﹇ᠤᠭ ᠪᠦᠲᠤᠭᠡᠯ ᠢ ᠤᠩᠰᠢᠵᠤ᠂ ᠤᠣᠯ ᠵᠤᠬᠢᠶᠠᠯ ᠢ ᠰᠤᠷᠤᠯᠴᠠᠵᠤ᠂ ᠤᠭ ᠶᠤᠰᠤ ᠶᠢ ᠤᠶᠢᠯᠭᠠᠬᠤ﹈ ᠬᠠᠶᠢᠷᠤᠪ ᠤᠨ ᠲᠣᠬᠤᠢ ᠲᠣᠭᠤᠷᠢᠭ ᠤᠨ ᠰᠠᠯᠠᠭᠠᠨ ᠤ ᠲᠡᠰ ᠤᠨ ᠤᠳᠤᠷᠢᠳᠬᠤ ᠺᠠᠳ᠋ᠷᠴᠤᠳ ᠢ ᠲᠤᠰᠬᠠᠶᠢᠯᠠᠨ ᠰᠤᠷᠪᠤᠯᠵᠢᠯᠠᠭᠰᠠᠨ ᠨᠢ ︵ᠲᠠᠪᠤ︶
ᠨᠡᠶᠢᠲᠡᠯᠡᠭᠰᠡᠨ ᠴᠠᠭ᠄
2019-11-12
     ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ᠂ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ    ᠵᠧᠨ ᠷᠦᠢ    ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯ ᠳᠤᠮᠳᠠᠳᠤ ᠤᠯᠤᠰ ᠤᠨ ᠡᠪ ᠬᠠᠮᠲᠤᠴᠤᠤᠡ‌‍ᠶᠢᠨ ᠤᠯᠤᠰ ᠲᠥᠷᠦ ᠶᠢᠨ ᠪᠤᠷᠤᠭᠵᠢᠭᠤᠨ ᠵᠶ᠋ᠠᠨ‌ᠦᠨᠢ ᠡᠭᠦᠷᠢᠳᠡ ᠬᠠᠳᠠᠭᠠᠯᠠᠬᠤ ᠶᠢᠨ ᠤᠶᠤᠨ ᠰᠠᠨᠠᠭᠠᠨ ᠤ ᠰᠢᠯᠭᠠᠯᠲᠠ ᠮᠥᠨ᠂ ᠶᠡᠷᠦᠩᠬᠡᠶ ᠱᠦᠵᠢ ᠰᠢ ᠶᠢᠨ ᠫᠢᠩ᠂ ᠤᠭ ᠰᠠᠨᠠᠭ᠎ᠠ ᠪᠠᠨ ᠪᠠᠷᠢᠮᠲᠠᠯᠠᠬᠤ ᠪᠣᠯ ᠳᠠᠷᠤᠶ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ ᠶᠢ ᠪᠠᠲᠤ ᠴᠡᠭᠡᠵᠢᠯᠡᠵᠦ᠂ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠢᠶᠠᠷ ᠤᠭ ᠰᠠᠨᠠᠭ᠎ᠠ ᠪᠠᠨ ᠪᠠᠲᠤ ᠰᠠᠬᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠪᠣᠯ ᠳᠠᠷᠤᠶ ᠮᠠᠨ ᠤ ᠲᠡᠮᠡᠴᠡᠬᠦ ᠬᠠᠷᠠᠯᠲᠠ ᠮᠥᠨ ᠭᠡᠳᠡᠭ ᠢ ᠪᠠᠲᠤ ᠴᠡᠭᠡᠵᠢᠯᠡᠵᠦ᠂ ᠮᠠᠨ ᠤ ᠨᠠᠮ ᠠᠷᠠᠳ ᠲᠦᠮᠡᠨ ᠤ ᠳᠤᠮᠳᠠ ᠤᠨ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠡᠭᠦᠷᠢᠳᠡ ᠣᠯᠠᠨ ᠲᠦᠮᠡᠨ ᠠᠴᠠ ᠰᠠᠯᠬᠤ ᠦᠭᠡᠢ᠂ ᠣᠯᠠᠨ ᠲᠦᠮᠡᠨ ᠢ ᠬᠥᠩᠭᠡᠪᠴᠢᠯᠡᠵᠦ ᠪᠤᠯᠬᠤ ᠦᠭᠡᠢ᠂ ᠣᠯᠠᠨ ᠲᠦᠮᠡᠨ ᠤ ᠵᠣᠪᠠᠭᠤᠷᠢ ᠵᠦᠳᠡᠭᠦᠷᠢ ᠶᠢ ᠤᠶᠢᠯᠠᠭᠠᠬᠤ ᠶᠠᠪᠤᠳᠠᠯ ᠮᠥᠨ ᠭᠡᠵᠦ ᠵᠢᠭᠠᠵᠤ ᠭᠠᠷᠭᠠᠪᠠ᠃ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠭᠡᠳᠡᠭ ᠨᠢ ᠳᠠᠷᠤᠶ ᠮᠠᠨ ᠤ ᠨᠠᠮ ᠤᠨ ᠡᠭᠦᠷᠭᠡᠯᠡᠵᠦ ᠪᠠᠶᠢᠭ᠎ᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠤᠬᠡᠲᠦ ᠡᠭᠦᠷᠭᠡ ᠶᠢ ᠪᠠᠲᠤ ᠴᠡᠭᠡᠵᠢᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠤᠨ ᠪᠠᠨ ᠠᠵᠢᠯᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠨ᠂ ᠠᠶᠤᠯ ᠲᠦᠭᠰᠢᠭᠦᠷᠢ ᠪᠠ ᠥᠷᠢᠰᠥᠯᠳᠦᠭᠡᠨ ᠳᠤ ᠵᠣᠷᠢᠭᠲᠠᠶ ᠪᠠᠷ ᠰᠢᠭᠤᠳ ᠬᠠᠨᠳᠤᠵᠤ᠂ ᠡᠷᠡᠰ ᠬᠠᠲᠠᠭᠤ ᠵᠣᠷᠢᠭ ᠰᠠᠨᠠᠭ᠎ᠠ ᠪᠠ ᠡᠷᠡᠰ ᠬᠠᠲᠠᠭᠤ ᠰᠥᠰᠥ ᠵᠣᠷᠢᠭ ᠢᠶᠠᠷ ᠤᠷᠤᠭᠰᠢᠯᠠᠯᠲᠠ ᠶᠢᠨ ᠵᠠᠮ ᠳᠡᠭᠡᠷᠡᠬᠢ ᠠᠯᠢᠪᠠ ᠬᠠᠷᠰᠢ ᠰᠠᠭᠠᠳ ᠢ ᠢᠯᠠᠨ ᠳᠠᠪᠠᠭ᠋ᠤ ᠶᠠᠪᠤᠳᠠᠯ ᠪᠣᠯᠤᠨ᠎ᠠ᠃      ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠲᠠᠢ ᠬᠠᠷᠢᠴᠠᠭᠤᠯᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠠᠤᠡᠭᠡᠬᠦ︽ᠡᠭᠦᠷᠭᠡ ᠬᠠᠷᠢᠭᠤᠴᠠᠯᠭ᠎ᠠ ᠡᠭᠦᠷᠭᠡᠯᠡᠬᠦ︾ ᠠᠵᠢᠯᠯᠠᠭᠠᠨ ᠤ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠴᠢᠩᠭᠠᠳᠬᠠᠪᠠ᠃ ᠭᠤᠤᠯ ᠰᠡᠳᠦᠪᠲᠦ ᠬᠥᠮᠦᠵᠢᠯ ᠤᠨ ᠠᠵᠢᠯ ᠳᠤᠮᠳᠠ᠂ ᠰᠤᠷᠤᠭᠰᠠᠨ ᠢᠶᠠᠨ ᠬᠡᠷᠡᠭᠯᠡᠬᠦ ᠶᠢ ᠪᠠᠷᠢᠮᠲᠠᠯᠠᠵᠤ᠂ ᠤᠯᠤᠰ ᠲᠥᠷᠥ ᠶᠢᠨ ᠣᠨᠣᠯ ᠤᠨ ᠰᠤᠷᠤᠯᠴᠠᠯᠭ᠎ᠠ ᠶᠢ ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠵᠢᠯ ᠢ ᠰᠠᠶᠢᠲᠤᠷ ᠬᠢᠬᠦ ᠯᠦᠭᠡ ᠤᠶᠠᠯᠳᠤᠭᠤᠯᠬᠤ ᠬᠡᠷᠡᠭᠲᠡᠶ᠃ ᠪᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ ᠵᠣᠷᠢᠯᠲᠠ ᠶᠢᠨ ᠤᠬᠠᠮᠰᠠᠷ ᠢ ᠢᠮᠠᠭᠲᠠ ᠪᠠᠲᠤ ᠴᠡᠭᠡᠵᠢᠯᠡᠵᠦ᠂ ᠣᠯᠠᠨ ᠲᠦᠮᠡᠨᠴᠢ ᠱᠤᠭᠤᠮ ᠢ ᠢᠳᠡᠪᠬᠢᠲᠡᠢ ᠤᠶᠢᠯᠡᠳᠤᠯᠭᠡᠵᠢᠭᠦᠯᠵᠤ᠂ᠠᠵᠢᠯ ᠤᠨ ᠰᠤᠷᠲᠠᠯ ᠢᠶᠠᠨ ᠤᠯᠠᠮ ᠨᠢᠭᠡ ᠠᠯᠬᠤᠮ ᠬᠤᠪᠢᠷᠠᠭᠤᠯᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠦᠨᠳᠦᠰᠦᠨ ᠱᠠᠲᠤᠨ ᠤ ᠺᠠᠳ᠋ᠷᠴᠤᠳ ᠤᠨ ᠬᠦᠰᠡᠯ ᠮᠥᠷᠥᠭᠡᠳᠦᠯ ᠢ ᠨᠠᠷᠢᠨ ᠬᠢᠨᠠᠮᠠᠭᠠᠶ ᠰᠣᠨᠣᠰᠴᠤ᠂ ᠵᠦᠶ ᠵᠣᠬᠢᠰᠲᠠᠶ ᠬᠦᠰᠡᠯ ᠱᠠᠭᠠᠷᠳᠠᠯᠭ᠎ᠠ ᠶᠢ ᠪᠦᠲᠦᠮᠵᠢᠲᠡᠶ ᠠᠷᠭᠠᠴᠠᠨ᠎ᠠ᠃ ᠪᠣᠳᠠᠲᠠᠶ ᠠᠵᠢᠯ ᠶᠢᠨ ᠳᠤᠮᠳᠠ᠂︽ᠲᠡᠮᠦᠷ ᠪᠠᠷᠢᠪᠠᠯ ᠣᠷᠣᠮ ᠲᠠᠢ᠂ ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ︾ ᠪᠣᠳᠠᠲᠠᠶ ᠶᠢ ᠡᠷᠬᠢᠮᠯᠡᠬᠦ ᠰᠤᠷᠲᠠᠯ ᠢ ᠢᠮᠠᠭᠲᠠ ᠪᠠᠷᠢᠮᠲᠠᠯᠠᠵᠤ᠂ ︽ᠨᠠᠶᠢᠳᠠᠪᠤᠷᠢᠵᠢᠭᠤᠯᠤᠯᠲᠠ ᠶᠢ ᠠᠳᠬᠤᠬᠤ︾᠎ ᠶᠢ ᠪᠠᠷᠢᠮᠲᠠᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠦᠬᠦ ᠲᠠᠯ᠎ᠠ ᠶᠢᠨ ᠠᠵᠢᠯ ᠳᠤ ᠪᠠᠢᠷᠢᠯᠠᠭᠤᠯᠤᠯᠲᠠ ᠲᠠᠢ᠂ ᠪᠠᠶᠢᠴᠠᠭᠠᠯᠲᠠ ᠲᠠᠢ᠂ ᠨᠠᠶᠢᠳᠠᠪᠤᠷᠢᠵᠢᠭᠤᠯᠤᠯᠲᠠ ᠲᠠᠢ ᠪᠠᠶᠢᠵᠤ᠂ ᠬᠦᠴᠢᠷ ᠢ ᠰᠥᠷᠦᠨ ᠤᠷᠤᠭᠰᠢᠯᠠᠵᠤ᠂ ᠪᠦᠬᠦ ᠵᠢᠯ ᠤᠨ ᠠᠵᠢᠯ ᠶᠢᠨ ᠡᠭᠦᠷᠭᠡ ᠬᠠᠷᠠᠯᠲᠠ ᠪᠠᠨ ᠲᠤᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠨ᠎ᠠ᠃     ᠬᠠᠶᠢᠷᠤᠪ ᠤᠨ ᠲᠣᠬᠤᠢ ᠲᠣᠭᠤᠷᠢᠭ ᠤᠨ ᠰᠣᠶᠣᠯ ᠵᠢᠭᠤᠯᠴᠢᠯᠠᠯ ᠤᠨ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ     ᠸᠧᠨ ᠵᠢᠩ     ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠣᠯᠤᠨ᠎ᠠ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠤᠶᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠡᠵᠡᠮᠳᠡᠵᠦ ᠪᠠᠶᠢᠭᠠᠤᠡ‌‍ᠬᠢᠭᠰᠡᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠤᠨ᠎ᠠ᠃ ᠮᠢᠨᠦ ᠦᠵᠡᠬᠦ ᠪᠠᠷ ᠡᠨᠡ ᠤᠳᠠᠭ᠎ᠠ ᠶᠢᠨ ᠥᠷᠨᠢᠭᠦᠯᠦᠭᠰᠡᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠨᠢ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠢᠲᠡᠭᠡᠯ ᠪᠢᠰᠢᠷᠡᠯ ᠤᠨ ᠰᠠᠭᠤᠷᠢ᠂ ᠵᠣᠷᠢᠭ ᠰᠠᠨᠠᠭᠠᠨ ᠤ ᠺᠠᠯᠼ᠂ ᠦᠵᠡᠯ ᠰᠠᠨᠠᠭᠠᠨ ᠤ ᠰᠦᠭ ᠰᠦᠨᠡᠰᠦ ᠶᠢ ᠭᠦᠨ ᠱᠤᠭᠤᠬᠤ ᠳᠤ ᠠᠰᠢᠭᠲᠠᠢ ᠪᠠᠶᠢᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠨᠴᠠᠭᠠᠢᠯᠠᠨ ᠤᠳᠤᠷᠢᠳᠬᠤ ᠺᠠᠳ᠋ᠷ ᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠪᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠠᠵᠢᠯ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠶᠠᠪᠤᠵᠤ᠂ ᠤᠳᠤᠷᠢᠳᠬᠤ ᠺᠠᠳ᠋ᠷ ᠤᠨ ᠴᠢᠳᠠᠪᠤᠷᠢ ᠬᠦᠷᠦᠯᠴᠡᠬᠦ ᠦᠭᠡᠢ᠂ ᠴᠢᠳᠠᠪᠤᠷᠢ ᠬᠤᠴᠣᠷᠤᠩᠭᠤᠶ ᠪᠠᠶᠢᠬᠤ ᠠᠰᠠᠭᠤᠳᠠᠯ ᠢ ᠪᠦᠲᠦᠮᠵᠢᠲᠡᠶ ᠢᠯᠠᠨ ᠳᠠᠪᠠᠵᠤ᠂ ᠤᠳᠤᠷᠢᠳᠤᠯᠭ᠎ᠠ᠂ ᠰᠢᠢᠤᠡᠪᠤᠷᠢᠳᠤ ᠪᠣᠳᠣᠯᠭ᠎ᠠ ᠪᠣᠯᠤᠨ ᠬᠡᠷᠡᠭᠵᠢᠭᠦᠯᠦᠯᠲᠡ ᠶᠢ ᠨᠠᠩ ᠰᠢᠨᠵᠢᠯᠡᠬᠦ ᠤᠬᠠᠭᠠᠨᠴᠢ᠂ ᠨᠠᠩ ᠦᠷ᠎ᠡ ᠪᠦᠲᠦᠮᠵᠢᠲᠡᠶ ᠪᠣᠯᠭᠠᠬᠤ ᠳᠤ ᠠᠰᠢᠭᠲᠠᠢ ᠶᠤᠮ᠃     ᠰᠤᠷᠤᠯᠴᠠᠯᠭ᠎ᠠ ᠬᠥᠮᠦᠵᠢᠯ ᠤᠨ ᠶᠠᠪᠤᠴᠠ ᠳᠤ᠂ᠤᠶᠢᠷ᠎ᠠ ᠶᠢᠨ ᠨᠢᠭᠡ ᠬᠤᠭᠤᠴᠠᠭᠠᠨ ᠳᠤ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠭᠤᠯᠬᠤ᠂ ᠬᠤᠪᠢ ᠬᠥᠮᠦᠨ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠭᠦᠯᠬᠦ᠂ ᠦᠬᠠᠶ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠶᠢ ᠤᠷᠢᠵᠤ ᠨᠠᠮ ᠤᠨ ᠭᠡᠰᠢᠭᠦᠨ ᠤ ᠪᠣᠯᠪᠠᠰᠤᠷᠠᠯ ᠬᠦᠷᠲᠡᠭᠡᠵᠦ᠂ ᠨᠠᠮ ᠤᠨ ᠡᠭᠦᠷ ᠤᠨ ᠱᠦᠵᠢ ᠲᠦᠷᠦᠭᠦᠯᠡᠨ ᠨᠠᠮ ᠤᠨ ᠬᠢᠴᠢᠶᠡᠯ᠂ ᠲᠤᠰᠬᠠᠶ ᠰᠡᠳᠦᠪᠲᠦ ᠬᠢᠴᠢᠶᠡᠯ᠂ ᠮᠡᠳᠡᠯᠭᠡ ᠶᠢᠨ ᠰᠢᠯᠭᠠᠯᠲᠠ ᠵᠡᠷᠭᠡ ᠣᠨᠴᠠᠯᠢᠭ ᠲᠠᠢ ᠬᠡᠯᠪᠡᠷᠢ ᠪᠠᠷ ᠳᠠᠮᠵᠢᠭᠤᠯᠤᠨ᠂ ᠪᠠᠭᠰᠢ ᠶᠢᠨ ᠬᠦᠴᠦᠨ ᠤ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠮᠡᠳᠡᠯᠭᠡ ᠶᠢᠨ ᠬᠡᠪᠴᠢᠶ᠎ᠡ ᠶᠢ ᠶᠡᠬᠡᠪᠡᠷ ᠥᠷᠭᠡᠳᠬᠡᠵᠦ᠂ ᠨᠠᠮ ᠤᠨ ᠭᠡᠰᠢᠭᠦᠨ ᠺᠠᠳ᠋ᠷ ᠢ ᠦᠨᠡᠨᠬᠦ ᠰᠤᠷᠤᠯᠴᠠᠭᠤᠯᠵᠠᠶ᠃     ᠪᠠᠶᠢᠴᠠᠭᠠᠨ ᠰᠤᠳᠤᠯᠤᠯᠲᠠ ᠬᠢᠬᠦ ᠭᠤᠭᠴᠤᠭ᠎ᠠ ᠳᠤ᠂ ᠨᠠᠮ ᠤᠨ ᠡᠭᠦᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠤᠶᠠᠳᠤᠭᠠᠷ ᠲᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ ︽ᠭᠤᠤᠯᠳᠠᠯᠭ᠎ᠠ ᠶᠢ ᠠᠳᠬᠤᠬᠤ᠂ ᠳᠤᠲᠠᠭᠤᠳᠠᠯ ᠢᠶᠠᠨ ᠨᠥᠬᠦᠪᠥᠷᠢᠯᠡᠬᠦ︾ᠬᠤᠪᠢᠳᠠᠨ ᠬᠠᠮᠢᠶᠠᠷᠴᠤ ᠪᠠᠶᠢᠭ᠎ᠠ ᠠᠵᠢᠯ ᠶᠢᠨ ᠬᠦᠷᠢᠶ᠎ᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠬᠦ ᠬᠡᠷᠡᠭᠲᠡᠶ᠃ ᠶᠠᠷᠢᠯᠴᠠᠬᠤ ᠬᠤᠷᠠᠯ ᠬᠤᠷᠠᠯᠳᠤᠭᠤᠯᠬᠤ᠂ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠬᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠵᠡᠷᠭᠡ ᠬᠡᠯᠪᠡᠷᠢ ᠪᠠᠷ ᠰᠣᠶᠣᠯ᠂ ᠵᠢᠭᠤᠯᠴᠢᠯᠠᠯ᠂ ᠪᠡᠶ᠎ᠡ ᠶᠢᠨ ᠲᠠᠮᠢᠷ ᠤᠨ ᠲᠠᠯ᠎ᠠ ᠪᠠᠷ ᠬᠢ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠬᠤᠷᠢᠶᠠᠨ ᠴᠤᠭᠯᠠᠭᠤᠯᠬᠤ ᠬᠡᠷᠡᠭᠲᠡᠶ᠃ ᠬᠤᠯᠪᠣᠭᠳᠠᠯ ᠪᠦᠬᠦᠢ ᠰᠣᠶᠣᠯ᠂ ᠪᠡᠶ᠎ᠡ ᠶᠢᠨ ᠲᠠᠮᠢᠷ ᠤᠨ ᠲᠠᠯ᠎ᠠ ᠶᠢᠨ ᠠᠰᠠᠭᠤᠳᠠᠯ ᠢ ᠨᠡᠶᠢᠲᠡ 25 ᠵᠤᠷᠪᠤᠰ ᠴᠤᠭᠯᠠᠭᠤᠯᠵᠤ᠂ ᠤᠳᠤᠷᠢᠳᠬᠤ ᠪᠠᠭ ᠤᠨ ᠠᠰᠠᠭᠤᠳᠠᠯ ᠢ 15 ᠵᠤᠷᠪᠤᠰ ᠰᠢᠢᠤᠡᠪᠤᠷᠢᠯᠡᠪᠡ᠃ ᠠᠰᠠᠭᠤᠳᠠᠯ ᠢ ᠰᠢᠢᠤᠡᠪᠤᠷᠢᠯᠡᠬᠦ ᠪᠠᠷ ᠳᠠᠮᠵᠢᠭᠤᠯᠤᠨ᠂ ᠠᠷᠠᠳ ᠣᠯᠠᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠠᠷᠠᠳ ᠣᠯᠠᠨ ᠤ ᠵᠣᠯ ᠵᠢᠷᠭᠠᠯ ᠤᠨ ᠰᠡᠳᠬᠢᠭᠳᠡᠯ ᠪᠠ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠦᠨᠡᠨ ᠬᠦ ᠨᠡᠮᠡᠭᠳᠡᠭᠦᠯᠦᠨ᠎ᠡ᠃     ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠫᠧᠩ ᠮᠢᠩ ᠯᠢᠨ     ᠨᠠᠮ ᠤᠨ ᠲᠥᠪ ᠬᠤᠷᠢᠶ᠎ᠠ ᠤᠨ ᠪᠦᠬᠦ ᠨᠠᠮ ᠤᠨ ᠬᠡᠪᠴᠢᠶᠡᠨ ᠳᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠥᠷᠨᠢᠭᠦᠯᠬᠦ ᠪᠠᠷ ᠲᠣᠭᠲᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠪᠴᠤ ᠬᠡᠯᠡᠪᠡᠯ᠂ ᠶᠠᠭ ᠰᠠᠶᠢᠬᠠᠨ ᠲᠤᠬᠢᠷᠠᠭᠰᠠᠨ ᠪᠠᠶᠢᠵᠤ᠂ ᠪᠢᠳᠡᠨ ᠤ ᠬᠦᠴᠢᠷ ᠠᠰᠠᠭᠤᠳᠠᠯ ᠢ ᠰᠢᠢᠤᠡᠪᠤᠷᠢᠯᠡᠬᠦ᠂ ᠠᠵᠢᠯ ᠢᠶᠠᠨ ᠰᠠᠶᠢᠲᠤᠷ ᠬᠢᠬᠦ᠂ ᠰᠢᠨ᠎ᠡ ᠬᠠᠭᠤᠳᠠᠰᠤ ᠶᠢ ᠪᠢᠴᠢᠭᠯᠡᠬᠦ ᠳᠤ ᠴᠢᠭᠯᠡᠯ ᠪᠣᠯᠤᠨ ᠠᠷᠭ᠎ᠠ ᠵᠠᠮ ᠢ ᠲᠣᠳᠣᠷᠬᠠᠶ ᠵᠢᠭᠠᠵᠤ ᠥᠭᠴᠡᠶ᠃ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠭᠤᠤᠯ ᠰᠡᠳᠦᠪᠲᠦ ᠬᠥᠮᠦᠵᠢᠯ ᠤᠨ ᠳᠤᠮᠳᠠ ᠦᠵᠡᠯ ᠰᠠᠨᠠᠭ᠎ᠠ ᠲᠠᠨᠢᠯᠲᠠ ᠪᠠᠨ ᠪᠣᠳᠠᠲᠠᠶᠢᠵᠢᠭᠤᠯᠬᠤ᠂ ᠠᠰᠠᠭᠤᠳᠠᠯ ᠢ ᠪᠠᠶᠢᠴᠠᠭᠠᠨ ᠦᠵᠡᠬᠦ ᠶᠢ ᠪᠣᠳᠠᠲᠠᠶᠢᠵᠢᠭᠤᠯᠬᠤ᠂ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ᠂ ᠵᠣᠬᠢᠶᠠᠨ ᠪᠠᠶᠢᠭᠤᠯᠵᠤ ᠤᠳᠤᠷᠢᠳᠬᠤ ᠶᠢ ᠪᠣᠳᠠᠲᠠᠶᠢᠵᠢᠭᠤᠯᠬᠤ ᠵᠡᠷᠭᠡ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠣᠱᠯᠠᠭᠤᠯᠵᠠᠢ᠂ ︽ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠶ᠎ᠡ ᠪᠠᠨ ᠡᠷᠢᠵᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠳᠤ ᠴᠢᠭᠯᠡᠭᠦᠯᠵᠦ᠂ ︽ᠤᠨᠤᠯ ᠤᠨ ᠰᠤᠷᠤᠯᠴᠠᠯᠭ᠎ᠠ ᠣᠯᠤᠯᠲᠠ ᠲᠠᠢ᠂ ᠦᠵᠡᠯ ᠰᠠᠨᠠᠭ᠎ᠠ ᠤᠯᠤᠰ ᠲᠥᠷᠦ ᠶᠢᠨ ᠰᠢᠯᠭᠠᠯᠲᠠ ᠶᠢ ᠬᠦᠯᠢᠶᠡᠬᠦ᠂ ᠠᠵᠢᠯ ᠬᠢᠵᠦ ᠤᠶᠢᠯᠡᠰ ᠪᠣᠰᠬᠠᠨ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ᠂ᠠᠷᠠᠳ ᠲᠦᠮᠡᠨ ᠳᠤ ᠦᠢᠯᠡᠴᠢᠯᠡᠵᠦ ᠬᠦᠴᠢᠷ ᠠᠰᠠᠭᠤᠳᠠᠯ ᠢ ᠰᠢᠢᠤᠡᠪᠤᠷᠢᠯᠡᠬᠦ᠂ ᠦᠯᠢᠭᠡᠷ ᠳᠠᠭᠤᠷᠢᠶᠠᠯ ᠪᠣᠯᠬᠤ︾ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠨᠠᠮ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠭᠦᠢᠴᠠᠤᠡ ᠢᠯᠡᠷᠡᠭᠦᠯᠬᠦ ᠪᠠ ᠲᠠᠶᠢᠯᠪᠤᠷᠢᠯᠠᠭᠤᠯᠬᠤ ᠬᠡᠷᠡᠭᠲᠡᠶ᠃      ᠨᠢᠭᠡᠳᠦᠭᠡᠷ ᠲᠤ᠂ ᠢᠲᠡᠭᠡᠯ ᠵᠣᠷᠢᠭ ᠢᠶᠠᠨ ᠪᠠᠲᠤᠳᠬᠠᠵᠤ᠂ ᠤᠭ ᠰᠠᠨᠠᠭ᠎ᠠ ᠪᠠᠨ ᠪᠠᠲᠤ ᠰᠠᠬᠢᠬᠤ ᠬᠡᠷᠡᠭᠲᠡᠶ᠃ ᠢᠲᠡᠭᠡᠯ ᠪᠢᠰᠢᠷᠡᠯ᠂ ᠢᠲᠡᠭᠡᠯ ᠵᠣᠷᠢᠭ᠂ ᠬᠡᠵᠢᠶ᠎ᠡ ᠴᠦ ᠭᠡᠰᠡᠨ ᠴᠥᠮ ᠲᠤᠶᠢᠯ ᠤᠨ ᠴᠢᠬᠤᠯᠠ ᠶᠤᠮ᠃ ᠮᠠᠷᠺᠰ ᠤᠨ ᠦᠵᠡᠯ ᠶᠢᠨ ᠲᠤᠬᠠᠶ ᠥᠩᠭᠡᠷᠡᠭᠡᠭᠰᠡᠨ ᠳᠤ ᠴᠦ ᠲᠡᠷᠡ᠂ ᠤᠳᠤ ᠴᠤ ᠲᠡᠷᠡ᠂ ᠢᠷᠡᠭᠡᠳᠦᠢ ᠳᠤ ᠴᠦ ᠲᠡᠷᠡ᠂ ᠮᠠᠷᠺᠰ ᠤᠨ ᠦᠵᠡᠯ ᠢᠶᠠᠨ ᠲᠤᠬᠠᠶ ᠢᠲᠡᠭᠡᠯ ᠪᠢᠰᠢᠷᠡᠯ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠶ ᠢᠲᠡᠭᠡᠯ ᠪᠢᠰᠢᠷᠡᠯ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠤᠯᠤᠰ ᠤᠨ ᠵᠡᠭᠦᠳᠦ ᠶᠢ ᠪᠡᠶᠡᠯᠡᠭᠦᠯᠬᠦ ᠢᠲᠡᠭᠡᠯ ᠵᠣᠷᠢᠭ ᠪᠣᠯ ᠴᠥᠮ ᠳᠤᠮᠳᠠᠳᠤ ᠤᠯᠤᠰ ᠤᠨ ᠠᠷᠠᠳ ᠲᠦᠮᠡᠨ ᠤ ᠪᠣᠰᠴᠤ ᠵᠣᠭᠰᠣᠭᠰᠠᠨ᠂ ᠪᠠᠶᠠᠵᠢᠨ ᠴᠢᠨᠡᠭᠡᠯᠢᠭᠵᠢᠭᠰᠡᠨ᠂ ᠬᠦᠴᠦᠷᠬᠡᠭᠵᠢᠭᠰᠡᠨ ᠬᠦᠴᠦᠷᠬᠡᠭ ᠶᠡᠭᠡ ᠢᠲᠡᠭᠡᠯ ᠵᠣᠷᠢᠭ ᠮᠥᠨ᠃ ᠦᠵᠡᠯ ᠰᠠᠨᠠᠭ᠎ᠠ ᠪᠠᠷ ᠨᠠᠮ ᠪᠠᠶᠢᠭᠤᠯᠬᠤ ᠪᠠ ᠣᠨᠣᠯ ᠢᠶᠠᠷ ᠨᠠᠮ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠬᠦ︾᠂ ᠢᠳᠡᠭᠡᠨ ᠪᠠ ᠡᠮ ‍ᠤᠨ‌ᠵᠤᠶᠢᠯ ᠤᠨ ᠬᠢᠨᠠᠯᠲᠠ ᠬᠠᠮᠢᠶᠠᠷᠤᠯᠲᠠ ᠶᠢᠨ ︽ᠳᠦᠷᠪᠡᠨ ᠬᠠᠮᠤᠭ ‍ᠤᠨ‌‍ᠴᠢᠩᠭ᠎ᠠ︾ᠱᠠᠭᠠᠷᠳᠠᠯᠭ᠎ᠠ᠂︽ᠬᠠᠤᠯᠢ ᠤᠨ ᠵᠥᠷᠢᠴᠡᠭᠰᠡᠨ ᠥᠪᠡᠷ ᠤᠨ ᠥᠷᠲᠡᠭ ᠢ ᠮᠡᠳᠡᠭᠳᠡᠮ᠎ᠡ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠤᠶᠢᠯᠡᠳᠤᠯ ᠢ ᠭᠦᠢᠴᠠᠤᠡ ᠪᠠᠳᠠᠷᠠᠭᠤᠯᠬᠤ︾᠂ ︽ᠬᠡᠷᠡᠭᠯᠡᠭᠡᠨ ᠤ ᠰᠠᠭᠤᠷᠢ ᠴᠢᠨᠠᠷᠲᠠᠶ ᠤᠶᠢᠯᠡᠳᠤᠯ ᠢ ᠪᠠᠳᠠᠷᠠᠭᠤᠯᠵᠤ᠂ ᠳᠥᠭᠦᠮ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ︾᠂ ︽ᠥᠷᠢᠰᠥᠯᠳᠦᠭᠡᠨ ᠤ ᠲᠥᠷᠦ ᠶᠢᠨ ᠪᠣᠳᠣᠯᠭ᠎ᠠ ᠶᠢᠨ ᠰᠠᠭᠤᠷᠢ ᠴᠢᠨᠠᠷᠲᠠᠶ ᠪᠠᠶᠢᠷᠢ ᠰᠠᠭᠤᠷᠢ ᠶᠢ ᠴᠢᠩᠭᠠᠳᠬᠠᠬᠤ ᠬᠡᠷᠡᠭᠲᠡᠶ᠃ ᠡᠷᠬᠡ ᠲᠡᠭᠰᠢ ᠪᠠᠷ ᠥᠷᠢᠰᠦᠯᠳᠦᠬᠦ ᠳᠦᠷᠢᠮ ᠤᠨ ᠣᠷᠴᠢᠨ ᠲᠣᠭᠤᠷᠢᠨ ᠢ ᠡᠭᠦᠳᠬᠦ︾᠂ ︽ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ‌ᠥᠷᠨᠢᠭᠦᠯᠵᠦ᠂ ᠦᠷ᠎ᠡ ᠠᠰᠢᠭ ᠢ ᠳᠡᠭᠡᠭᠰᠢᠯᠡᠭᠦᠯᠬᠦ︾᠂︽ᠮᠡᠳᠡᠯᠭᠡ ᠵᠢᠨ‌ᠥᠮᠴᠢᠯᠡᠯ ᠤᠨ ᠡᠷᠬᠡ ᠶᠢᠨ ᠡᠭᠦᠳᠦᠯᠲᠡ᠂ ᠬᠠᠮᠠᠭᠠᠯᠠᠯᠲᠠ᠂ ᠬᠡᠷᠡᠭᠯᠡᠯᠲᠡ ᠶᠢ ᠴᠢᠩᠭᠠᠳᠬᠠᠬᠤ︾ ᠵᠡᠷᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠶᠢᠨ ᠲᠤᠬᠠᠶ ᠠᠯᠢ ᠣᠯᠠᠨ ᠴᠢᠬᠤᠯᠠ ᠥᠭᠦᠯᠡᠯᠲᠡ ᠪᠠ ᠵᠢᠭᠠᠪᠤᠷᠢ ᠴᠣᠬᠤᠯᠠᠪᠤᠷᠢ ᠨᠢ ᠬᠡᠯᠪᠡᠷᠢᠴᠢ ᠦᠵᠡᠯ ᠭᠠᠷᠭᠠᠬᠤ ᠦᠭᠡᠢ᠂ ᠲᠦᠷᠭᠡᠨ ᠠᠮᠵᠢᠯᠲᠠ ᠣᠯᠬᠤ ᠪᠠᠷ ᠶᠠᠭᠠᠷᠠᠵᠤ ᠪᠣᠯᠬᠤ ᠦᠭᠡᠢ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠵᠤ᠂ ᠭᠦᠨᠵᠡᠭᠡᠶ ᠰᠡᠳᠬᠢᠨ ᠰᠤᠷᠤᠯᠴᠠᠵᠤ᠂ ᠪᠣᠳᠠᠲᠠᠶ ᠲᠠᠢ ᠤᠶᠠᠯᠳᠤᠭᠤᠯᠤᠨ ᠰᠤᠷᠤᠯᠴᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠭᠦᠯᠬᠦ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠢᠯᠠ ᠲᠣᠳᠣ ᠤᠯᠤᠰ ᠲᠥᠷᠦ ᠶᠢᠨ ᠤᠳᠤᠷᠢᠳᠤᠮᠵᠢ ᠪᠠᠷ ᠤᠭ ᠰᠠᠨᠠᠭ᠎ᠠ ᠪᠠᠨ ᠪᠠᠲᠤ ᠰᠠᠬᠢᠬᠤ ᠬᠡᠷᠡᠭᠲᠡᠶ᠃      ᠬᠤᠶᠠᠳᠤᠭᠠᠷ ᠲᠤ᠂ ᠵᠣᠷᠢᠭᠲᠠᠶ ᠪᠠᠷ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠶ᠃ ᠰᠢᠨ᠎ᠡ ᠴᠠᠭ ᠦᠶ᠎ᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠶᠢᠨ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯᠲᠡᠢ ᠶᠤᠮ᠃ ᠪᠢᠳᠡᠨ ᠤ ᠡᠭᠦᠷᠭᠡᠯᠡᠵᠦ ᠪᠠᠶᠢᠭ᠎ᠠ ᠡᠭᠦᠷᠭᠡ ᠬᠠᠷᠢᠭᠤᠴᠠᠯᠭ᠎ᠠ᠂ ᠤᠯᠤᠰ ᠎ ᠤᠨ ᠳᠦᠷᠢ ᠲᠥᠷᠬᠦ᠂ ᠨᠡᠶᠢᠭᠡᠮ ᠤᠨ ᠵᠠᠰᠠᠯᠲᠠ᠂ ᠨᠠᠮ ᠪᠣᠯᠤᠨ ᠣᠯᠠᠨ ᠲᠦᠮᠡᠨ ᠤ ᠬᠠᠷᠢᠴᠠᠭ᠎ᠠ᠂ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ ᠤᠨ ᠬᠠᠷᠢᠴᠠᠭ᠎ᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠪᠣᠯᠤᠨ ᠴᠢᠨᠠᠷ ᠰᠠᠶᠢᠲᠠᠶ ᠬᠥᠭᠵᠢᠯᠲᠡ᠂ ᠨᠠᠩ ᠴᠤ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠲᠠᠢ ᠬᠤᠯᠪᠤᠭᠳᠠᠯ ᠲᠠᠢ᠃ ᠵᠢᠵᠢᠭ ᠰᠠᠵᠢᠭ ᠵᠤᠶᠢᠯ ᠠᠴᠠ ᠡᠬᠢᠯᠡᠨ ᠬᠢᠵᠦ᠂ ᠵᠢᠵᠢᠭ ᠰᠠᠵᠢᠭ ᠵᠤᠶᠢᠯ ᠠᠴᠠ ᠭᠠᠷᠳᠠᠵᠤ᠂ ᠠᠵᠢᠯ ᠶᠢᠨ ᠳᠤᠮᠳᠠᠬᠢ ᠨᠠᠷᠢᠨ‌ᠵᠤᠶᠢᠯᠡᠰ ᠨᠢᠭᠡᠪᠦᠷᠢ ᠶᠢ ᠪᠣᠳᠠᠲᠠᠶ ᠠᠳᠬᠤᠵᠤ᠂ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠳᠤ ᠬᠤᠷᠴᠠ ᠰᠡᠷᠭᠡᠭ ᠴᠢᠨᠠᠷ ᠢ ᠴᠢᠩᠭᠠᠳᠬᠠᠵᠤ᠂ ᠵᠣᠷᠢᠭᠲᠠᠶ ᠠᠳᠬᠤᠵᠤ ᠵᠣᠷᠢᠭᠲᠠᠶ ᠬᠠᠮᠢᠶᠠᠷᠠᠨ᠎ᠠ᠃      ᠭᠤᠷᠪᠠᠳᠤᠭᠠᠷ ᠲᠤ᠂ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ᠃ ᠪᠠᠶᠢᠭᠤᠯᠤᠮᠵᠢ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭᠠᠬᠢ ᠰᠢᠨ᠎ᠡ ᠲᠤᠰᠢᠶᠠᠯ ᠬᠠᠷᠢᠭᠤᠴᠠᠯᠭ᠎ᠠ ᠪᠠ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠨᠠᠮ ᠤᠨ ᠭᠡᠰᠢᠭᠦᠨ ᠺᠠᠳ᠋ᠷᠴᠤᠳ ᠭᠠᠭᠴᠠ ᠬᠦ ᠰᠤᠷᠤᠯᠴᠠᠯᠭ᠎ᠠ ᠪᠠ ᠳᠠᠪᠲᠠᠯᠲᠠ ᠪᠠᠨ ᠴᠢᠩᠭᠠᠳᠬᠠᠵᠤ᠂ ᠮᠡᠳᠡᠯᠭᠡ‌‍ᠪᠠᠭᠤᠷᠠᠶ ᠲᠠᠯ᠎ᠠ᠂ ᠴᠢᠳᠠᠪᠤᠷᠢ ᠶᠢᠨ ᠳᠤᠲᠠᠭᠤᠳᠠᠯ᠂ ᠲᠤᠷᠰᠢᠯᠭ᠎ᠠ ᠶᠢᠨ ᠪᠠᠯᠠᠶ ᠣᠷᠣᠨ ᠶᠢ ᠨᠦᠬᠦᠪᠦᠷᠢᠯᠡᠨ᠂ ᠠᠵᠢᠯ ᠬᠢᠵᠦ ᠠᠳᠠᠯ ᠤᠶᠢᠯᠡᠰ ᠴᠣᠭᠴᠠᠯᠠᠬᠤ ᠵᠢᠩᠬᠢᠨᠢ ᠴᠢᠳᠠᠪᠤᠷᠢ‌‍ᠪᠠᠨ ᠳᠡᠭᠡᠭᠰᠢᠯᠡᠭᠦᠯᠪᠡᠯ ᠰᠠᠶ᠋ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠢᠨ᠎ᠡ ᠥᠷᠢᠰᠥᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠵᠤ ᠴᠢᠳᠠᠨ᠎ᠠ ᠭᠡᠵᠦ ᠪᠢ ᠦᠵᠡᠵᠦ ᠪᠠᠶᠢᠨ᠎ᠠ᠃ ᠶᠡᠷᠦᠩᠬᠡᠶ ᠱᠦᠵᠢ ᠰᠢ ᠶᠢᠨ ᠫᠢᠩ᠄︽ᠠᠵᠢᠯ ᠤᠨ ᠰᠤᠷᠲᠠᠯ ᠤᠨ ᠲᠠᠯ᠎ᠠ ᠪᠠᠷ ᠬᠢ ᠠᠰᠠᠭᠤᠳᠠᠯ ᠪᠣᠯ ᠪᠠᠭ᠎ᠠ ᠶᠠᠪᠤᠳᠠᠯ ᠤᠭᠲᠤ ᠪᠢᠰᠢ᠂ ᠬᠡᠷᠪᠡ ᠮᠠᠭᠤ ᠰᠤᠷᠲᠠᠯ ᠢ ᠡᠷᠡᠰ ᠵᠠᠯᠠᠷᠠᠭᠤᠯᠬᠤ ᠦᠭᠡᠢ᠂ ᠳᠤᠷ᠎ᠠ ᠪᠠᠷ ᠨᠢ ᠲᠠᠯᠪᠢᠬᠤ‌‍ᠳᠤ ᠬᠦᠷᠪᠡᠯ ᠮᠠᠨ ᠤ ᠨᠠᠮ ᠪᠠ ᠠᠷᠠᠳ ᠲᠦᠮᠡᠨ ᠢ ᠨᠢᠭᠡᠨ ᠬᠡᠷᠡᠮ ᠮᠡᠲᠦ ᠰᠠᠯᠭᠠᠭᠠᠳ᠂ ᠮᠠᠨ ᠤ ᠨᠠᠮ ᠳᠠᠷᠤᠶ ᠦᠨᠳᠦᠰᠦ ᠰᠠᠭᠤᠷᠢ ᠪᠠᠨ ᠠᠯᠳᠠᠵᠤ᠂ ᠴᠢᠰᠤᠨ ᠰᠤᠳᠠᠰᠤ ᠪᠠᠨ ᠠᠯᠳᠠᠵᠤ᠂ ᠬᠦᠴᠦᠨ ᠴᠢᠳᠠᠯ ᠢᠶᠠᠨ ᠠᠯᠳᠠᠬᠤ ᠪᠣᠯᠤᠨ᠎ᠠ᠃ ᠨᠠᠮ ᠤᠨ ᠭᠡᠰᠢᠭᠦᠨ ᠺᠠᠳ᠋ᠷᠴᠤᠳ ᠡᠷᠬᠡᠪᠰᠢ‌‍ᠰᠠᠶᠢᠨ ᠰᠠᠶᠢᠬᠠᠨ ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠰᠢᠷᠭᠠᠭᠤ ᠠᠵᠢᠯᠯᠠᠨ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠵᠠᠷᠯᠢᠭ ᠪᠠᠶᠢᠪᠠᠯ ᠵᠠᠪᠠᠯ ᠬᠡᠷᠡᠭᠵᠢᠭᠦᠯᠵᠦ᠂ ᠴᠠᠭᠠᠵᠠ ᠪᠠᠶᠢᠪᠠᠯ ᠵᠠᠪᠠᠯ ᠵᠣᠭᠰᠣᠭᠠᠵᠤ᠂ ᠬᠠᠷᠢᠭᠤᠴᠠᠯᠭ᠎ᠠ ᠲᠠᠢ ᠪᠣᠯ ᠵᠠᠪᠠᠯ ᠡᠭᠦᠷᠭᠡᠯᠡᠵᠦ᠂ ︽ᠳᠥᠷᠪᠡᠨ ᠰᠤᠷᠲᠠᠯ︾᠎ ᠤᠨ ᠬᠠᠯᠳᠠᠪᠤᠷᠢᠯᠠᠯ ᠢᠯᠠᠩᠭᠤᠶ᠎ᠠ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ‌ᠠᠷᠠᠳ ᠤᠨ ᠲᠥᠯᠥᠭᠡ ᠪᠣᠳᠠᠲᠤ ᠠᠵᠢᠯᠯᠠᠭ᠎ᠠ ᠶᠢ ᠡᠷᠬᠢᠮᠯᠡᠬᠦ ᠬᠡᠷᠡᠭᠲᠡᠶ᠃ ᠪᠢ ᠨᠢᠭᠡᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ ᠤᠯᠤᠰ ᠲᠥᠷᠦ ᠶᠢᠨ ᠵᠤᠭᠰᠤᠴᠠ ᠢᠶᠠᠨ ᠳᠡᠭᠡᠭᠰᠢᠯᠡᠭᠦᠯᠵᠦ᠂ ᠲᠦᠷᠦᠭᠦᠯᠡᠨ ᠰᠤᠷᠲᠠᠯ ᠢᠶᠠᠨ ᠬᠤᠪᠢᠷᠠᠭᠤᠯᠵᠤ᠂ ᠶᠡᠭᠡ ᠲᠠᠯ᠎ᠠ᠂ ᠠᠬᠤᠶ ᠪᠠᠶᠢᠳᠠᠯ᠂ ᠣᠷᠭᠢᠯᠤᠮ᠎ᠠ ᠰᠡᠳᠬᠢᠯᠭᠡ ᠲᠠᠢ ᠪᠠᠶᠢᠵᠤ᠂ ᠵᠢᠱᠢᠶᠡᠴᠢ ᠪᠣᠯᠵᠤ᠂ ᠦᠯᠢᠭᠡᠷ ᠳᠠᠭᠤᠷᠢᠶᠠᠯ ᠪᠣᠯᠵᠤ᠂ ᠪᠦᠬᠦ ᠲᠠᠯ᠎ᠠ ᠶᠢᠨ ᠠᠵᠢᠯ ᠶᠢᠨ ᠪᠦᠬᠦ ᠲᠠᠯ᠎ᠠ ᠶᠢᠨ ᠳᠠᠪᠰᠢᠯᠲᠠ ᠶᠢ ᠠᠬᠢᠭᠤᠯᠵᠤ᠂ ᠬᠠᠮᠲᠤᠷᠠᠯ ᠬᠦᠴᠦᠨ ᠤ ᠲᠠᠯ᠎ᠠ ᠪᠠᠷ ᠳᠠᠬᠢᠨ ᠨᠢᠭᠲᠠᠷᠠᠵᠤ᠂ ᠵᠣᠯᠭᠠᠭᠤᠯᠤᠯᠲᠠ ᠶᠢᠨ ᠲᠠᠯ᠎ᠠ ᠪᠠᠷ ᠳᠠᠬᠢᠨ ᠰᠢᠯᠢᠳᠡᠭᠵᠢᠵᠦ᠂ ᠰᠠᠭᠤᠷᠢᠨ ᠳᠡᠭᠡᠷ᠎ᠡ ᠳᠠᠬᠢᠨ ᠪᠠᠲᠤᠵᠢᠵᠤ᠂ ᠢᠮᠠᠭᠲᠠ ᠠᠵᠢᠯ ᠬᠢᠵᠦ ᠤᠶᠢᠯᠡᠰ ᠪᠣᠰᠬᠠᠬᠤ ᠳᠠᠭᠠᠭᠤᠯᠤᠭᠴᠢ ᠪᠣᠯᠬᠤ ᠬᠡᠷᠡᠭᠲᠡᠶ᠃    ᠬᠠᠶᠢᠷᠤᠪ ᠤᠨ ᠲᠣᠬᠤᠢ ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ    ᠶᠤᠸᠠᠨ ᠭᠦᠸᠧ ᠴᠢᠶᠠᠩ      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢᠶᠠᠷ ᠳᠠᠮᠵᠢᠨ᠂ ᠡᠨᠧᠷᠭᠢ ᠶᠢᠨ ᠬᠥᠭᠵᠢᠯᠲᠡ ᠶᠢᠨ ᠲᠤᠬᠠᠶ ᠢᠲᠡᠭᠡᠯ ᠵᠣᠷᠢᠭ ᠢᠶᠠᠨ ᠪᠠᠲᠤᠳᠬᠠᠵᠤ᠂ ᠡᠨᠧᠷᠭᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠬᠥᠭᠵᠢᠯᠲᠡ ᠶᠢᠨ ᠬᠠᠷᠠᠯᠲᠠ ᠪᠣᠯᠤᠨ ᠪᠠᠶᠢᠷᠢ ᠲᠣᠭᠲᠠᠭᠠᠯᠲᠠ ᠶᠢᠨ ᠲᠤᠬᠠᠶ ᠲᠠᠨᠢᠯᠲᠠ ᠪᠠᠨ ᠰᠢᠯᠤᠭᠤᠳᠬᠠᠵᠤ᠂ ᠰᠢᠨ᠎ᠡ ᠶᠢ ᠡᠭᠦᠳᠬᠦ ᠶᠢᠨ ᠴᠢᠬᠤᠯᠠ ᠴᠢᠨᠠᠷ ᠢ ᠤᠯᠠᠮ ᠴᠢᠨᠠᠭᠰᠢᠳᠠ ᠲᠠᠨᠢᠵᠤ᠂ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ ᠲᠡᠤᠬᠡ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡ ᠬᠠᠷᠢᠭᠤᠴᠠᠯᠭ᠎ᠠ ᠶᠢ ᠰᠡᠷᠡᠵᠦ ᠮᠡᠳᠡᠪᠡ᠃ ᠪᠣᠬᠢᠷᠲᠤᠯ ᠦᠭᠡᠢ᠂ ᠣᠷᠴᠢᠨ ᠲᠣᠭᠤᠷᠢᠨ ᠢ ᠬᠠᠮᠠᠭᠠᠯᠠᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠦᠷᠭᠦᠯᠵᠢᠯᠡᠬᠦ ᠴᠢᠨᠠᠷ ᠪᠣᠯ ᠢᠷᠡᠭᠡᠳᠦᠶ ᠶᠢᠨ ᠡᠨᠧᠷᠭᠢ ᠶᠢᠨ ᠠᠵᠢᠯ ᠲᠥᠷᠥᠯ ᠤᠨ ᠬᠥᠭᠵᠢᠯᠲᠡ ᠶᠢᠨ ᠵᠠᠩᠭᠢᠯᠠᠭ᠎ᠠ ᠶᠢᠨ ᠦᠭᠡ ᠮᠥᠨ᠂ ᠠᠷᠢᠭᠤᠨ ᠴᠡᠪᠡᠷ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠠᠮᠤᠷ ᠲᠦᠪᠰᠢᠨ ᠥᠨᠳᠥᠷ ᠪᠦᠲᠦᠮᠵᠢᠲᠡᠶ ᠪᠠᠶᠢᠬᠤ ᠵᠡᠷᠭᠡ ᠨᠠᠢᠮᠠᠨ ᠦᠰᠦᠭ ᠤᠨ ᠤᠳᠬ᠎ᠠ ᠶᠢ ᠤᠯᠠᠮ ᠨᠢᠭᠡ ᠠᠯᠬᠤᠮ ᠣᠶᠢᠯᠭᠠᠬᠤ ᠳᠤ ᠪᠠᠰᠠ ᠮᠠᠨ ᠤ ᠲᠤᠭᠤᠷᠢᠭ ᠤᠨ ᠡᠨᠧᠷᠭᠢ ᠶᠢᠨ ᠪᠦᠲᠦᠴᠡ ᠶᠢᠨ ᠣᠨᠴᠠᠯᠢᠭ ᠲᠠᠢ ᠤᠶᠠᠯᠳᠤᠭᠤᠯᠵᠤ᠂ ᠨᠠᠩ ᠥᠨᠳᠥᠷ ᠨᠠᠩ ᠠᠯᠤᠰ ᠬᠡᠲᠦ ᠶᠢᠨ ᠬᠠᠷᠠᠭᠠᠰᠤ᠂ ᠡᠨᠧᠷᠭᠢ ᠶᠢᠨ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠪᠡ ᠪᠣᠯᠤᠨ ᠪᠠᠶᠢᠷᠢᠰᠢᠭᠤᠯᠤᠯᠲᠠ ᠶᠢᠨ ᠲᠤᠬᠠᠶ ᠪᠣᠳᠣᠯᠬᠢᠯᠠᠬᠤ ᠪᠠ ᠣᠶᠢᠯᠠᠭᠠᠬᠤ ᠴᠢᠬᠤᠯᠠᠲᠠᠶ ᠪᠠᠶᠢᠨ᠎ᠠ᠃ ᠭᠤᠤᠯ ᠰᠡᠳᠦᠪᠲᠦ ᠰᠤᠷᠭᠠᠨ ᠬᠥᠮᠦᠵᠢᠯ ᠢ ᠥᠷᠨᠢᠭᠦᠯᠬᠦ ᠨᠢ ᠠᠰᠠᠭᠤᠳᠠᠯ ᠢ ᠰᠢᠢᠤᠡᠪᠤᠷᠢᠯᠡᠬᠦ ᠶᠢᠨ ᠲᠥᠯᠥᠭᠡ ᠶᠤᠮ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠬᠡᠮᠵᠢᠬᠦ ᠶᠢᠨ ᠵᠠᠩᠭᠢᠯᠠᠭ᠎ᠠ ᠨᠢ ᠠᠰᠠᠭᠤᠳᠠᠯ ᠢ ᠬᠡᠷᠬᠢᠨ ᠰᠢᠢᠳᠪᠦᠷᠢᠯᠡᠬᠦ ᠳᠤ ᠪᠠᠶᠢᠨ᠎ᠠ᠂ ᠡᠨᠡ ᠨᠢ ᠳᠠᠷᠤᠶ ᠪᠢᠳᠡᠨᠦᠰ ᠤᠨ ᠵᠠᠩ ᠠᠭᠠᠰᠢ ᠶᠢ ᠲᠡᠰᠪᠦᠷᠢᠯᠡᠨ᠂ ᠨᠠᠮ ᠵᠢᠮ ᠢ ᠰᠠᠬᠢᠵᠤ᠂ ᠠᠯᠳᠠᠭ᠎ᠠ ᠪᠤᠷᠤᠭᠤ ᠶᠢᠨ ᠡᠮᠦᠨ᠎ᠡ ᠵᠣᠷᠢᠭᠲᠠᠶ ᠪᠠᠷ ᠭᠠᠷ ᠡᠷᠭᠢᠭᠦᠯᠦᠨ᠂ ᠴᠠᠭ ᠲᠤᠬᠠᠶ ᠳᠤᠨᠢ ᠬᠤᠬᠢᠷᠠᠯ ᠢ ᠵᠣᠭᠰᠣᠭᠠᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠬᠡᠷᠡᠭᠲᠡᠶ᠃ ᠥᠪᠡᠷ ᠤᠨ ᠳᠣᠲᠣᠭᠠᠳᠤ ᠰᠡᠳᠬᠢᠯ ᠤᠨ ᠢᠶᠠᠨ ᠲᠣᠭᠲᠠᠭᠠᠭᠰᠠᠨ ᠬᠠᠷᠠᠯᠲᠠ ᠶᠢ ᠰᠢᠨᠲᠠᠷᠠᠰᠢ ᠦᠭᠡᠢ ᠬᠥᠭᠡᠭᠡᠴᠡᠯᠳᠦᠵᠦ᠂ ᠤᠭ ᠰᠠᠨᠠᠭ᠎ᠠ ᠪᠠᠨ ᠲᠠᠰᠤᠷᠠᠯᠲᠠ ᠦᠭᠡᠢ ᠳᠠᠪᠲᠠᠯᠲᠠ ᠶᠢᠨ ᠳᠤᠮᠳᠠ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠵᠣᠷᠢᠭᠲᠠᠶ ᠰᠡᠳᠬᠢᠵᠦ ᠵᠣᠷᠢᠭᠲᠠᠶ ᠬᠢᠨ᠎ᠡ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠤ ᠠᠪᠴᠤ ᠬᠡᠯᠡᠪᠡᠯ᠂ ᠪᠢᠳᠡ ᠶᠠᠭᠤᠨ ᠤ ᠲᠥᠯᠥᠭᠡ ᠨᠠᠮ ᠳᠤ ᠤᠷᠤᠭᠰᠠᠨ ᠪᠤᠢ᠂ ᠨᠠᠮ ᠤᠨ ᠲᠥᠯᠥᠭᠡ ᠶᠠᠭᠤ ᠬᠢᠭᠰᠡᠨ ᠪᠤᠢ᠂ ᠨᠠᠮ ᠪᠣᠯᠤᠨ ᠠᠷᠠᠳ ᠣᠯᠠᠨ ᠤ ᠬᠠᠷᠢᠴᠠᠭ᠎ᠠ ᠪᠣᠯ ︽ᠵᠢᠭᠠᠰᠤ ᠤᠰᠤᠨ ᠤ ᠬᠠᠷᠢᠴᠠᠭ᠎ᠠ︾ ᠮᠥᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠤᠰᠤ ᠶᠢ ᠨᠢ ᠤᠤᠭᠤᠪᠠᠯ ᠡᠬᠢ ᠶᠢ ᠨᠢ ᠮᠠᠷᠲᠠᠬᠤ ᠦᠭᠡᠢ ᠪᠠᠶᠢᠵᠤ᠂ ᠣᠯᠠᠨ ᠲᠦᠮᠡᠨ ᠢ ᠥᠨᠢ ᠡᠭᠦᠷᠢᠳᠡ ᠶᠢᠨ ᠰᠤᠷᠬᠤ ᠪᠢᠴᠢᠭ ᠪᠣᠯᠭᠠᠵᠤ᠂ ᠴᠠᠭ ᠢᠮᠠᠭᠲᠠ ︽ᠠᠷᠠᠳ ᠲᠦᠮᠡᠨ︾ ᠭᠡᠬᠦ ᠡᠨᠡ ᠬᠦ ᠲᠣᠯᠢ ᠶᠢ ᠪᠤᠢ ᠪᠣᠯᠭᠠᠵᠤ᠂ ᠢᠮᠠᠭᠲᠠ ᠮᠠᠷᠲᠠᠵᠤ ᠪᠣᠯᠬᠤ ᠦᠭᠡᠢ᠂ ᠶᠠᠪᠤᠵᠤ‌ᠥᠩᠭᠡᠷᠡᠭᠰᠡᠨ ᠢᠶᠠᠨ ᠮᠠᠷᠲᠠᠵᠤ ᠪᠣᠯᠬᠤ ᠦᠭᠡᠢ᠂ ᠶᠠᠭᠤᠨ ᠳᠤ ᠮᠣᠷᠳᠠᠭᠰᠠᠨ ᠢᠶᠠᠨ ᠮᠠᠷᠲᠠᠵᠤ ᠪᠣᠯᠬᠤ ᠦᠭᠡᠢ᠃ ᠡᠨᠧᠷᠭᠢ ᠶᠢᠨ ᠠᠵᠢᠯ ᠲᠥᠷᠥᠯ ᠤᠨ ᠤᠳᠤᠷᠢᠳᠬᠤ ᠺᠠᠳ᠋ᠷ ᠪᠣᠯᠬᠤ ᠳᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠡᠨᠧᠷᠭᠢ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号