᠭᠠᠮ᠎ᠠ ᠱᠠᠭᠠᠷᠳᠠᠯᠭ᠎ᠠ︾᠎ ᠶᠢ ᠭᠦᠨᠵᠡᠭᠡᠶ ᠵᠢᠭᠠᠵᠤ ᠭᠠᠷᠭᠠᠵᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠠᠪᠴᠤ ᠬᠡᠯᠡᠪᠡᠯ᠂ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠪᠠᠰᠠ ᠴᠤ ᠪᠦᠬᠦ ᠤᠯᠤᠰ᠂ ᠪᠦᠬᠦ ᠣᠷᠣᠨ᠂ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠢᠴᠡᠳ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠯᠭᠠᠮ᠎ᠠ ᠬᠡᠷᠡᠭᠴᠡᠭᠡ ᠮᠥᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠯᠭᠠᠮ᠎ᠠ ᠬᠡᠷᠡᠭᠴᠡᠭᠡ ᠮᠥᠨ᠂ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠶᠢᠨ ᠴᠢᠨᠠᠷ ᠰᠠᠶᠢᠲᠠᠶ ᠬᠥᠭᠵᠢᠯᠲᠡ ᠶᠢ ᠭᠦᠢᠴᠡᠳ ᠠᠬᠢᠭᠤᠯᠬᠤ ᠶᠢᠨ ᠲᠤᠯᠭᠠᠮ᠎ᠠ ᠬᠡᠷᠡᠭᠴᠡᠭᠡ ᠮᠥᠨ᠃      ᠭᠤᠤᠯ ᠰᠡᠳᠦᠪᠲᠦ ᠬᠥᠮᠦᠵᠢᠯ ᠤᠨ ᠳᠤᠮᠳᠠ᠂ ᠤᠭ ᠵᠣᠬᠢᠶᠠᠯ ᠢ ᠤᠩᠰᠢᠬᠤ᠂ ᠤᠭ ᠰᠠᠨᠠᠭ᠎ᠠ ᠶᠢ ᠣᠶᠢᠯᠠᠭᠠᠬᠤ᠂ ᠡᠭᠦᠷᠭᠡ ᠬᠠᠷᠢᠭᠤᠴᠠᠯᠭ᠎ᠠ ᠶᠢ ᠣᠶᠢᠯᠡᠭᠠᠬᠤ ᠪᠠᠷ ᠳᠠᠮᠵᠢᠨ᠂ ᠪᠢ ᠭᠤᠤᠯ ᠰᠡᠳᠦᠪᠲᠦ ᠬᠥᠮᠦᠵᠢᠯ ᠤᠨ ᠲᠤᠬᠠᠶ ︽ᠲᠠᠪᠤᠨ ᠤᠯᠠᠮ ᠨᠢᠭᠡ ᠠᠯᠬᠤᠮ︾᠎ ᠤᠨ ᠲᠠᠨᠢᠯᠲᠠ ᠲᠠᠢ ᠪᠣᠯᠪᠠ᠃ ᠨᠢᠭᠡ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠲᠥᠪ ᠬᠤᠷᠢᠶᠠᠨ ᠤ ᠣᠶᠢᠯᠠᠭᠠᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ︔ ᠬᠤᠶᠠᠷ ᠲᠤ᠂ ᠳᠣᠲᠣᠭᠠᠳᠤ ᠶᠢ ᠬᠠᠮᠠᠭᠠᠯᠠᠬᠤ ︽ᠨᠠᠮ︾ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠡᠭᠦᠷᠢᠳᠡ ᠬᠤᠪᠢᠷᠠᠰᠢ ᠥᠬᠡᠶ ᠰᠠᠭᠤᠷᠢ ᠪᠠ ᠰᠦᠭ ᠰᠦᠨᠡᠰᠦ ᠮᠥᠨ᠂ ᠶᠠᠮᠠᠷᠪᠠ ᠠᠵᠢᠯ ᠳᠤ ᠴᠥᠮ᠎ᠡ ᠪᠠᠨ ᠡᠷᠡᠰ ᠬᠠᠮᠠᠭᠠᠯᠠᠬᠤ ᠬᠡᠷᠡᠭᠲᠡᠶ︔ ᠭᠤᠷᠪᠠ ᠳᠤ᠂ ᠠᠷᠠᠳ ᠲᠦᠮᠡᠨ ᠢᠶᠠᠷ ᠭᠤᠤᠯ ᠪᠣᠯᠭᠠᠬᠤ ᠪᠣᠯ ᠳᠣᠲᠣᠭᠠᠳᠤ ᠶᠢ ᠬᠠᠮᠠᠭᠠᠯᠠᠬᠤ ᠠᠵᠢᠯ ᠶᠢᠨ ᠦᠨᠳᠦᠰᠦᠨ ᠵᠣᠭᠰᠣᠯᠲᠠ ᠮᠥᠨ᠂ ᠶᠠᠮᠠᠷᠪᠠ ᠠᠵᠢᠯ ᠳᠤ ᠠᠷᠠᠳ ᠤᠨ ᠰᠡᠳᠬᠢᠯ ᠢ ᠴᠢᠩᠭ᠎ᠠ ᠡᠵᠡᠮᠳᠡᠬᠦ ᠬᠡᠷᠡᠭᠲᠡᠶ︔ ᠳᠥᠷᠪᠡ ᠳᠤ ᠶᠡᠭᠡ ᠲᠠᠯ᠎ᠠ ᠳᠤ ᠦᠢᠯᠡᠴᠢᠯᠡᠬᠦ ᠪᠠ ᠲᠡᠭᠦᠨ ᠢ ᠪᠠᠲᠤᠯᠠᠬᠤ ᠪᠣᠯ ᠳᠣᠲᠣᠭᠠᠳᠤ ᠶᠢ ᠬᠠᠮᠠᠭᠠᠯᠠᠬᠤ ᠠᠵᠢᠯ ᠤᠨ ᠦᠨᠳᠦᠰᠦᠨ ᠲᠤᠰᠢᠶᠠᠯ ᠬᠠᠷᠢᠭᠤᠴᠠᠯᠭ᠎ᠠ ᠮᠥᠨ᠂ ᠶᠠᠮᠠᠷᠪᠠ ᠠᠵᠢᠯ ᠢ ᠭᠤᠤᠯᠳᠠᠯᠭ᠎ᠠ ᠶᠢᠨ ᠲᠣᠭᠤᠷᠢᠨ ᠳᠤ ᠬᠢᠬᠦ ᠬᠡᠷᠡᠭᠲᠡᠶ︔ ᠲᠠᠪᠤ ᠳᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠳᠣᠲᠣᠭᠠᠳᠤ ᠶᠢ ᠬᠠᠮᠠᠭᠠᠯᠠᠬᠤ ᠠᠵᠢᠯ ᠤᠨ ᠦᠨᠳᠦᠰᠦᠨ ᠪᠠᠲᠤᠯᠠᠭ᠎ᠠ ᠮᠥᠨ᠂ ᠶᠠᠮᠠᠷᠪᠠ ᠠᠵᠢᠯ ᠢ ᠴᠥᠮ ᠪᠠᠲᠤ ᠡᠵᠡᠮᠳᠡᠬᠦ ᠬᠡᠷᠡᠭᠲᠡᠶ ᠭᠡᠳᠡᠭ ᠢ ᠤᠯᠠᠮ ᠨᠢᠭᠡ ᠠᠯᠬᠤᠮ ᠲᠠᠨᠢᠵᠤ ᠣᠯᠬᠤ ᠬᠡᠷᠡᠭᠲᠡᠶ᠃      ᠵᠠᠯᠭᠠᠭᠠᠳ᠂ ᠪᠢ ︽ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠷᠭᠦᠯᠵᠢᠯᠡᠨ ᠲᠦᠷᠦᠭᠦᠯᠡᠨ ᠰᠤᠷᠤᠯᠴᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ᠂ ︽ᠳᠥᠷᠪᠡᠨ ᠲᠡᠮᠦᠷ ᠮᠡᠲᠦ ᠬᠠᠲᠠᠭᠤ︾ ᠪᠠᠷᠢᠮᠵᠢᠶ᠎ᠠ ᠪᠠᠷ ᠥᠪᠡᠷ ᠢ ᠪᠠᠨ ᠬᠠᠮᠠᠭᠠᠯᠠᠵᠤ᠂ ᠬᠠᠮᠢᠶᠠᠷᠤᠯᠲᠠ ᠶᠢᠨ ᠡᠩᠨᠡᠭᠡ ᠶᠢ ᠪᠠᠶᠢᠭᠤᠯᠤᠨ᠎ᠠ᠃ ︽ᠤᠨᠤᠯ ᠤᠨ ᠰᠤᠷᠤᠯᠴᠠᠯᠭ᠎ᠠ ᠳᠤ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠳᠠᠪᠲᠠᠯᠲᠠ ᠶᠢ ᠬᠦᠯᠢᠶᠡᠬᠦ᠂ ᠠᠵᠢᠯ ᠬᠢᠵᠦ ᠦᠢᠯᠡᠰ ᠪᠣᠰᠬᠠᠬᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠯᠢᠭᠡᠷ ᠳᠠᠭᠤᠷᠢᠶᠠᠯ ᠪᠣᠯᠬᠤ︾ ᠬᠠᠷᠠᠯᠲᠠ ᠶᠢ ᠪᠦᠬᠦ ᠬᠦᠴᠦᠨ ᠢᠶᠠᠷ ᠪᠡᠶᠡᠯᠡᠭᠦᠯᠵᠦ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠬᠠᠶᠢᠷᠤᠪ ᠤᠨ ᠲᠣᠬᠤᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠴᠢᠨᠠᠷ ᠰᠠᠶᠢᠲᠠᠶ ᠬᠥᠭᠵᠢᠯᠲᠡ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠶ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠦᠬᠦ ᠬᠦᠴᠦᠨ ᠢᠶᠠᠷ ᠪᠠᠲᠤᠯᠠᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ ᠭᠦᠸᠧ ᠱᠢ ᠯᠦᠩ᠄      2019 ᠣᠨ ᠤ 5 ᠰᠠᠷ᠎ᠠ ᠶᠢᠨ 31᠎ ᠤ ᠡᠳᠦᠷ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠬᠤᠷᠠᠯ ᠪᠡᠭᠡᠵᠢᠩ ᠳᠤ ᠬᠤᠷᠠᠯᠳᠤᠪᠠ᠃ ᠶᠡᠷᠦᠩᠬᠡᠶ ᠱᠦᠵᠢ ᠰᠢ ᠶᠢᠨ ᠫᠢᠩ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠬᠦ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠴᠢᠬᠤᠯᠠ ᠶᠠᠷᠢᠶ᠎ᠠ ᠲᠠᠯᠪᠢᠪᠠ᠃ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠶᠢᠨ ᠬᠤᠷᠠᠯ ᠳᠡᠭᠡᠷᠡᠬᠢ ᠶᠠᠷᠢᠶᠠᠨ ᠤ ᠤᠭ ᠵᠣᠬᠢᠶᠠᠯ ᠢ ᠰᠤᠷᠤᠯᠴᠠᠬᠤ ᠪᠠᠷ ᠳᠠᠮᠵᠢᠨ᠂ ᠲᠣᠰ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠳᠤ ᠨᠠᠩ ᠶᠡᠭᠡ ᠣᠯᠣᠯᠲᠠ ᠲᠠᠢ ᠪᠣᠯᠵᠤ᠂ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠴᠢᠭᠯᠡᠯ ᠲᠠᠢ ᠪᠣᠯᠵᠠᠶ᠃      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠪᠦᠬᠦ ᠨᠠᠮ ᠢ ᠵᠡᠪᠰᠡᠭᠯᠡᠬᠦ ᠬᠡᠷᠡᠭᠴᠡᠭᠡ ᠮᠥᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠠᠬᠢᠭᠤᠯᠬᠤ ᠲᠤᠯᠭᠠᠮ᠎ᠠ ᠱᠠᠭᠠᠷᠳᠠᠯᠭ᠎ᠠ ᠮᠥᠨ᠂ ᠨᠠᠩ ᠴᠤ ᠨᠠᠮ ᠪᠣᠯᠤᠨ ᠠᠷᠠᠳ ᠣᠯᠠᠨ ᠤ ᠮᠢᠬ᠎ᠠ ᠴᠢᠰᠤᠨ ᠤ ᠬᠠᠷᠢᠯᠴᠠᠭ᠎ᠠ ᠶᠢ ᠪᠠᠲᠤᠯᠠᠬᠤ ᠲᠤᠯᠭᠠᠮ᠎ᠠ ᠱᠠᠭᠠᠷᠳᠠᠯᠭ᠎ᠠ ᠮᠥᠨ᠃ ᠡᠨᠡ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠰᠢᠨ᠎ᠡ ᠴᠠᠭ ᠦᠶ᠎ᠡ ᠶᠢᠨ ᠡᠪ ᠬᠠᠮᠲᠤ ᠶᠢᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠶᠢᠨ ᠰᠦᠭ ᠰᠦᠨᠡᠰᠦ ᠶᠢ ᠱᠤᠭᠤᠬᠤ ᠢᠨᠵᠧᠨᠧᠷᠢᠩ ᠮᠥᠨ᠂ ᠰᠢᠨ᠎ᠡ ᠴᠠᠭ ᠦᠶ᠎ᠡ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠦᠨᠵᠡᠭᠡᠶᠢᠷᠡᠨ ᠬᠥᠭᠵᠢᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠪᠦᠲᠦᠮᠵᠢᠲᠡᠶ ᠭᠠᠷᠳᠠᠮ ᠮᠥᠨ᠂ ᠨᠠᠮ ᠤᠨ ᠭᠡᠰᠢᠭᠦᠨ ᠺᠠᠳ᠋ᠷᠴᠤᠳ ᠤᠨ ᠳᠣᠲᠣᠭᠠᠳᠤ ᠶᠢᠨ ᠬᠥᠳᠡᠯᠭᠡᠬᠦ ᠬᠦᠴᠦᠨ ᠢ ᠬᠥᠭᠵᠢᠭᠡᠬᠦ ᠶᠢᠨ ᠲᠤᠰᠤᠯᠲᠠ ᠪᠠ ᠬᠦᠴᠦᠯᠡᠴᠡ ᠮᠥᠨ᠃ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠳᠠᠮᠵᠢᠨ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠴᠢᠨᠠᠭᠰᠢᠳᠠ ᠨᠢᠭᠲᠠᠷᠠᠭᠤᠯᠵᠤ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠳᠤᠷᠠᠳᠤᠭᠰᠠᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠨᠠᠩ ᠰᠠᠶᠢᠲᠤᠷ ᠪᠡᠶᠡᠯᠡᠭᠦᠯᠵᠦ ᠴᠢᠳᠠᠨ᠎ᠠ᠃ ᠡᠭᠦᠨ ᠤ ᠳᠤ ᠲᠤᠯᠠᠳᠠ᠂ ᠪᠢᠳᠡ ᠤᠭ ᠰᠠᠨᠠᠭ᠎ᠠ ᠪᠠᠨ ᠦᠯᠦ ᠮᠠᠷᠲᠠᠬᠤ ᠪᠠᠷᠢᠮᠵᠢᠶ᠎ᠠ ᠱᠤᠭᠤᠮ ᠢ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠬᠠᠷᠢᠭᠤᠴᠠᠯᠭ᠎ᠠ ᠶᠢ ᠡᠭᠦᠷᠭᠡᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠦᠨᠡᠨᠴᠢ ᠰᠢᠳᠤᠷᠭᠤ ᠦᠢᠯᠡᠳᠦᠯᠭᠡ ᠶᠢ ᠰᠠᠶᠢᠲᠤᠷ ᠬᠢᠵᠦ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠪᠣᠰᠬᠠᠬᠤ ᠡᠭᠦᠷᠭᠡᠯᠡᠯ ᠪᠣᠯᠭᠠᠨ ᠬᠤᠪᠢᠷᠠᠭᠤᠯᠵᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠣᠯᠭᠠᠨ ᠬᠤᠪᠢᠷᠠᠭᠤᠯᠵᠤ᠂ ᠠᠵᠢᠯ ᠢᠶᠠᠨ ᠠᠬᠢᠭᠤᠯᠬᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠶ᠃      ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠡᠨᠡ ᠤᠳᠠᠭ᠎ᠠ ᠶᠢᠨ ᠭᠤᠤᠯ ᠰᠡᠳᠦᠪᠲᠦ ᠬᠥᠮᠦᠵᠢᠯ ᠪᠣᠯ ᠥᠪᠡᠷ ᠤᠨ ᠪᠡᠶ᠎ᠡ ᠪᠠᠨ ᠨᠢᠭᠡ ᠤᠳᠠᠭ᠎ᠠ ᠳᠠᠪᠲᠠᠨ ᠪᠣᠯᠪᠠᠰᠤᠷᠠᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠳᠠᠮᠵᠢᠨ᠂ ︽ᠳᠥᠷᠪᠡᠨ ᠢᠲᠡᠭᠡᠯ︾᠂ ︽ᠳᠥᠷᠪᠡᠨ ᠤᠬᠠᠮᠰᠠᠷ︾ ᠪᠣᠯᠤᠨ ︽ᠬᠤᠶᠠᠷ ᠢ ᠬᠠᠮᠠᠭᠠᠯᠠᠬᠤ︾᠎ ᠶᠢ ᠪᠣᠳᠠᠲᠠᠶ ᠠᠵᠢᠯᠯᠠᠭ᠎ᠠ ᠳᠤᠮᠳᠠ ᠪᠠᠨ ᠦᠨᠡᠨᠬᠦ ᠨᠠᠶᠢᠳᠠᠪᠤᠷᠢᠵᠢᠭᠤᠯᠬᠤ᠂ ᠤᠨᠤᠯ ᠤᠨ ᠰᠤᠷᠤᠯᠴᠠᠯᠭ᠎ᠠ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠥ ᠶᠢᠨ ᠤᠬᠢᠶᠠᠯ ᠬᠦᠷᠲᠡᠵᠦ᠂ ᠠᠵᠢᠯ ᠬᠢᠵᠦ ᠦᠢᠯᠡᠰ ᠪᠣᠰᠬᠠᠬᠤ ᠳᠤ ᠬᠠᠷᠢᠭᠤᠴᠠᠯᠭ᠎ᠠ ᠲᠠᠢ ᠪᠣᠯᠵᠤ᠂ ᠥᠪᠡᠷ ᠤᠨ ᠠᠷᠠᠳ ᠲᠦᠮᠡᠨ ᠲᠡᠭᠡᠨ ᠦᠢᠯᠡᠴᠢᠯᠡᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠭᠰᠡᠨ ᠪᠠᠶᠢᠨ᠎ᠠ᠃ ᠬᠤᠶᠢᠰᠢᠳᠠ ᠶᠢᠨ ᠠᠵᠢᠯ ᠳᠤᠮᠳᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠨᠡᠶᠢᠭᠡᠮ ᠤᠨ ᠡᠶ᠎ᠡ ᠵᠣᠬᠢᠴᠠᠩᠭᠤᠶ ᠲᠣᠭᠲᠠᠭᠤᠨ ᠢ ᠪᠠᠲᠤᠯᠠᠬᠤ ᠬᠡᠷᠡᠭᠲᠡᠶ︔ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠶᠢ ᠶᠡᠬᠡᠪᠡᠷ ᠠᠬᠢᠭᠤᠯᠵᠤ᠂ ᠨᠡᠶᠢᠭᠡᠮ ᠤᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠳᠤ ᠦᠨᠳᠦᠰᠦᠨ ᠪᠠᠲᠤᠯᠠᠭ᠎ᠠ ᠬᠠᠩᠭᠠᠬᠤ ᠬᠡᠷᠡᠭᠲᠡᠶ︔ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ ᠵᠡᠷᠭᠡ ᠨᠡᠶᠢᠭᠡᠮ ᠤᠨ ᠳᠠᠭᠠᠳᠬᠠᠯ ᠤᠨ ᠥᠷᠭᠡᠵᠢᠯ ᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠶᠢᠨ ᠬᠦᠴᠢᠷᠳᠡᠯ ᠲᠠᠢ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠨᠡᠶᠢᠭᠡᠮ ᠤᠨ ᠪᠠᠲᠤᠯᠠᠭ᠎ᠠ ᠶᠢᠨ ᠠᠮᠤᠷ ᠲᠦᠪᠰᠢᠨ ᠤ ᠲᠣᠤᠷ ᠢ ᠨᠢᠭᠲᠠ ᠪᠥᠭᠡᠳ ᠪᠠᠲᠤ ᠪᠠᠬᠢ ᠪᠠᠶᠢᠭᠤᠯᠤᠨ᠎ᠠ᠃
 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号