ᠬᠠᠶᠢᠷᠤᠪ ᠤᠨ ᠲᠣᠬᠤᠢ ᠲᠣᠭᠤᠷᠢᠭ ᠬᠤᠲᠠ ᠡᠭᠦᠳᠬᠦ ᠠᠵᠢᠯ ᠶᠢᠨ ᠡᠷᠴᠢᠮ ᠢᠶᠠᠨ ᠴᠢᠩᠭᠠᠷᠠᠭᠤᠯᠵᠤ ᠬᠤᠲᠠ ᠶᠢᠨ ᠠᠷᠠᠳ ᠤᠨ ᠵᠣᠯ ᠵᠢᠷᠭᠠᠯᠲᠤ ᠲᠥᠷᠥᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2019-11-13
     ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠬᠤᠲᠠ ᠶᠢ ᠴᠣᠭᠴᠠᠯᠠᠬᠤ ᠠᠵᠢᠯ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠵᠢᠯ ᠶᠢᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠬᠤᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠪᠰᠢᠨ ᠪᠣᠯᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠴᠥᠮ ᠮᠠᠰᠢ ᠶᠡᠭᠡ ᠳᠡᠭᠡᠭᠰᠢᠯᠡᠯᠲᠡ ᠲᠠᠢ ᠪᠣᠯᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠣᠯᠤᠨ ᠵᠣᠯ ᠵᠢᠷᠭᠠᠯ ᠤᠨ ᠵᠢᠭᠠᠯᠲᠠ ᠲᠤᠭ᠎ᠠ ᠶᠡᠭᠡ ᠬᠡᠮᠵᠢᠶ᠎ᠡ ᠪᠠᠷ ᠳᠡᠭᠡᠭᠰᠢᠯᠡᠵᠡᠶ᠃     ᠬᠠᠶᠢᠷᠤᠪ ᠤᠨ ᠲᠣᠬᠤᠢ ᠲᠣᠭᠤᠷᠢᠭ ᠤᠨ ᠬᠠᠶᠢᠪᠸᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠦᠸᠧ ᠲᠠᠢ ᠵᠢᠶᠠ ᠶᠤᠸᠠᠨ ᠪᠠᠭ᠎ᠠ ᠲᠣᠭᠤᠷᠢᠭ ᠲᠤ᠂ ᠬᠡᠷᠡᠭ ᠡᠷᠬᠢᠯᠡᠬᠦ ᠭᠠᠵᠠᠷ ᠤᠨ ᠠᠵᠢᠯᠲᠠᠳ ᠶᠠᠭ ᠠᠵᠢᠯᠴᠢᠳ ᠲᠠᠢ ᠬᠠᠮᠲᠤ ︽ᠠᠷᠪᠠᠨ ᠲᠠᠪᠤᠨ ᠮᠢᠨᠦ᠋ᠲ ᠤᠨ ᠠᠮᠢᠳᠤᠷᠠᠯ ᠤᠨ ᠲᠣᠭᠤᠷᠢᠭ︾᠎ ᠤᠨ ᠤᠳᠤᠷᠢᠳᠤᠮᠵᠢ ᠶᠢᠨ ᠵᠢᠷᠤᠭ ᠢ ᠡᠯᠭᠦᠵᠦ ᠪᠣᠶ᠃ ᠡᠨᠡ ᠬᠦ ᠤᠳᠤᠷᠢᠳᠤᠮᠵᠢ ᠶᠢᠨ ᠵᠢᠷᠤᠭ ᠲᠤ᠂ ᠡᠮᠨᠡᠯᠭᠡ ᠶᠢᠨ ᠬᠤᠷᠢᠶ᠎ᠠ᠂ ᠳᠥᠭᠦᠮ ᠳᠡᠯᠭᠡᠭᠦᠷ᠂ ᠪᠡᠶ᠎ᠡ ᠶᠢᠨ ᠲᠠᠮᠢᠷ ᠤᠨ ᠲᠠᠯᠠᠪᠤᠷ᠂ ᠨᠡᠶᠢᠭᠡᠮ ᠲᠣᠭᠤᠷᠢᠭ ᠤᠨ ᠠᠮᠤᠷ ᠲᠦᠪᠰᠢᠨ ᠵᠡᠷᠭᠡ ᠣᠯᠠᠨ ᠲᠦᠮᠡᠨ ᠤ ᠠᠮᠢᠳᠤᠷᠠᠯ ᠳᠤ ᠬᠤᠯᠪᠣᠭᠳᠠᠬᠤ ᠲᠠᠯᠠᠪᠤᠷ ᠨᠢ ᠴᠥᠮ ᠮᠠᠰᠢ ᠲᠣᠳᠣᠷᠬᠠᠶ ᠪᠠᠶᠢᠳᠠᠭ᠃ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠳᠤᠷᠢᠳᠤᠮᠵᠢ ᠶᠢᠨ ᠵᠢᠷᠤᠭ ᠢ ᠦᠨᠳᠦᠰᠦᠯᠡᠨ ᠥᠪᠡᠷ ᠤᠨ ᠣᠴᠢᠬᠤ ᠭᠡᠰᠡᠨ ᠭᠠᠵᠠᠷ ᠢᠶᠠᠨ ᠲᠦᠷᠭᠡᠨ ᠡᠷᠢᠵᠦ ᠣᠯᠵᠤ ᠪᠣᠯᠤᠨ᠎ᠠ᠃    ︽ᠠᠷᠪᠠᠨ ᠲᠠᠪᠤᠨ ᠮᠢᠨᠦ᠋ᠲ ᠤᠨ ᠠᠮᠢᠳᠤᠷᠠᠯ ᠤᠨ ᠬᠦᠷᠢᠶ᠎ᠡ︾᠎ ᠶᠢᠨ ᠤᠳᠤᠷᠢᠳᠤᠮᠵᠢ ᠵᠢᠷᠤᠭ ᠪᠣᠯ ᠬᠠᠶᠢᠷᠤᠪ ᠤᠨ ᠲᠤᠬᠤᠢ ᠲᠣᠭᠤᠷᠢᠭ ᠤᠨ ᠬᠤᠲᠠ ᠴᠣᠭᠴᠠᠯᠠᠬᠤ ᠨᠠᠷᠢᠯᠢᠬᠵᠢᠭᠤᠯᠤᠭᠰᠠᠨ ᠠᠵᠢᠯ ᠶᠢᠨ ᠳᠤᠮᠳᠠᠬᠢ ᠨᠢᠭᠡ ᠵᠦᠢᠯ ᠤᠨ ᠠᠷᠭ᠎ᠠ ᠬᠡᠮᠵᠢᠶ᠎ᠡ ᠪᠣᠯᠤᠨ᠎ᠠ᠃    ᠡᠭᠦᠨ ᠤ ᠳᠤ ᠬᠠᠮᠲᠤ᠂ ᠬᠠᠶᠢᠷᠤᠪ ᠤᠨ ᠲᠣᠬᠤᠢ ᠲᠣᠭᠤᠷᠢᠭ ᠨᠢ ᠬᠥᠳᠡᠭᠡ ᠠᠵᠤ ᠠᠬᠤᠶ ᠠᠷᠠᠯᠵᠢᠶ᠎ᠠ ︵ᠴᠤᠭᠯᠠᠭ᠎ᠠ ᠮᠠᠶᠢᠮᠠᠶ︶᠎ ᠶᠢᠨ ᠵᠠᠬ᠎ᠠ ᠳᠡᠯᠭᠡᠭᠦᠷ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠢᠯ ᠲᠥᠷᠥᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠨᠠᠷᠢᠯᠢᠭᠵᠢᠭᠰᠠᠨ᠂ ᠵᠢᠷᠤᠮᠵᠢᠭᠰᠠᠨ᠂ ᠰᠦᠯᠵᠢᠶᠡᠵᠢᠭᠰᠡᠨ ᠪᠠ ᠲᠣᠭᠠᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠶᠢᠨ ᠬᠦᠴᠢᠷᠳᠡᠯ ᠪᠠ ᠡᠪᠡᠷᠰᠢᠶᠡᠯ ᠢ ᠪᠦᠬᠦ ᠬᠦᠴᠦᠨ ᠢᠶᠠᠷ ᠰᠢᠢᠤᠡᠪᠤᠷᠢᠯᠡᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ᠬᠠᠶᠢᠷᠤᠪ ᠤᠨ ᠲᠣᠬᠤᠢ ᠲᠣᠭᠤᠷᠢᠭ ᠪᠠᠰᠠ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠬᠤ᠂ ᠪᠠᠶᠢᠩᠭᠤ ᠶᠢᠨ ᠤᠷᠲᠤ ᠬᠤᠭᠤᠴᠠᠭᠠᠨ ᠤ ᠪᠦᠲᠦᠮᠵᠢᠲᠡᠶ ᠠᠵᠢᠯᠯᠠᠬᠤ ᠠᠷᠭ᠎ᠠ ᠶᠢ ᠬᠡᠷᠡᠭᠵᠢᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠳ᠋ᠦᠩᠨᠡᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠠᠷ ᠳᠠᠮᠵᠢᠨ᠂ ᠪᠠᠶᠢᠩᠭᠤᠵᠢᠭᠰᠠᠨ᠂ ᠳᠣᠲᠣᠭᠠᠳᠤ ᠠᠭᠤᠯᠤᠭᠳᠠᠬᠤᠨ ᠤ ᠬᠡᠯᠪᠡᠷᠢ ᠪᠠᠷ ᠡᠭᠦᠳᠦᠨ ᠪᠠᠶᠢᠭᠤᠯᠬᠤ ᠠᠵᠢᠯ ᠶᠢᠨ ᠲᠣᠭᠲᠠᠴᠠ ᠶᠢ ᠪᠦᠷᠢᠯᠳᠦᠭᠦᠯᠵᠡᠶ᠃ ᠬᠤᠲᠠ ᠶᠢᠨ ᠠᠷᠠᠳ ᠤᠨ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠬᠠᠶᠢᠷᠤᠪ ᠤᠨ ᠲᠣᠬᠤᠢ ᠲᠣᠭᠤᠷᠢᠭ ᠨᠢ ᠨᠤᠷᠠᠭᠠᠵᠤ ᠨᠡᠭᠦᠯᠭᠡᠬᠦ ᠪᠤᠰᠤ ᠣᠷᠣᠨ ᠪᠦᠰᠡ ᠶᠢᠨ ᠭᠡᠷ ᠪᠠᠶᠢᠰᠢᠩ ᠲᠡᠭᠰᠢᠯᠡᠭᠰᠡᠨ ᠲᠣᠭᠤᠷᠢᠭ ᠢ ᠥᠭᠡᠷᠡᠴᠢᠯᠡᠬᠦ᠂ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ᠂ ᠵᠠᠮ ᠢ ᠥᠭᠡᠷᠡᠴᠢᠯᠡᠬᠦ᠂ ᠵᠠᠬ᠎ᠠ ᠳᠡᠯᠭᠡᠭᠦᠷ ᠢ ᠳᠡᠭᠡᠭᠰᠢᠯᠡᠭᠦᠯᠦᠨ ᠥᠭᠡᠷᠡᠴᠢᠯᠡᠬᠦ᠂ ᠤᠰᠤᠨ ᠴᠥᠭᠦᠷᠥᠮ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠬᠤᠲᠠ ᠶᠢᠨ ᠣᠯᠠᠨ ᠨᠡᠶᠢᠲᠡ ᠶᠢᠨ ᠤᠶᠢᠯᠡᠴᠢᠯᠡᠭᠡᠨ ᠤ ᠪᠦᠷᠬᠦᠴᠡ ᠶᠢᠨ ᠬᠡᠪᠴᠢᠶ᠎ᠡ ᠶᠢ ᠢᠯᠡᠳᠲᠡ ᠥᠷᠭᠡᠳᠬᠡᠵᠦ᠂ ᠬᠤᠲᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠣᠯᠠᠨ ᠳᠤ ᠨᠠᠩ ᠢᠯᠡᠭᠦᠤ ᠬᠦᠷᠲᠡᠭᠡᠵᠦ᠂ ᠠᠷᠠᠳ ᠣᠯᠠᠨ ᠤ ᠠᠮᠢᠳᠤᠷᠠᠯ ᠤᠨ ᠣᠷᠴᠢᠨ ᠨᠥᠬᠦᠴᠡᠯ ᠢ ᠶᠡᠭᠡ ᠪᠠᠷ ᠰᠠᠶᠢᠵᠢᠷᠠᠭᠤᠯᠪᠠ᠃    ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠰᠢᠯᠭᠠᠨ ᠦᠨᠡᠯᠡᠬᠦ ᠭᠦᠢᠴᠠᠤᠡᠭᠡᠯ ᠲᠤᠭ᠎ᠠ ᠶᠢᠨ ᠱᠠᠭᠠᠷᠳᠠᠯᠭ᠎ᠠ ᠶᠢ ᠴᠢᠩᠭ᠎ᠠ ᠬᠠᠷᠭᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠠᠵᠢᠯ ᠶᠢᠨ ᠬᠠᠷᠢᠭᠤᠴᠠᠯᠭ᠎ᠠ ᠪᠠᠨ ᠪᠠᠲᠤᠳᠬᠠᠵᠤ᠂ ᠠᠷᠠᠳ ᠤᠨ ᠲᠥᠯᠥᠭᠡ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ᠂ ᠲᠡᠤᠬᠡ ᠶᠢᠨ ᠡᠭᠦᠷᠭᠡᠯᠡᠯ ᠢ ᠴᠢᠩᠭᠠᠳᠬᠠᠵᠤ᠂ ᠪᠠᠭ᠎ᠠ ᠶᠠᠪᠤᠳᠠᠯ᠂ ᠨᠠᠷᠢᠨ ᠵᠤᠶᠢᠯᠡᠰ ᠢ ᠨᠠᠷᠢᠯᠢᠭ ᠬᠢᠵᠦ᠂ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠨᠡᠮᠡᠭᠳᠡᠭᠦᠯᠦᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号