﹇ᠤᠭ ᠪᠦᠲᠤᠭᠡᠯ ᠢ ᠤᠩᠰᠢᠵᠤ᠂ ᠤᠣᠯ ᠵᠤᠬᠢᠶᠠᠯ ᠢ ᠰᠤᠷᠤᠯᠴᠠᠵᠤ᠂ ᠤᠭ ᠶᠤᠰᠤ ᠶᠢ ᠤᠶᠢᠯᠭᠠᠬᠤ﹈ ᠬᠠᠶᠢᠷᠤᠪ ᠤᠨ ᠲᠣᠬᠤᠢ ᠲᠣᠭᠤᠷᠢᠭ ᠤᠨ ᠰᠠᠯᠠᠭᠠᠨ ᠤ ᠲᠡᠰ ᠤᠨ ᠤᠳᠤᠷᠢᠳᠬᠤ ᠺᠠᠳ᠋ᠷᠴᠤᠳ ᠢ ᠲᠤᠰᠬᠠᠶᠢᠯᠠᠨ ᠰᠤᠷᠪᠤᠯᠵᠢᠯᠠᠭᠰᠠᠨ ᠨᠢ ︵ᠵᠢᠷᠭᠤᠭ᠎ᠠ︶
ᠨᠡᠶᠢᠲᠡᠯᠡᠭᠰᠡᠨ ᠴᠠᠭ᠄
2019-11-14
     ᠬᠠᠶᠢᠷᠤᠪ ᠤᠨ ᠲᠣᠬᠤᠢ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ   ᠯᠢ ᡁᠢ ᠭᠠᠩ      ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠢ ︽ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠶᠡᠷᠦᠩᠬᠡᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ ᠭᠡᠰᠢᠭᠦᠨ ᠤᠳᠤᠷᠢᠳᠬᠤ ᠺᠠᠳ᠋ᠷ ᠲᠦᠷᠦᠭᠦᠯᠡᠨ ᠬᠢᠬᠦ᠂ ᠳᠠᠭᠠᠭᠤᠯᠬᠤ᠂ ᠳᠠᠶᠢᠴᠢᠯᠠᠬᠤ ᠤᠶᠢᠯᠡᠳᠤᠯ ᠢ ᠭᠦᠢᠴᠠᠤᠡ ᠪᠠᠳᠠᠷᠠᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠳᠡᠭᠡᠭᠰᠢᠯᠡᠭᠦᠯᠬᠦ᠂ ᠦᠨᠡᠨ ᠪᠣᠳᠠᠲᠠᠶ ᠬᠥᠭᠵᠢᠯᠲᠡ ᠶᠢ ᠣᠯᠬᠤ ᠳᠤ ᠥᠪᠡᠷ ᠤᠨ ᠨᠢᠭᠡ ᠬᠤᠪᠢ ᠬᠦᠴᠦᠨ ᠴᠢᠳᠠᠯ ᠢᠶᠠᠨ ᠡᠷᠭᠦᠪᠡ᠃      ᠲᠠᠷᠠᠭᠠᠴᠢ ᠶᠢᠨ ᠠᠯᠬᠤᠮ ᠳᠤ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠭᠤᠤᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠬᠦ ᠪᠠᠷ ᠠᠴᠢᠶᠠᠯᠠᠪᠤᠷᠢ ᠪᠣᠯᠭᠠᠵᠤ᠂ ᠤᠯᠤᠰ ᠲᠥᠷᠥ ᠵᠢᠨ‌ᠵᠤᠭᠰᠤᠯᠲᠠ ᠢᠶᠠᠨ ᠴᠢᠩᠭᠠᠳᠬᠠᠨ᠂ ᠬᠡᠷᠡᠭᠵᠢᠭᠦᠯᠦᠯᠲᠡ ᠶᠢ ᠠᠳᠬᠤᠬᠤ ᠃ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠡᠪ ᠤᠨ ᠪᠠᠶᠢᠳᠠᠯ ᠢ ᠠᠳᠬᠤᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠳᠠᠭᠠᠭᠤᠯᠬᠤ ᠶᠢ ᠠᠳᠬᠤᠬᠤ ᠬᠡᠷᠡᠭᠲᠡᠶ︔ᠰᠠᠬᠢᠯᠭ᠎ᠠ ᠪᠠᠲᠤ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠪᠠᠲᠤᠯᠠᠭ᠎ᠠ ᠶᠢ ᠠᠳᠬᠤᠬᠤ ᠬᠡᠷᠡᠭᠲᠡᠶ︔ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ︽ᠲᠠᠪᠤ ᠶᠢ ᠬᠦᠴᠦᠷᠬᠡᠭᠵᠢᠭᠦᠯᠦᠨ ᠲᠠᠪᠤ ᠶᠢ ᠠᠳᠬᠤᠬᠤ︾ ᠠᠵᠢᠯ ᠶᠢᠨ ᠠᠷᠭ᠎ᠠ ᠬᠡᠮᠵᠢᠶ᠎ᠡ ᠶᠢ ᠠᠳᠬᠤᠵᠤ᠂ ᠨᠠᠮ ᠤᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ ᠬᠥᠭᠵᠢᠯᠲᠡ ᠶᠢ ᠠᠬᠢᠭᠤᠯᠵᠤ᠂ ᠠᠵᠢᠯ ᠶᠢᠨ ᠠᠮᠵᠢᠯᠲᠠ ᠪᠠᠷ ᠤᠯᠤᠰ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠬᠦᠷᠭᠡᠵᠦ᠂ ᠪᠦᠬᠦ ᠵᠢᠯ ᠤᠨ ᠡᠯ᠎ᠡ ᠵᠤᠶᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ᠃       ︵ᠨᠢᠭᠡ︶ ᠤᠳᠤᠷᠢᠳᠤᠯᠭ᠎ᠠ ᠲᠦᠷᠦᠭᠦᠯᠡᠨ ᠬᠢᠬᠦ ᠶᠢ ᠪᠠᠷᠢᠮᠲᠠᠯᠠᠬᠤ ᠬᠡᠷᠡᠭᠲᠡᠶ᠃ ᠨᠠᠮ ᠤᠨ ᠭᠡᠰᠢᠭᠦᠨ ᠤᠳᠤᠷᠢᠳᠬᠤ ᠺᠠᠳ᠋ᠷ ᠭᠡᠬᠦ ᠡᠨᠡᠬᠦ ᠵᠠᠩᠭᠢᠯᠠᠭ᠎ᠠ ᠶᠢᠨ ᠴᠥᠭᠡᠨ ᠲᠣᠭᠠᠲᠠᠨ ᠢ ᠠᠳᠬᠤᠵᠤ᠂ ᠤᠳᠤᠷᠢᠳᠬᠤ ᠺᠠᠳ᠋ᠷ ᠤᠨ ᠡᠮᠦᠨ᠎ᠡ ᠨᠢ ᠶᠠᠪᠤᠵᠤ᠂ ᠭᠦᠨᠵᠡᠭᠡᠶ ᠰᠤᠷᠤᠯᠴᠠᠬᠤ ᠶᠢ ᠠᠬᠢᠭᠤᠯᠬᠤ ᠬᠡᠷᠡᠭᠲᠡᠶ᠃ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠡᠩ ᠤᠨ ᠨᠠᠮ ᠤᠨ ᠭᠡᠰᠢᠭᠦᠨ ᠤ ᠬᠤᠪᠢ ᠪᠠᠷ ᠥᠪᠡᠷ ᠤᠨ ᠪᠠᠶᠢᠭ᠎ᠠ ᠨᠠᠮ ᠤᠨ ᠡᠭᠦᠷ ᠤᠨ ᠢᠶᠠᠨ ᠬᠤᠷᠠᠯ ᠳᠤ ᠣᠷᠣᠯᠴᠠᠬᠤ ᠶᠢ ᠴᠢᠩᠭ᠎ᠠ ᠰᠢᠪᠠᠳᠠᠵᠤ᠂ ᠨᠠᠮ ᠤᠨ ᠭᠡᠰᠢᠭᠦᠳ ᠲᠠᠢ ᠬᠠᠮᠲᠤ ᠪᠠᠷ ᠰᠤᠷᠤᠯᠴᠠᠨ ᠶᠠᠷᠢᠯᠴᠠᠵᠤ᠂ ᠰᠢᠷᠢᠰ ᠶᠠᠷᠢᠶ᠎ᠠ ᠶᠢ ᠰᠤᠷᠤᠯᠴᠠᠭᠰᠠᠨ ᠣᠯᠤᠯᠲᠠ ᠪᠠ ᠲᠥᠷᠥᠭᠳᠡᠯ ᠢᠶᠠᠨ ᠲᠦᠷᠦᠭᠦᠯᠡᠨ ᠶᠠᠷᠢᠬᠤ ᠬᠡᠷᠡᠭᠲᠡᠶ᠃ ᠨᠠᠮ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠬᠠᠮᠲᠤ ᠪᠠᠷ ᠰᠤᠷᠤᠯᠴᠠᠵᠤ᠂ ᠬᠠᠮᠲᠤ ᠪᠠᠷ ᠶᠠᠷᠢᠯᠴᠠᠵᠤ᠂ ᠣᠯᠤᠯᠲᠠ ᠲᠥᠷᠥᠭᠳᠡᠯ ᠪᠠ ᠤᠶᠢᠯᠡᠳᠤᠯᠭᠡ ᠬᠢᠬᠦ ᠠᠷᠭ᠎ᠠ ᠬᠢᠳᠡᠯ ᠢ ᠬᠠᠮᠲᠤ ᠪᠠᠷ ᠶᠠᠷᠢᠯᠴᠠᠵᠤ᠂ ᠳᠠᠭᠠᠭᠤᠯᠤᠨ ᠰᠤᠷᠤᠯᠴᠠᠵᠤ ᠰᠤᠷᠤᠯᠭ᠎ᠠ ᠶᠢ ᠠᠬᠢᠭᠤᠯᠬᠤ ᠤᠶᠢᠯᠡᠳᠤᠯ ᠢ ᠭᠦᠢᠴᠠᠤᠡ ᠪᠠᠳᠠᠷᠠᠭᠤᠯᠬᠤ ᠬᠡᠷᠡᠭᠲᠡᠶ᠃      ︵ᠬᠤᠶᠠᠷ︶ ᠰᠤᠷᠤᠯᠴᠠᠬᠤ ᠬᠡᠯᠪᠡᠷᠢ ᠶᠢᠨ ᠰᠢᠨ᠎ᠡ ᠶᠢ ᠡᠭᠦᠳᠦᠨ᠎ᠡ᠃ ᠨᠢᠭᠡ ᠳᠤ ᠤᠳᠤᠷᠢᠳᠬᠤ ᠺᠠᠳ᠋ᠷᠴᠤᠳ ᠤᠨ ᠨᠣᠮ ᠤᠩᠰᠢᠬᠤ ᠠᠩᠭᠢ ᠶᠢ ᠡᠷᠬᠢᠯᠡᠪᠡ᠃ ᠪᠦᠬᠦ ᠨᠠᠮ ᠤᠨ ᠭᠡᠰᠢᠭᠦᠨ ᠺᠠᠳ᠋ᠷ ᠢ ᠵᠣᠬᠢᠶᠠᠨ ᠪᠠᠶᠢᠭᠤᠯᠵᠤ ᠤᠭ ᠵᠣᠬᠢᠶᠠᠯ ᠢ ᠨᠢ ᠰᠤᠷᠤᠯᠴᠠᠭᠤᠯᠵᠤ᠂ ᠤᠭ ᠵᠣᠬᠢᠶᠠᠯ ᠢ ᠨᠢ ᠤᠩᠰᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠡᠨᠬᠦ ᠲᠠᠷᠢᠬᠢ ᠲᠣᠯᠣᠭᠠᠶ ᠪᠠᠨ ᠵᠡᠪᠰᠡᠭᠯᠡᠵᠦ᠂ ᠤᠶᠢᠯᠡᠳᠤᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠪᠠ᠃ ᠬᠤᠶᠠᠷ ᠲᠤ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠶᠢ ᠥᠷᠨᠢᠭᠦᠯᠪᠡ᠃ ᠲᠤᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠥᠷᠨᠢᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠭᠡᠷᠡᠯ ᠰᠠᠴᠤᠷᠠᠩᠭᠤᠶ ᠲᠡᠤᠬᠡᠨ ᠶᠠᠪᠤᠴᠠ ᠶᠢ ᠭᠤᠤᠯᠳᠠᠯᠭ᠎ᠠ ᠲᠠᠢ ᠤᠬᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠬᠥᠲᠥᠯᠥᠨ ᠵᠢᠯᠣᠭᠤᠳᠪᠠ᠃      ︵ᠭᠤᠷᠪᠠ︶ ᠬᠤᠶᠠᠷ ᠢ ᠰᠤᠷᠤᠯᠴᠠᠵᠤ ᠨᠢᠭᠡ ᠶᠢ ᠬᠢᠬᠦ ᠲᠠᠢ ᠤᠶᠠᠯᠳᠤᠭᠤᠯᠤᠨ᠎ᠠ᠃ ︽ᠬᠤᠶᠠᠷ ᠢ ᠰᠤᠷᠤᠯᠴᠠᠵᠤ ᠨᠢᠭᠡ ᠶᠢ ᠬᠢᠬᠦ︾ ᠰᠤᠷᠤᠯᠴᠠᠯᠭ᠎ᠠ ᠬᠥᠮᠦᠵᠢᠯ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠠᠭᠤᠷᠢ ᠴᠢᠨᠠᠷᠲᠠᠶ ᠢᠨᠵᠧᠨᠧᠷᠢᠩ ᠮᠥᠨ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠤᠯᠤᠰ ᠲᠥᠷᠦ ᠶᠢᠨ ᠡᠭᠦᠷᠭᠡ ᠮᠥᠨ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯ ︽ᠬᠤᠶᠠᠷ ᠢ ᠰᠤᠷᠤᠯᠴᠠᠵᠤ ᠨᠢᠭᠡ ᠶᠢ ᠬᠢᠬᠦ︾ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠯ ᠪᠠ ᠦᠷᠭᠦᠯᠵᠢᠯᠡᠯ ᠪᠣᠯᠤᠨ᠎ᠠ᠃ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠣᠯᠤᠨ︽ᠬᠤᠶᠠᠷ ᠢ ᠰᠤᠷᠤᠯᠴᠠᠵᠤ ᠨᠢᠭᠡ‌‍ᠶᠢ ᠬᠢᠬᠦ︾ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠳᠦᠷᠢᠮᠵᠢᠭᠦᠯᠬᠦ ᠲᠠᠢ ᠤᠶᠠᠯᠳᠤᠭᠤᠯᠵᠤ᠂ ᠵᠣᠬᠢᠬᠤ ᠬᠡᠮᠵᠢᠶᠡᠨ ᠳᠤ ᠴᠠᠭ ᠪᠣᠯᠤᠨ ᠡᠬᠢ ᠪᠠᠶᠠᠯᠢᠭ ᠢ ᠠᠷᠪᠢᠯᠠᠬᠤ ᠨᠢ ᠨᠠᠮ ᠤᠨ ᠭᠡᠰᠢᠭᠦᠨ ᠺᠠᠳ᠋ᠷᠴᠤᠳ ᠤᠨ ᠰᠤᠷᠤᠯᠴᠠᠯᠭ᠎ᠠ ᠶᠢᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠰᠢᠭᠲᠠᠢ ᠶᠤᠮ᠃      ᠬᠠᠶᠢᠷᠤᠪ ᠤᠨ ᠲᠣᠬᠤᠢ ᠲᠣᠭᠤᠷᠢᠭ ᠤᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠣᠪᠴᠢᠶᠠᠨ ᠤ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ   ᠹᠠᠩ ᠶᠤᠸᠠᠢ ᠵᠢᠤᠢ    ᠭᠤᠤᠯ ᠰᠡᠳᠦᠪᠲᠦ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠪᠢ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠢᠳᠡᠪᠬᠢᠲᠡᠢ ᠤᠶᠢᠯᠡᠳᠤᠯᠭᠡᠵᠢᠭᠦᠯᠵᠤ᠂ ᠤᠭ ᠰᠠᠨᠠᠭ᠎ᠠ ᠪᠠᠨ ᠪᠠᠷᠢᠮᠲᠠᠯᠠᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠵᠥᠷᠢᠶ᠎ᠡ ᠪᠠᠨ ᠡᠷᠢᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ ᠶᠡᠷᠦᠩᠬᠡᠶ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ᠰᠤᠷᠤᠯᠴᠠᠯᠭ᠎ᠠ ᠬᠥᠮᠦᠵᠢᠯ᠂ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ ᠪᠠ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠢᠮᠠᠭᠲᠠ ᠭᠤᠤᠯ ᠰᠡᠳᠦᠪᠲᠦ ᠬᠥᠮᠦᠵᠢᠯ ᠤᠨ ᠪᠦᠬᠦ ᠶᠠᠪᠤᠴᠠ ᠳᠤ ᠲᠤᠣᠱᠯᠠᠭᠤᠯᠪᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠲᠣᠭᠲᠠᠭᠠᠭᠰᠠᠨ ᠭᠤᠤᠯ ᠰᠡᠳᠦᠪᠲᠦ ᠬᠥᠮᠦᠵᠢᠯ ᠤᠨ ᠲᠥᠰᠦᠯ ᠵᠢᠴᠢ ᠰᠤᠷᠤᠯᠴᠠᠯᠭ᠎ᠠ ᠶᠢᠨ ᠲᠥᠯᠥᠪᠯᠡᠭᠡ ᠶᠣᠰᠣᠭᠠᠷ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠲᠥᠪᠯᠡᠷᠡᠭᠦᠯᠦᠨ ᠪᠣᠯᠪᠠᠰᠤᠷᠠᠭᠤᠯᠵᠤ ᠰᠤᠷᠤᠯᠴᠠᠭᠤᠯᠤᠭᠰᠠᠨ ᠰᠠᠭᠤᠷᠢᠨ ᠳᠡᠭᠡᠷ᠎ᠡ ᠰᠠᠶᠢᠲᠤᠷ ᠬᠢᠵᠦ᠂ ᠨᠠᠮ ᠤᠨ ᠭᠡᠷᠡᠯ ᠰᠠᠴᠤᠷᠠᠩᠭᠤᠶ ᠲᠡᠤᠬᠡ ᠠᠴᠠ ᠲᠠᠰᠤᠷᠠᠯᠲᠠ ᠦᠭᠡᠢ ᠤᠷᠤᠭᠰᠢᠯᠠᠬᠤ ᠬᠥᠳᠡᠯᠭᠡᠬᠦ ᠬᠦᠴᠦᠨ ᠢ ᠰᠢᠩᠭᠡᠭᠡᠨ ᠠᠪᠤᠪᠠ᠃ ᠰᠤᠷᠤᠯᠴᠠᠬᠤ ᠶᠠᠪᠤᠴᠠ ᠳᠤ ᠨᠠᠮ ᠤᠨ ᠳᠦᠷᠢᠮ ᠲᠠᠢ ᠬᠠᠷᠢᠴᠠᠭᠤᠯᠵᠤ᠂ ᠲᠣᠰ ᠪᠡᠶ᠎ᠡ ᠶᠢᠨ ᠣᠷᠣᠰᠢᠵᠤ ᠪᠠᠶᠢᠭ᠎ᠠ ᠠᠰᠠᠭᠤᠳᠠᠯ ᠢᠶᠠᠨ ᠪᠠᠶᠢᠴᠠᠭᠠᠨ ᠦᠵᠡᠵᠦ᠂ ᠪᠠᠭ ᠤᠨ ᠪᠦᠷᠢᠯᠳᠦᠬᠦᠨ ᠢᠶᠠᠨ ᠳᠠᠭᠠᠭᠤᠯᠤᠨ ᠨᠡᠶᠢᠭᠡᠮ ᠲᠣᠭᠤᠷᠢᠭ ᠲᠤ ᠬᠦᠷᠴᠦ ᠰᠤᠷᠪᠤᠯᠵᠢᠯᠠᠨ᠂ ᠪᠠᠶᠢᠴᠠᠭᠠᠨ ᠰᠤᠳᠤᠯᠤᠯᠲᠠ ᠬᠢᠵᠦ᠂ ᠠᠰᠠᠭᠤᠳᠠᠯ ᠢ ᠢᠯᠡᠷᠡᠭᠦᠯᠬᠦ ᠶᠢᠨ ᠬᠠᠮᠲᠤ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ ᠰᠠᠶᠢᠲᠤᠷ ᠬᠢᠨ᠎ᠡ᠃        ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯ ᠣᠯᠠᠨ ᠲᠦᠮᠡᠨ ᠤ ᠠᠮᠢᠳᠤᠷᠠᠯ ᠢ ᠬᠠᠮᠤᠭ ᠠᠴᠠ ᠢᠯᠡᠭᠦᠤ ᠣᠶᠢᠯᠠᠭᠠᠬᠤ᠂ ᠠᠷᠠᠳ ᠣᠯᠠᠨ ᠤ ᠵᠣᠪᠠᠭᠤᠷᠢ ᠵᠦᠳᠡᠭᠦᠷᠢ ᠶᠢ ᠬᠠᠮᠤᠭ ᠠᠴᠠ ᠢᠯᠡᠭᠦᠤ ᠣᠶᠢᠯᠠᠭᠠᠬᠤ ᠠᠵᠢᠯ ᠤᠨ ᠰᠠᠯᠠᠭ᠎ᠠ ᠮᠥᠴᠢᠷ ᠮᠥᠨ᠂ ᠪᠢ ᠨᠢᠭᠡᠨ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ ᠡᠷᠬᠡᠪᠰᠢ ᠨᠠᠮ ᠤᠨ ᠵᠣᠷᠢᠯᠲᠠ ᠶᠢ ᠪᠠᠲᠤ ᠴᠡᠭᠡᠵᠢᠯᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ ᠶᠢ ᠥᠪᠡᠷ ᠤᠨ ᠡᠷᠢᠯ ᠬᠥᠭᠡᠭᠡᠴᠡᠯᠳᠦᠯ ᠪᠠ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠠᠨ ᠪᠣᠯᠭᠠᠵᠤ᠂ ᠣᠯᠠᠨ ᠲᠦᠮᠡᠨ ᠤ ᠲᠥᠯᠥᠭᠡ ᠦᠨᠡᠨ ᠪᠣᠳᠠᠲᠠᠶ ᠪᠠᠷ ᠵᠢᠳᠬᠦᠵᠦ᠂ ᠰᠠᠶᠢᠨ ᠶᠠᠪᠤᠳᠠᠯ ᠬᠢᠵᠦ᠂ ᠦᠨᠡᠨ ᠰᠡᠳᠬᠢᠯ ᠠᠴᠠ ᠪᠠᠨ ᠠᠷᠠᠳ ᠲᠦᠮᠡᠨ ᠳᠤ ᠤᠶᠢᠯᠡᠴᠢᠯᠡᠬᠦ ᠡᠨᠡ ᠬᠦ ᠵᠣᠷᠢᠯᠲᠠ ᠶᠢ ᠮᠠᠷᠲᠠᠵᠤ ᠪᠣᠯᠬᠤ ᠦᠭᠡᠢ᠂ ᠵᠣᠪᠠᠭᠤᠷᠢ ᠵᠦᠳᠡᠭᠦᠷᠢ ᠶᠢ ᠤᠷᠢᠳᠠᠪᠠᠷ ᠠᠮᠰᠠᠵᠤ᠂ ᠵᠣᠯ ᠵᠢᠷᠭᠠᠯ ᠢ ᠬᠤᠶᠢᠨ᠎ᠠ ᠨᠢ ᠡᠳ᠋ᠯᠡᠬᠦ ᠡᠨᠡ ᠬᠦ ᠵᠠᠷᠴᠢᠮ ᠢ ᠬᠤᠪᠢᠷᠠᠭᠤᠯᠵᠤ ᠪᠣᠯᠬᠤ ᠦᠭᠡᠢ᠃ ︽ᠬᠤᠣᠰ ᠬᠤᠲᠠ ᠶᠢ ᠡᠭᠦᠤᠡᠬᠦ︾ ᠠᠵᠢᠯ ᠳᠤᠮᠳᠠ᠂ ᠪᠢ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠺᠠᠳ᠋ᠷ ᠢ ᠳᠠᠭᠠᠭᠤᠯᠤᠨ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠬᠤ ᠤᠶᠢᠯᠡᠳᠤᠯ ᠢᠶᠠᠨ ᠪᠠᠳᠠᠷᠠᠭᠤᠯᠵᠤ᠂ ᠠᠳᠠᠯ ᠠᠬᠤᠢ ᠶᠢᠨ ᠵᠢᠵᠢᠭ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠪᠠ ᠵᠡᠭᠡᠯᠢ ᠭᠤᠳᠤᠮᠵᠢ ᠶᠢᠨ ᠠᠷᠤ ᠲᠠᠯ᠎ᠠ ᠶᠢᠨ ᠵᠢᠵᠢᠭ ᠭᠤᠳᠤᠮᠵᠢ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠪᠠᠶᠢᠴᠠᠭᠠᠨ ᠰᠤᠳᠤᠯᠵᠤ᠂ ᠡᠯ᠎ᠡ ᠨᠡᠶᠢᠭᠡᠮ ᠲᠣᠭᠤᠷᠢᠭ ᠤᠨ ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠳᠤ ᠲᠥᠯᠥᠪᠵᠢᠭᠦᠯᠵᠦ᠂ ᠵᠡᠭᠡᠯᠢ ᠭᠤᠳᠤᠮᠵᠢ ᠶᠢᠨ ᠪᠦᠬᠦ ᠠᠵᠢᠯᠲᠠᠨ ᠪᠠ ᠨᠡᠶᠢᠭᠡᠮ ᠲᠣᠭᠤᠷᠢᠭ ᠤᠨ ᠳᠣᠤᠷ᠎ᠠ᠂ ᠨᠣᠭᠤᠭᠠᠨ ᠭᠠᠵᠠᠷ ᠢ ᠬᠤᠪᠢ ᠎ ᠢᠶᠠᠷ ᠢᠶᠠᠨ ᠡᠵᠡᠯᠡᠵᠦ᠂ ᠬᠤᠪᠢ ᠢᠶᠠᠷ ᠢᠶᠠᠨ ᠳᠤᠷ᠎ᠠ ᠪᠠᠷ ᠢᠶᠠᠨ ᠪᠠᠶᠢᠭᠤᠯᠵᠤ ᠪᠠᠶᠢᠭᠰᠠᠨ 294 ᠰᠠᠭᠤᠷᠢ ᠭᠠᠵᠠᠷ ᠢ ᠴᠡᠪᠡᠷᠯᠡᠵᠦ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠲᠠᠯᠠᠪᠠᠢ ᠶᠢ ᠨᠡᠶᠢᠲᠡ 2800 ᠲᠡᠭᠰᠢ ᠳᠥᠷᠪᠡᠯᠵᠢᠨ ᠮᠧᠲᠷ ᠨᠤᠷᠠᠭᠠᠪᠠ︔ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠱᠢ ᠴᠧᠩ ᠨᠡᠶᠢᠭᠡᠮ ᠲᠣᠭᠤᠷᠢᠭ᠂ ᠵᠢᠶᠠ ᠶᠤᠸᠠᠨ ᠨᠡᠶᠢᠭᠡᠮ ᠲᠣᠭᠤᠷᠢᠭ᠂ ᠳ᠋ᠦᠩ ᠱᠠᠨ ᠤ ᠬᠤᠶᠢᠲᠤ ᠨᠡᠶᠢᠭᠡᠮ ᠲᠣᠭᠤᠷᠢᠭ ᠤᠨ ᠵᠠᠮ ᠎ ᠢ ᠵᠠᠰᠠᠨ ᠴᠡᠭᠴᠡᠯᠡᠬᠦ ᠵᠡᠷᠭᠡ ᠰᠠᠭᠤᠭᠠᠯᠢ ᠠᠷᠠᠳ ᠤᠨ ᠲᠤᠰᠬᠠᠭᠰᠠᠨ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠪᠡ᠃ ᠡᠭᠦᠨ ᠤ ᠳᠤ ᠬᠠᠮᠲᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠦᠷᠭᠦᠯᠵᠢᠯᠡᠨ ᠨᠠᠮ ᠤᠨ ᠢᠲᠡᠭᠡᠯ ᠵᠣᠷᠢᠭ ᠢ ᠤᠬᠠᠮᠰᠠᠷ ᠠᠴᠠ ᠪᠠᠨ ᠤᠶᠢᠯᠡᠳᠤᠯᠭᠡᠵᠢᠭᠦᠯᠵᠤ᠂ ᠣᠯᠠᠨ ᠲᠦᠮᠡᠨᠴᠢ ᠦᠵᠡᠯᠲᠡ᠂ ᠣᠯᠠᠨ ᠲᠦᠮᠡᠨᠴᠢ ᠱᠤᠭᠤᠮ ᠢ ᠦᠵᠡᠯ ᠰᠠᠨᠠᠭᠠᠨ ᠤ ᠳᠤᠮᠳᠠ ᠭᠦᠨ ᠦᠨᠳᠦᠰᠦᠯᠡᠭᠦᠯᠵᠦ᠂ ᠪᠣᠳᠠᠲᠠᠶ ᠭᠠᠵᠠᠷ ᠲᠤᠨᠢ‌ᠨᠠᠶᠢᠳᠠᠪᠤᠷᠢᠵᠢᠭᠤᠯᠬᠤ᠂ ᠣᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠤᠡᠪᠤᠷᠢᠯᠡᠵᠤ᠂ ᠠᠷᠠᠳ ᠣᠯᠠᠨ ᠤ ᠨᠠᠮ ᠤᠨ ᠢᠲᠡᠭᠡᠯ ᠪᠠ ᠢᠲᠡᠭᠡᠯ ᠢ ᠲᠠᠰᠤᠷᠠᠯᠲᠠ ᠦᠭᠡᠢ ᠨᠡᠮᠡᠭᠳᠡᠭᠦᠯᠵᠦ᠂ ᠨᠠᠮ ᠤᠨ ᠤᠷᠳᠤ ᠬᠤᠭᠤᠴᠠᠭ᠎ᠠ ᠪᠠᠷ ᠲᠥᠷᠥ ᠪᠠᠷᠢᠬᠤ ᠬᠠᠮᠤᠭ ᠤᠨ ᠨᠠᠶᠢᠳᠠᠪᠤᠷᠢᠲᠠᠶ ᠠᠩᠭᠢ ᠶᠢᠨ ᠰᠠᠭᠤᠷᠢ ᠪᠠ ᠣᠯᠠᠨ ᠲᠦᠮᠡᠨ ᠤ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠶ᠃      ᠬᠤᠶᠢᠰᠢᠳᠠ ᠶᠢᠨ ᠠᠵᠢᠯ ᠳᠤᠮᠳᠠ᠂ ᠪᠢ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠬᠦ︾ ᠭᠡᠬᠦ ᠡᠨᠡᠬᠦ ᠬᠥᠰᠢᠶ᠎ᠡ ᠶᠢ ᠭᠦᠨᠵᠡᠭᠡᠶ ᠤᠶᠢᠯᠡᠳᠤᠯᠭᠡᠵᠢᠭᠦᠯᠵᠤ᠂ ᠶᠡᠷᠦᠩᠬᠡᠶ ᠱᠦᠵᠢ ᠶᠢᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠲᠤᠬᠠᠶ ᠥᠭᠦᠯᠡᠯᠲᠡ ᠠᠴᠠ ᠦᠨᠳᠦᠰᠦᠨ ᠱᠠᠲᠤᠨ ᠤ ᠠᠵᠢᠯ ᠶᠢᠨ ᠪᠣᠳᠠᠲᠠᠶ ᠠᠰᠠᠭᠤᠳᠠᠯ ᠢ ᠰᠢᠢᠤᠡᠪᠤᠷᠢᠯᠡᠬᠦ ᠠᠷᠭ᠎ᠠ ᠪᠣᠯᠤᠨ ᠬᠦᠴᠦᠨ ᠴᠢᠳᠠᠯ ᠢ ᠣᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠠᠷᠭ᠎ᠠ ᠬᠡᠮᠵᠢᠶ᠎ᠡ ᠪᠣᠯᠤᠨ ᠠᠷᠭ᠎ᠠ ᠵᠠᠮ ᠢ ᠡᠷᠢᠯᠬᠢᠯᠡᠵᠦ᠂ ᠵᠡᠭᠡᠯᠢ ᠭᠤᠳᠤᠮᠵᠢ ᠶᠢᠨ ᠪᠦᠬᠦ ᠬᠥᠮᠦᠰ ᠢ ᠳᠠᠭᠠᠭᠤᠯᠤᠨ ᠡᠯ᠎ᠡ ᠵᠤᠶᠢᠯ ᠤᠨ ᠠᠵᠢᠯ ᠢᠶᠠᠨ ᠰᠠᠶᠢᠲᠤᠷ ᠬᠢᠵᠦ᠂ ᠭᠤᠤᠯ ᠰᠡᠳᠦᠪᠲᠦ ᠬᠥᠮᠦᠵᠢᠯ ᠢ ᠤᠭ ᠰᠠᠨᠠᠭ᠎ᠠ ᠳᠤ ᠪᠠᠨ ᠦᠨᠳᠦᠰᠦᠯᠡᠵᠦ᠂ ᠡᠭᠦᠷᠭᠡ ᠬᠠᠷᠢᠭᠤᠴᠠᠯᠭ᠎ᠠ ᠳᠠᠭᠠᠨ ᠦᠰᠦᠨ‌‍ᠪᠤᠶᠢᠵᠢᠭᠤᠯᠬᠤ ᠪᠣᠯᠤᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠋᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ  ᠾᠧ ᠹᠧᠩ      ᠳᠤᠮᠳᠠᠳᠤ ᠤᠯᠤᠰ ᠎ ᠤᠨ ᠡᠪ ᠬᠠᠮᠲᠤ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠪᠣᠯ ᠳᠠᠷᠤᠶ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠨᠢᠭᠡᠨ ᠲᠥᠷᠥ ᠶᠢᠨ ᠨᠠᠮ ᠤᠨ ᠢᠷᠡᠭᠡᠳᠦᠶ ᠬᠤᠪᠢ ᠵᠠᠶᠠᠭ᠎ᠠ ᠨᠢ ᠡᠴᠦᠰ ᠲᠡᠭᠡᠨ ᠠᠷᠠᠳ ᠤᠨ ᠰᠡᠳᠬᠢᠯ ᠤᠨ ᠬᠠᠨᠳᠤᠰᠢ ᠪᠠᠷ ᠰᠢᠢᠤᠡᠪᠤᠷᠢᠯᠡᠭᠳᠡᠳᠡᠭ᠃ ᠬᠤᠲᠠ ᠶᠢᠨ ᠬᠠᠮᠢᠶᠠᠷᠤᠭᠴᠢ ᠪᠣᠯᠤᠭᠰᠠᠨ ᠤ ᠬᠤᠪᠢ ᠳᠤ᠂ ᠪᠢᠳᠡ ᠭᠠᠭᠴᠠ ᠬᠦ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠦᠰᠡᠯ ᠡᠷᠡᠮᠡᠯᠵᠡᠯ ᠢ ᠪᠠᠲᠤ ᠡᠵᠡᠮᠳᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠬᠤᠲᠠ ᠶᠢᠨ ᠬᠠᠮᠢᠶᠠᠷᠤᠯᠲᠠ ᠶᠢᠨ ᠪᠦᠬᠦ ᠠᠵᠢᠯ ᠳᠤ ᠲᠤᠣᠱᠠᠯᠠᠭᠤᠯᠵᠤ᠂ ᠬᠠᠮᠢᠶᠠᠷᠤᠯᠲᠠ ᠨᠢ ᠠᠷᠠᠳ ᠲᠦᠮᠡᠨ ᠤ ᠲᠥᠯᠥᠭᠡ᠂ ᠬᠠᠮᠢᠶᠠᠷᠤᠯᠲᠠ ᠨᠢ ᠠᠷᠠᠳ ᠲᠦᠮᠡᠨ ᠳᠤ ᠲᠦᠰᠢᠭᠯᠡᠵᠦ᠂ ᠦᠨᠡᠨᠴᠢ ᠰᠢᠳᠤᠷᠭᠤ ᠪᠠ ᠡᠭᠦᠷᠭᠡᠯᠡᠯ ᠢᠶᠠᠷ ᠠᠷᠠᠳ ᠲᠦᠮᠡᠨ ᠤ ᠳᠤᠮᠳᠠ ᠦᠨᠳᠦᠰᠦᠯᠡᠵᠦ᠂ ᠪᠠᠭᠲᠠᠭᠠᠮᠵᠢᠲᠠᠶ ᠪᠠᠶᠢᠬᠤ  ᠪᠠ‌ᠤᠶᠢᠯᠡᠴᠢᠯᠡᠬᠦ ᠪᠠᠷ ᠳᠠᠮᠵᠢᠭᠤᠯᠵᠤ᠂ ᠠᠵᠢᠯᠯᠠᠭ᠎ᠠ ᠪᠠ ᠪᠣᠳᠠᠲᠤ ᠦᠷ᠎ᠡ ᠪᠦᠲᠦᠮᠵᠢ ᠪᠠᠷ ᠢᠲᠡᠭᠡᠯ ᠪᠢᠰᠢᠷᠡᠯ ᠢᠶᠠᠨ ᠣᠯᠪᠠᠯ ᠰᠠᠶ᠋ᠢ ᠠᠷᠠᠳ ᠤᠯᠠᠨ ᠢ ᠬᠤᠲᠠ ᠳᠤ ᠨᠠᠩ ᠳᠥᠭᠦᠮ᠂ ᠨᠠᠩ ᠲᠠᠭᠠᠯᠠᠮᠵᠢᠲᠠᠶ᠂ ᠨᠠᠩ ᠰᠠᠶᠢᠨ ᠰᠠᠶᠢᠬᠠᠨ ᠠᠮᠢᠳᠤᠷᠠᠭᠤᠯᠵᠤ ᠴᠢᠳᠠᠨ᠎ᠠ᠃        ᠳᠤᠮᠳᠠᠳᠤ ᠤᠯᠤᠰ ᠎ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠵᠤ᠂ ᠬᠤᠲᠠ ᠶᠢᠨ ᠬᠠᠮᠢᠶᠠᠷᠤᠯᠲᠠ ᠶᠢᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠡᠭᠦᠷᠭᠡ ᠬᠠᠷᠢᠭᠤᠴᠠᠯᠭ᠎ᠠ ᠣᠯᠭᠤᠪᠠ᠃ ᠬᠤᠲᠠ ᠶᠢᠨ ᠬᠠᠮᠢᠶᠠᠷᠤᠯᠲᠠ ᠶᠢ ᠬᠡᠷᠬᠢᠨ ᠨᠠᠩ ᠰᠠᠶᠢᠨ ᠪᠣᠯᠭᠠᠬᠤ ᠪᠣᠯ ᠳᠠᠷᠤᠶ ᠮᠠᠨ ᠤ ᠡᠮᠦᠨ᠎ᠡ ᠲᠠᠯᠪᠢᠭᠳᠠᠵᠤ ᠪᠠᠶᠢᠭ᠎ᠠ ᠦᠨᠳᠦᠰᠦᠨ ᠡᠭᠦᠷᠭᠡ ᠮᠥᠨ᠂ ᠭᠤᠤᠯ ᠰᠡᠳᠦᠪᠲᠦ ᠬᠥᠮᠦᠵᠢᠯ ᠨᠢ ᠪᠢᠳᠡᠨ ᠳᠤ ᠵᠠᠮ ᠢ ᠵᠢᠭᠠᠨ ᠥᠭᠴᠦ᠂ ᠪᠢᠳᠡ ᠢᠮᠠᠭᠲᠠ ᠡᠨᠡ ᠵᠠᠮ ᠢᠶᠠᠷ ᠡᠯ᠎ᠡ ᠵᠤᠶᠢᠯ ᠤᠨ ᠬᠤᠲᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠡᠯ᠎ᠡ ᠵᠤᠶᠢᠯ ᠤᠨ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ ᠬᠡᠯᠪᠡᠷᠢ ᠶᠢᠨ ᠲᠡᠳᠦᠶ ᠪᠣᠯᠭᠠᠬᠤ ᠦᠭᠡᠢ᠂ ᠬᠥᠪᠰᠥᠭᠡᠷ ᠪᠠᠶᠢᠯᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃       ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠪᠢ ᠠᠵᠢᠯ ᠶᠢᠨ ᠪᠣᠳᠠᠲᠤ ᠪᠠᠶᠢᠳᠠᠯ‌‍ᠲ᠋ᠠᠢ ᠪᠠᠨ ᠤᠶᠠᠯᠳᠤᠭᠤᠯᠵᠤ᠂ ᠬᠤᠲᠠ ᠶᠢᠨ ᠲᠣᠭᠤᠷᠢᠭ᠂ ᠠᠭᠤᠷᠬᠠᠢ ᠶᠢᠨ ᠣᠷᠣᠨ ᠵᠡᠷᠭᠡ ᠬᠤᠲᠠ ᠶᠢᠨ ᠬᠠᠮᠢᠶᠠᠷᠤᠯᠲᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠬᠤᠲᠠ ᠶᠢᠨ ᠠᠷᠠᠳ ᠤᠨ ᠣᠯᠠᠨ ᠲᠦᠮᠡᠨ ᠤ ᠲᠤᠰᠬᠠᠭᠰᠠᠨ ᠡᠪᠡᠷᠰᠢᠶᠡᠯ᠂ ᠬᠦᠴᠢᠷ ᠠᠰᠠᠭᠤᠳᠠᠯ ᠵᠢᠴᠢ ᠬᠤᠲᠠ ᠶᠢᠨ ᠳᠦᠷᠰᠦ ᠪᠠᠶᠢᠳᠠᠯ ᠢ ᠴᠡᠭᠴᠡᠯᠡᠨ ᠵᠠᠰᠠᠬᠤ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠲᠡᠷᠭᠡ ᠵᠣᠭᠰᠣᠭᠠᠬᠤ ᠡᠮᠬᠢ ᠳᠢᠭᠯᠢᠮ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠬᠠᠮᠢᠶᠠᠷᠤᠯᠲᠠ ᠵᠡᠷᠭᠡ ᠠᠰᠠᠭᠤᠳᠠᠯ ᠢ ᠳᠠᠬᠢᠨ ᠡᠮᠬᠢᠯᠡᠵᠦ᠂ ᠨᠢᠭᠡ ᠪᠦᠯᠦᠭ ᠬᠤᠲᠠ ᠶᠢᠨ ᠠᠷᠠᠳ ᠤᠨ ᠣᠯᠠᠨ ᠲᠦᠮᠡᠨ ᠤ ᠲᠤᠰᠬᠠᠭᠰᠠᠨ ᠭᠤᠤᠯᠳᠠᠯᠭ᠎ᠠ ᠲᠠᠢ᠂ ᠬᠦᠴᠢᠷ ᠠᠰᠠᠭᠤᠳᠠᠯ ᠢ ᠦᠨᠡᠨᠬᠦ ᠰᠢᠢᠤᠡᠪᠤᠷᠢᠯᠡᠪᠡ᠃ ᠣᠳᠣᠬᠠᠨ ᠤ ᠠᠵᠢᠯ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ︽ᠬᠤᠶᠠᠷ ᠬᠤᠲᠠ ᠶᠢ ᠬᠤᠯᠪᠣᠭᠠᠯᠠᠨ ᠡᠭᠦᠳᠬᠦ︾ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ᠂ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ᠂ ᠬᠤᠲᠠ ᠶᠢᠨ ᠳᠦᠷᠢ ᠲᠥᠷᠬᠦ ᠶᠢ ᠰᠠᠶᠢᠵᠢᠷᠠᠭᠤᠯᠬᠤ ᠵᠡᠷᠭᠡ ᠲᠠᠯ᠎ᠠ ᠪᠠᠷ ᠳᠠᠬᠢᠨ ᠴᠢᠷᠮᠠᠶᠢᠵᠤ᠂ ᠳᠠᠬᠢᠨ ᠬᠦᠴᠦᠯᠡᠵᠦ᠂ ᠬᠤᠲᠠ ᠶᠢᠨ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃      ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶᠠᠨ ᠤ ᠳᠠᠷᠤᠭ᠎ᠠ   ᠶᠢᠨ ᠲᠤᠤ      ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠮᠠᠨ ᠤ ᠡᠪ ᠬᠠᠮᠲᠤᠴᠤᠳ ᠢ ᠤᠷᠮᠠᠰᠢᠭᠤᠯᠤᠨ ᠵᠣᠷᠢᠭᠵᠢᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ᠃ ᠨᠠᠮ ᠤᠨ ᠡᠭᠦᠷ ᠤᠨ ᠳᠡᠳ᠋ ᠱᠦᠵᠢ ᠪᠣᠯᠤᠭᠰᠠᠨ ᠤ ᠬᠤᠪᠢ ᠳᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠳᠦᠷᠢᠮ ᠪᠣᠯᠤᠨ ᠶᠡᠷᠦᠩᠬᠡᠶ ᠱᠦᠵᠢ ᠶᠢᠨ ᠰᠢᠷᠢᠰ ᠴᠢᠬᠤᠯᠠ ᠶᠠᠷᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠵᠣᠬᠢᠶᠠᠨ ᠪᠠᠶᠢᠭᠤᠯᠬᠤ ᠠᠵᠢᠯ ᠢ ᠶᠡᠭᠡ ᠲᠠᠯ᠎ᠠ ᠳᠤ ᠠᠭᠤᠰᠤᠯᠴᠠᠭᠤᠯᠬᠤ ᠶᠢ ᠨᠠᠩ ᠰᠠᠶᠢᠲᠤᠷ ᠠᠬᠢᠭᠤᠯᠬᠤ ᠬᠡᠷᠡᠭᠲᠡᠶ᠃      ᠡᠩ ᠲᠡᠷᠢᠭᠦᠨ ᠳᠤ᠂ ᠤᠭ ᠰᠠᠨᠠᠭ᠎ᠠ ᠪᠠᠨ ᠦᠯᠦ ᠮᠠᠷᠲᠠᠵᠤ᠂ ᠨᠠᠮ ᠤᠨ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠡᠪ ᠬᠠᠮᠲᠤ ᠶᠣᠰᠣ ᠶᠢ ᠪᠠᠲᠤᠳᠬᠠᠨ᠎ᠠ᠃ ᠰᠤᠷᠤᠯᠴᠠᠬᠤ ᠬᠡᠯᠪᠡᠷᠢ ᠶᠢ ᠴᠢᠬᠤᠯᠠᠴᠢᠯᠠᠵᠤ᠂ ᠠᠵᠢᠯᠯᠠᠬᠤ ᠠᠷᠭ᠎ᠠ ᠶᠢ ᠰᠤᠷᠤᠯᠴᠠᠵᠤ᠂ ᠠᠵᠢᠯ ᠤᠨ ᠲᠤᠷᠰᠢᠯᠭ᠎ᠠ ᠶᠢ ᠰᠤᠷᠤᠯᠴᠠᠬᠤ ᠬᠡᠷᠡᠭᠲᠡᠶ᠃ ᠰᠤᠷᠤᠯᠴᠠᠬᠤ ᠶᠢᠨ ᠳᠠᠭᠠᠤ ᠰᠡᠳᠬᠢᠨ ᠪᠣᠳᠣᠯᠬᠢᠯᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠭᠦᠨᠵᠡᠭᠡᠶᠢᠷᠡᠭᠦᠯᠵᠦ᠂ ᠥᠪᠡᠷ ᠤᠨ ᠬᠢᠵᠦ ᠥᠩᠭᠡᠷᠡᠭᠰᠡᠨ ᠠᠵᠢᠯ ᠳᠠᠭᠠᠨ ᠦᠷᠭᠦᠯᠵᠢ ᠡᠷᠭᠢᠴᠡᠭᠦᠯᠦᠨ ᠪᠣᠳᠣᠵᠤ ᠳ᠋ᠦᠩᠨᠡᠯᠲᠡ ᠬᠢᠵᠦ᠂ ᠲᠤᠷᠰᠢᠯᠭ᠎ᠠ ᠰᠤᠷᠭᠠᠮᠵᠢ ᠠᠪᠴᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢ ᠪᠠᠨ ᠳᠡᠭᠡᠭᠰᠢᠯᠡᠭᠦᠯᠳᠡᠭ᠃      ᠬᠤᠶᠠᠳᠤᠭᠠᠷ ᠲᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠣᠷᠢᠯᠲᠠ ᠶᠢᠨ ᠤᠬᠠᠮᠰᠠᠷ ᠢ ᠪᠤᠢ ᠪᠣᠯᠭᠠᠵᠤ᠂ ᠠᠷᠠᠳ ᠲᠦᠮᠡᠨ ᠳᠤ ᠤᠶᠢᠯᠡᠴᠢᠯᠡᠬᠦ ᠶᠢ ᠢᠮᠠᠭᠲᠠ ᠪᠠᠷᠢᠮᠲᠠᠯᠠᠨ᠎ᠠ᠃ ᠨᠢᠭᠡ ᠳᠤ᠂ ᠰᠡᠳᠬᠢᠬᠦᠶ ᠶᠢᠨ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠠᠵᠢᠯ ᠶᠢᠨ ᠰᠤᠷᠲᠠᠯ ᠢᠶᠠᠨ ᠰᠠᠶᠢᠵᠢᠷᠠᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠤ ᠠᠬᠤᠶᠢᠯᠠᠯ ᠳᠤ ᠤᠶᠢᠯᠡᠴᠢᠯᠡᠬᠦ ᠵᠣᠷᠢᠯᠲᠠ ᠶᠢᠨ ᠤᠬᠠᠮᠰᠠᠷ ᠢᠶᠠᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠶᠢᠨ ᠵᠣᠭᠰᠣᠯᠲᠠ ᠳᠤ ᠦᠨᠡᠨᠬᠦ ᠵᠣᠭᠰᠣᠨ ᠠᠵᠢᠯ ᠢᠶᠠᠨ ᠲᠥᠯᠥᠪᠵᠢᠭᠦᠯᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠰᠠᠶᠢᠨ ᠶᠠᠪᠤᠳᠠᠯ ᠬᠢᠵᠦ᠂ ᠦᠨᠡᠨ ᠰᠡᠳᠬᠢᠯ ᠠᠴᠠ ᠪᠠᠨ ᠠᠵᠤ ᠠᠬᠤᠶᠢᠯᠠᠯ ᠳᠤ ᠰᠠᠶᠢᠨ ᠶᠠᠪᠤᠳᠠᠯ ᠬᠢᠵᠦ ᠥᠭᠬᠦ ᠬᠡᠷᠡᠭᠲᠡᠶ︔ ᠬᠤᠶᠠᠷ ᠲᠤ ᠠᠵᠤ ᠠᠬᠤᠶᠢᠯᠠᠯ ᠳᠤ ᠦᠷᠭᠦᠯᠵᠢ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠢᠨᠠᠮᠠᠭᠠᠶ ᠰᠣᠨᠣᠰᠴᠤ᠂ ᠠᠵᠤ ᠠᠬᠤᠶᠢᠯᠠᠯ ᠤᠨ ᠲᠤᠰᠬᠠᠭᠰᠠᠨ ᠬᠦᠴᠢᠷ ᠠᠰᠠᠭᠤᠳᠠᠯ ᠪᠠ ᠵᠦᠶ ᠵᠣᠬᠢᠰᠲᠠᠶ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢᠨ ᠲᠤᠬᠠᠶ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠴᠤ ᠵᠣᠬᠢᠴᠠᠭᠤᠯᠤᠨ ᠰᠢᠢᠤᠡᠪᠤᠷᠢᠯᠡᠬᠦ ᠪᠤᠶᠤ ᠴᠠᠭ ᠲᠤᠬᠠᠶ ᠳᠤᠨᠢ ᠬᠠᠷᠢᠭᠤ ᠲᠤᠰᠬᠠᠬᠤ ᠬᠡᠷᠡᠭᠲᠡᠶ᠃      ᠭᠤᠷᠪᠠᠳᠤᠭᠠᠷ ᠲᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠤᠯᠠᠮ ᠨᠢᠭᠡ ᠠᠯᠬᠤᠮ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠴᠦ᠂ ᠠᠵᠢᠯ ᠤᠨ ᠪᠣᠳᠠᠲᠤ ᠦᠷ᠎ᠡ ᠪᠦᠲᠦᠮᠵᠢ ᠪᠠᠨ ᠨᠡᠮᠡᠭᠳᠡᠭᠦᠯᠬᠦ ᠬᠡᠷᠡᠭᠲᠡᠶ᠃ ᠪᠢᠳᠡ ᠴᠠᠭ ᠢᠮᠠᠭᠲᠠ ᠶᠡᠷᠦᠩᠬᠡᠶ ᠱᠦᠵᠢ ᠰᠢ ᠶᠢᠨ ᠫᠢᠩ ᠤᠨ ᠠᠯᠢ ᠣᠯᠠᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠰᠤᠷᠤᠯᠴᠠᠯᠭ᠎ᠠ ᠶᠢ ᠠᠳᠬᠤᠬᠤ᠂ ᠬᠡᠪ ᠪᠣᠯᠪᠠᠰᠤᠷᠠᠯ ᠢ ᠴᠢᠩᠭᠠᠳᠬᠠᠬᠤ᠂ ᠡᠷᠳᠡᠮ ᠴᠢᠳᠠᠪᠤᠷᠢ ᠶᠢ ᠳᠡᠭᠡᠭᠰᠢᠯᠡᠭᠦᠯᠬᠦ ᠳᠣᠲᠣᠭᠠᠳᠤ ᠬᠥᠳᠡᠯᠭᠡᠬᠦ ᠬᠦᠴᠦᠨ ᠢ ᠤᠯᠠᠮ ᠴᠢᠨᠠᠭᠰᠢᠳᠠ ᠬᠥᠭᠵᠢᠭᠡᠵᠦ᠂ ᠭᠤᠤᠯᠳᠠᠯᠭ᠎ᠠ ᠶᠢ ᠠᠳᠬᠤᠵᠤ᠂ ᠬᠦᠴᠢᠷ ᠠᠰᠠᠭᠤᠳᠠᠯ ᠢ ᠰᠢᠢᠤᠡᠪᠤᠷᠢᠯᠡᠵᠤ᠂ ᠭᠢᠯᠠᠰ ᠴᠡᠭ  ᠢ ᠡᠭᠦᠳᠴᠦ᠂ ᠠᠵᠢᠯ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号