ᠬᠠᠶᠢᠷᠤᠪ ᠤᠨ ᠲᠣᠬᠤᠢ ᠲᠣᠭᠤᠷᠢᠭ ᠭᠤᠤᠯ ᠰᠡᠳᠦᠪᠲᠦ ᠰᠤᠷᠭᠠᠨ ᠬᠥᠮᠦᠵᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠶ ᠠᠬᠢᠭᠤᠯᠪᠠ
ᠨᠡᠶᠢᠲᠡᠯᠡᠭᠰᠡᠨ ᠴᠠᠭ᠄
2019-11-15
     ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠭᠤᠤᠯ ᠰᠡᠳᠦᠪᠲᠦ ᠬᠥᠮᠦᠵᠢᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠨᠠᠭᠰᠢᠳᠠ ᠭᠦᠨᠵᠡᠭᠡᠶ ᠠᠬᠢᠭᠤᠯᠬᠤ ᠶᠢᠨ ᠲᠥᠯᠥᠭᠡ᠂ ᠡᠯ᠎ᠡ ᠪᠠᠯᠭᠠᠰᠤ᠂ ᠵᠡᠭᠡᠯᠢ ᠭᠤᠳᠤᠮᠵᠢ ᠢᠳᠡᠪᠬᠢᠲᠡᠢ ᠬᠥᠳᠡᠯᠦᠯᠴᠡᠵᠦ᠂ ᠲᠠᠰᠤᠷᠠᠯᠲᠠ ᠦᠭᠡᠢ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤ ᠥᠭᠴᠦ᠂ ᠠᠷᠠᠳ ᠲᠦᠮᠡᠨ ᠤ ᠵᠣᠯ ᠵᠢᠷᠭᠠᠯᠲᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠦᠨᠡᠨᠬᠦ ᠨᠡᠮᠡᠭᠳᠡᠭᠦᠯᠪᠡ᠃      ᠴᠡᠭᠡᠯ ᠠᠭᠤᠯᠠ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠨᠢ ᠳᠠᠭᠠᠭᠠᠴᠢᠯᠠᠭᠰᠠᠨ ᠲᠣᠰᠬᠤᠨ ᠤ ︽ᠵᠣᠷᠯᠣᠩ ᠤᠨ ᠥᠭᠡᠷᠡᠴᠢᠯᠡᠯᠲᠡ︾᠎ ᠶᠢᠨ ᠠᠵᠢᠯ ᠢ ᠰᠤᠷᠪᠤᠯᠵᠢᠯᠠᠨ ᠣᠶᠢᠯᠠᠭᠠᠵᠤ᠂ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ᠂ ᠪᠣᠬᠢᠷ ᠤᠰᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠰᠢᠢᠤᠡᠪᠤᠷᠢᠯᠡᠬᠦ ᠠᠵᠢᠯ ᠢ ᠴᠢᠩᠭ᠎ᠠ ᠠᠳᠬᠤᠵᠤ᠂ ᠵᠣᠷᠯᠣᠩ ᠤᠨ ᠬᠤᠪᠢᠰᠬᠠᠯ ᠢ ᠶᠡᠬᠡᠪᠡᠷ ᠬᠢᠵᠦ᠂ ᠵᠢᠱᠢᠯᠲᠡ ᠪᠠᠷ ᠵᠢᠯ ᠤᠨ ᠰᠡᠭᠦᠯᠴᠢ ᠠᠴᠠ ᠡᠮᠦᠨ᠎ᠡ 3769 ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠠᠵᠢᠯ ᠢ ᠪᠡᠶᠡᠯᠡᠭᠦᠯᠦᠨ᠎ᠡ᠃ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠲᠣᠰᠬᠤᠨ ᠢᠶᠠᠷ ᠭᠤᠤᠯ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠨᠠᠮ ᠤᠨ ᠡᠭᠦᠷ+ ᠬᠤᠷᠰᠢᠶ᠎ᠠ+ ᠲᠠᠷᠢᠶᠠᠴᠢᠨ+ ᠠᠵᠤ ᠤᠶᠢᠯᠡᠰ︾᠎ ᠤᠨ ᠵᠠᠭᠪᠤᠷ ᠢ ᠳᠡᠯᠭᠡᠷᠡᠭᠦᠯᠵᠦ᠂ ᠬᠠᠮᠲᠤ ᠶᠢᠨ ᠤᠶᠢᠯᠡᠤᠡᠪᠤᠷᠢᠯᠡᠯ ᠤᠨ ᠨᠡᠮᠡᠭᠳᠡᠯ ᠤᠨ ᠬᠦᠴᠦᠨ᠂ ᠲᠠᠷᠢᠶᠠᠴᠢᠳ ᠤᠨ ᠠᠰᠢᠭ ᠣᠷᠣᠯᠭ᠎ᠠ ᠶᠢ ᠨᠡᠮᠡᠭᠳᠡᠭᠦᠯᠬᠦ᠂ ᠠᠵᠤ ᠦᠢᠯᠡᠰ ᠤᠨ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠪᠠᠶᠠᠨᠤᠰᠤ ᠲᠣᠰᠬᠤᠨ ᠤ ᠰᠠᠭᠤᠭᠠᠯᠢ ᠠᠷᠠᠳ ᠤᠷᠲᠤ ᠬᠤᠭᠤᠴᠠᠭ᠎ᠠ ᠪᠠᠷ ᠤᠰᠤ ᠤᠮᠳᠠ ᠢᠳᠡᠵᠦ ᠳᠠᠢᠯᠠᠬᠤ ᠦᠭᠡᠢ᠂ ᠬᠥᠮᠦᠨ ᠮᠠᠯ ᠤᠨ ᠤᠰᠤ ᠤᠮᠳᠠ ᠶᠢᠨ ᠬᠦᠴᠢᠷᠳᠡᠯ ᠳᠤ ᠴᠢᠭᠯᠡᠭᠦᠯᠦᠨ᠂ 1.3 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠬᠤᠶᠠᠷ ᠠᠮᠠ ᠬᠥᠮᠦᠨ ᠮᠠᠯ ᠤᠨ ᠤᠤᠭᠤᠬᠤ ᠤᠰᠤᠨ ᠤ ᠬᠤᠳᠳᠤᠭ ᠲᠤ ᠮᠡᠷᠭᠡᠵᠢᠯ ᠤᠨ ᠥᠭᠡᠷᠡᠴᠢᠯᠡᠯᠲᠡ ᠬᠢᠵᠦ᠂ 2 ᠬᠦᠴᠦᠳᠡᠯ ᠥᠭᠡᠷᠡᠴᠢᠯᠡᠬᠦ ᠬᠥᠭᠡᠷᠭᠡ ᠤᠭᠰᠠᠷᠠᠨ᠂ ᠬᠤᠭᠤᠯᠠᠢ ᠪᠠᠨ ᠰᠣᠯᠢᠵᠤ᠂ ᠮᠠᠰᠢᠨ ᠬᠤᠳᠳᠤᠭ ᠤᠨ ᠲᠥᠬᠦᠭᠡᠷᠦᠮᠵᠢ ᠶᠢ ᠬᠠᠮᠠᠭᠠᠯᠠᠬᠤ ᠶᠢᠨ ᠬᠠᠮᠲᠤ᠂ ᠤᠰᠤᠨ ᠤ ᠰᠦᠢᠳᠬᠡᠯ ᠬᠤᠷᠢᠶᠠᠬᠤ ᠠᠵᠢᠯ ᠢ ᠭᠠᠴᠠᠭᠠᠨ ᠤ ᠠᠷᠠᠳ ᠤᠨ ᠵᠥᠪᠯᠡᠯ ᠳᠤ ᠬᠤᠷᠢᠶᠠᠨ ᠠᠪᠴᠤ ᠲᠥᠪᠯᠡᠷᠡᠭᠦᠯᠦᠨ ᠬᠠᠮᠢᠶᠠᠷᠤᠭᠤᠯᠪᠠ᠃ 10 ᠰᠠᠷ᠎ᠠ ᠶᠢᠨ 30᠎ ᠤ ᠡᠳᠦᠷ᠂ ᠪᠠᠶᠠᠨᠤᠰᠤ ᠲᠣᠰᠬᠤᠨ ᠤ 1152 ᠡᠷᠦᠬᠡ ᠰᠠᠭᠤᠭᠠᠯᠢ ᠠᠷᠠᠳ ᠲᠤ 24 ᠴᠠᠭ ᠤᠰᠤ ᠬᠠᠩᠭᠠᠪᠠ᠃      ᠬᠠᠶᠢᠪᠸᠢ ᠵᠡᠭᠡᠯᠢ ᠭᠤᠳᠤᠮᠵᠢ ᠰᠠᠭᠤᠭᠠᠯᠢ ᠠᠷᠠᠳ ᠤᠨ ᠲᠣᠭᠤᠷᠢᠭ ᠲᠤ ᠭᠦᠨᠵᠡᠭᠡᠶᠢᠷᠡᠵᠦ᠂ ᠠᠷᠠᠳ ᠢᠷᠭᠡᠳ ᠲᠠᠢ ᠰᠠᠨᠠᠯ ᠢᠶᠠᠨ ᠰᠣᠯᠢᠯᠴᠠᠵᠤ᠂ ᠪᠣᠳᠠᠲᠤ ᠪᠠᠶᠢᠳᠠᠯ ᠢ ᠰᠣᠨᠣᠰᠴᠤ᠂ ᠠᠷᠠᠳ ᠤᠨ ᠰᠠᠨᠠᠭ᠎ᠠ ᠶᠢ ᠣᠶᠢᠯᠠᠭᠠᠵᠤ᠂ ᠠᠷᠠᠳ ᠤᠨ ᠵᠣᠪᠠᠨᠢᠯ ᠢ ᠲᠠᠶᠢᠯᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠪᠠᠰᠠ ᠰᠡᠳᠬᠢᠯ ᠰᠠᠨᠠᠭ᠎ᠠ ᠪᠠᠨ ᠲᠥᠪᠯᠡᠷᠡᠭᠦᠯᠪᠡ᠃      ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠴᠢᠯᠠᠭᠤᠨ ᠲᠣᠰᠣᠨ ᠤ ᠺᠣᠮᠫᠠᠨᠢ ᠶᠢᠨ ᠳᠠᠩ ᠪᠡᠶᠡᠲᠦ ᠠᠰᠠᠷ ᠤᠨ 2 ᠳ᠋ᠤᠭᠠᠷ ᠨᠣᠮᠧᠷᠲᠤ ᠬᠤᠳᠠᠯᠳᠤᠭᠠᠨ ᠤ ᠫᠦᠰᠡ ᠶᠢᠨ ᠲᠠᠲᠠᠮᠠᠯ ᠭᠤᠯᠢᠷ ᠤᠨ ᠭᠤᠸᠠᠨᠰᠠ ᠨᠢ ᠲᠣᠰᠣᠯᠢᠭ ᠪᠣᠯᠬᠤᠷ ᠪᠣᠬᠢᠷ ᠤᠰᠤᠨ ᠤ ᠬᠤᠭᠤᠯᠠᠶ ᠦᠷᠭᠦᠯᠵᠢ ᠪᠥᠭᠯᠡᠷᠡᠵᠦ᠂ ᠣᠯᠠᠨ ᠤᠳᠠᠭ᠎ᠠ ᠵᠥᠪᠳᠡᠯᠴᠡᠨ ᠨᠡᠪᠲᠡᠷᠡᠯᠴᠡᠵᠦ᠂ ᠡᠴᠦᠰ ᠲᠡᠭᠡᠨ ᠬᠤᠳᠠᠯᠳᠤᠭᠠᠴᠢᠨ ᠡᠷᠦᠬᠡ ᠨᠢᠭᠡᠪᠦᠷᠢ ᠶᠢᠨ ᠪᠣᠳᠠᠲᠠᠶ ᠡᠵᠡᠩᠨᠡᠯᠲᠡ ᠶᠢᠨ ᠪᠠᠶᠢᠳᠠᠯ ᠶᠣᠰᠣᠭᠠᠷ ᠰᠤᠶᠢᠤᠡᠭᠡᠯ ᠬᠤᠷᠢᠶᠠᠵᠤ᠂ ᠤᠰᠤ ᠪᠠᠭᠤᠯᠭᠠᠬᠤ ᠬᠤᠭᠤᠯᠠᠶ ᠶᠢ ᠨᠡᠪᠲᠡᠷᠡᠭᠦᠯᠪᠡ᠃ ᠣᠳᠣᠬᠠᠨ ᠳᠤ ᠳᠠᠮᠵᠢᠭᠤᠯᠬᠤ ᠬᠤᠭᠤᠯᠠᠶ ᠨᠢᠭᠡᠨᠲᠡ ᠬᠡᠪ ᠤᠨ ᠬᠡᠷᠡᠭᠯᠡᠭᠡᠨ ᠳᠤ ᠣᠷᠣᠵᠤ᠂ ᠰᠠᠭᠤᠭᠠᠯᠢ ᠠᠷᠠᠳ ᠤᠨ ᠬᠡᠷᠡᠭᠯᠡᠬᠦ ᠤᠰᠤ ᠪᠠᠲᠤᠯᠠᠭ᠎ᠠ ᠲᠠᠢ ᠪᠣᠯᠵᠤ᠂ ᠨᠡᠶᠢᠭᠡᠮ ᠲᠣᠭᠤᠷᠢᠭ ᠤᠨ ᠠᠵᠢᠯ ᠵᠥᠪᠰᠢᠶᠡᠷᠡᠭᠳᠡᠭᠰᠡᠨ ᠪᠠᠶᠢᠨ᠎ᠠ᠃      ᠰᠢᠨ ᠬᠤᠸᠠ ᠪᠠᠷᠠᠭᠤᠨ ᠵᠡᠭᠡᠯᠢ ᠭᠤᠳᠤᠮᠵᠢ ︽ᠵᠣᠷᠯᠣᠩ ᠤᠨ ᠬᠤᠪᠢᠰᠬᠠᠯ︾᠎ ᠢ ᠠᠬᠢᠭᠤᠯᠬᠤ ᠶᠠᠪᠤᠴᠠ ᠳᠤ᠂ ᠵᠣᠷᠯᠣᠩ ᠤᠨ ᠥᠭᠡᠷᠡᠴᠢᠯᠡᠯᠲᠡ ᠶᠢᠨ ᠰᠠᠶᠢᠨ ᠲᠠᠯ᠎ᠠ ᠶᠢ ᠥᠷᠭᠡᠨ ᠢᠶᠠᠷ ᠤᠬᠠᠭᠤᠯᠬᠤ ᠶᠢᠨ ᠬᠠᠮᠲᠤ ᠰᠠᠭᠤᠭᠠᠯᠢ ᠠᠷᠠᠳ ᠤᠨ ᠰᠠᠨᠠᠯ ᠢ ᠬᠤᠷᠢᠶᠠᠨ᠎ᠠ᠃ 11 ᠰᠠᠷ᠎ᠠ ᠪᠣᠯᠲᠠᠯ᠎ᠠ᠂ ᠵᠡᠭᠡᠯᠢ ᠭᠤᠳᠤᠮᠵᠢ ᠶᠢᠨ ᠬᠠᠷᠢᠶ᠎ᠠ ᠣᠷᠣᠨ ᠳᠤ 12 ᠲᠠᠰᠤᠯᠭ᠎ᠠ ᠣᠷᠴᠢᠨ ᠲᠣᠭᠤᠷᠢᠨ ᠢ ᠬᠠᠮᠠᠭᠠᠯᠠᠬᠤ ᠤᠰᠤ ᠪᠠᠷ ᠤᠬᠢᠶᠠᠬᠤ ᠵᠣᠷᠯᠣᠩ ᠪᠠᠶᠢᠭᠤᠯᠵᠤ᠂ 24 ᠴᠠᠭ ᠤᠨ ᠳᠣᠲᠣᠷ᠎ᠠ ᠰᠠᠭᠤᠭᠠᠯᠢ ᠠᠷᠠᠳ ᠲᠤ ᠨᠡᠭᠡᠭᠡᠵᠦ ᠥᠭᠭᠦᠭᠰᠡᠨ ᠪᠥᠭᠡᠳ ᠨᠡᠶᠢᠭᠡᠮ ᠲᠣᠭᠤᠷᠢᠭ ᠤᠨ ᠠᠵᠢᠯᠲᠠᠳ ᠠᠴᠠ ᠵᠤᠭᠰᠤᠯ ᠦᠭᠡᠢ ᠬᠠᠮᠠᠭᠠᠯᠠᠯᠲᠠ ᠬᠢᠵᠡᠶ᠃      ᠯᠢᠨ ᠶᠢᠨ ᠵᠡᠭᠡᠯᠢ ᠭᠤᠳᠤᠮᠵᠢ ᠵᠢᠨ‌‍ᠸᠧᠨ ᠰᠢᠨ ᠨᠡᠶᠢᠭᠡᠮ ᠲᠣᠭᠤᠷᠢᠭ ᠤᠨ ᠺᠠᠩ ᠲᠠᠢ ᠭᠡᠷ ᠣᠷᠣᠨ ᠤ ᠵᠢᠵᠢᠭ ᠲᠣᠭᠤᠷᠢᠭ ᠲᠤ ᠨᠣᠭᠤᠭᠠᠷᠠᠭᠤᠯᠤᠯᠲᠠ ᠶᠢᠨ ᠤᠷᠭᠤᠮᠠᠯ ᠪᠦᠷᠬᠦᠴᠡ ᠮᠠᠭᠤᠵᠢᠷᠠᠵᠤ᠂ ᠬᠠᠲᠠᠭᠤᠷᠠᠬᠤ ᠦᠵᠡᠭᠳᠡᠯ ᠣᠷᠣᠰᠢᠵᠤ᠂ ᠬᠤᠭ ᠲᠣᠭᠤᠰᠣ ᠪᠤᠳᠠᠷᠠᠵᠤ᠂ ᠵᠢᠵᠢᠭ ᠲᠣᠭᠤᠷᠢᠭ ᠤᠨ ᠣᠷᠴᠢᠨ ᠲᠣᠭᠤᠷᠢᠨ ᠢ ᠬᠦᠨᠳᠦ ᠨᠣᠴᠢᠲᠠᠶ ᠨᠥᠯᠥᠭᠡᠯᠡᠪᠡ᠃ ᠵᠡᠭᠡᠯᠢ ᠭᠤᠳᠤᠮᠵᠢ ︽ᠨᠡᠶᠢᠭᠡᠮ ᠲᠣᠭᠤᠷᠢᠭ ᠢᠶᠠᠷ ᠤᠳᠤᠷᠢᠳᠤᠮᠵᠢ ᠪᠣᠯᠭᠠᠬᠤ᠂ ᠠᠵᠤ ᠠᠬᠤᠶᠢᠯᠠᠯ ᠢᠶᠠᠷ ᠲᠤᠰᠠᠯᠠᠭᠤᠯᠬᠤ᠂ ᠰᠠᠭᠤᠭᠠᠯᠢ ᠠᠷᠠᠳ ᠣᠯᠠᠨ ᠣᠷᠣᠯᠴᠠᠬᠤ᠂ ᠠᠳᠠᠯ ᠠᠬᠤᠢ ᠶᠢᠨ ᠺᠣᠮᠫᠠᠨᠢ ᠬᠠᠮᠵᠢᠯᠴᠠᠬᠤ︾᠎ ᠪᠠᠷ ᠬᠤᠯᠪᠣᠭᠠᠯᠠᠨ ᠬᠥᠳᠡᠯᠦᠯᠴᠡᠵᠦ᠂ ᠵᠢᠵᠢᠭ ᠲᠣᠭᠤᠷᠢᠭ ᠢ ᠬᠠᠲᠠᠭᠤᠷᠠᠭᠤᠯᠤᠨ ᠴᠡᠪᠡᠷᠰᠢᠭᠦᠯᠦᠨ ᠭᠤᠶᠤᠵᠢᠭᠤᠯᠬᠤ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠦᠨᠡᠨ ᠬᠦ ᠣᠶᠢᠷᠠᠲᠤᠭᠤᠯᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠡᠶ᠎ᠡ ᠵᠣᠬᠢᠴᠠᠯ ᠲᠠᠢ ᠬᠠᠷᠢᠴᠠᠭ᠎ᠠ ᠶᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠣᠯᠠᠨ ᠲᠦᠮᠡᠨ ᠦᠨᠡᠨᠬᠦ ᠤᠶᠢᠯᠭᠠᠬᠤ ᠣᠯᠠᠨ ᠲᠦᠮᠡᠨ ᠤ ᠤᠶᠢᠯᠡᠴᠢᠯᠡᠭᠡᠨ ᠤ ᠲᠥᠪ ᠪᠣᠯᠭᠠᠨ ᠬᠤᠪᠢᠷᠠᠭᠤᠯᠤᠨ᠎ᠠ᠃     ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠯᠠᠨ ᠲᠢᠶᠠᠨ ᠨᠡᠶᠢᠭᠡᠮ ᠲᠣᠭᠤᠷᠢᠭ ᠤᠨ ᠬᠠᠷᠢᠶ᠎ᠠ ᠣᠷᠣᠨ ᠤ ᠨᠢᠭᠡ ᠬᠡᠰᠡᠭ ᠰᠢᠨ᠎ᠡ ᠪᠠᠷ ᠵᠠᠰᠠᠭᠰᠠᠨ ᠵᠠᠮ ᠲᠡᠮᠦᠷ ᠵᠠᠮ ᠳᠠᠭᠠᠤ ᠪᠠᠶᠢᠬᠤ ᠪᠥᠭᠡᠳ ᠲᠦᠷ ᠵᠠᠬ᠎ᠠ ᠳᠡᠯᠭᠡᠭᠦᠷᠴᠢᠯᠡᠭᠰᠡᠨ ᠠᠷᠢᠭᠤᠨ ᠴᠡᠪᠡᠷ ᠢ ᠬᠠᠮᠠᠭᠠᠯᠠᠬᠤ ᠠᠵᠢᠯ ᠶᠢᠨ ᠬᠡᠪᠴᠢᠶᠡᠨ ᠳᠤ ᠣᠷᠣᠭᠤᠯᠤᠭᠰᠠᠨ ᠦᠭᠡᠢ᠂ ᠲᠣᠭᠤᠷᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠲᠣᠪᠴᠢᠶ᠎ᠠ ᠯᠤᠭ᠎ᠠ ᠵᠥᠪᠳᠡᠯᠴᠡᠵᠦ ᠪᠠᠶᠢᠭᠠᠤᠡ ᠲᠤᠰᠬᠠᠶ ᠮᠡᠷᠭᠡᠵᠢᠯ ᠤᠨ ᠲᠡᠷᠭᠡ ᠬᠥᠰᠬᠡ ᠶᠢ ᠮᠠᠰᠢᠨᠴᠢᠯᠠᠭᠰᠠᠨ ᠠᠷᠢᠭᠤᠨ ᠴᠡᠪᠡᠷ ᠢ ᠪᠠᠲᠤᠯᠠᠵᠤ᠂ ᠨᠡᠶᠢᠭᠡᠮ ᠲᠣᠭᠤᠷᠢᠭ ᠤᠨ ᠴᠡᠪᠡᠷᠯᠡᠬᠦ ᠠᠵᠢᠯ ᠳᠤ ᠲᠤᠯᠭᠠᠷᠠᠵᠤ ᠪᠠᠶᠢᠭ᠎ᠠ ᠪᠤᠲᠠᠲᠠᠢ ᠠᠰᠠᠭᠤᠳᠠᠯ ᠢ ᠰᠢᠢᠤᠡᠪᠤᠷᠢᠯᠡᠪᠡ᠃     ᠪᠢᠨ ᠾᠧ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠵᠢᠯᠣᠭᠤᠳᠤᠨ ᠲᠣᠬᠢᠷᠠᠭᠤᠯᠬᠤ ᠡᠷᠬᠡ ᠪᠠᠨ ᠬᠡᠷᠡᠭᠵᠢᠭᠦᠯᠵᠦ᠂ ︽ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ︾᠎ ᠪᠠᠷ ᠬᠠᠷᠠᠯᠲᠠ ᠪᠣᠯᠭᠠᠨ᠂ ᠬᠤᠯᠪᠣᠭᠳᠠᠯ ᠪᠦᠬᠦᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠯᠦᠭᠡ ᠲᠤᠰᠬᠠᠶ ᠠᠵᠢᠯ ᠢ ᠲᠦᠯᠬᠢᠨ ᠠᠬᠢᠭᠤᠯᠬᠤ ᠳᠤᠭᠤᠶᠢᠯᠠᠩ ᠪᠠᠶᠢᠭᠤᠯᠵᠤ᠂ ᠵᠢᠵᠢᠭ ᠲᠣᠭᠤᠷᠢᠭ ᠢ ᠬᠤᠪᠢ ᠪᠠᠷ ᠢᠶᠠᠨ 670 ᠭᠠᠷᠤᠶ ᠭᠠᠵᠠᠷ ᠳᠤᠷ᠎ᠠ ᠪᠠᠷ ᠢᠶᠠᠨ ᠪᠠᠶᠢᠭᠤᠯᠵᠤ᠂ 730 ᠭᠠᠷᠤᠶ ᠭᠠᠵᠠᠷ ᠲᠤ ᠳᠤᠷ᠎ᠠ ᠪᠠᠷ ᠢᠶᠠᠨ ᠣᠪᠣᠭᠠᠯᠠᠨ ᠲᠠᠯᠪᠢᠵᠤ ᠪᠠᠶᠢᠬᠤ ᠦᠵᠡᠭᠳᠡᠯ  ᠢ ᠠᠷᠢᠯᠭᠠᠨ᠂ 23000 ᠳᠥᠷᠪᠡᠯᠵᠢᠨ ᠮᠧᠲᠷ ᠤᠨ ᠬᠤᠭ ᠨᠣᠪᠰᠢ ᠶᠢ ᠴᠡᠪᠡᠷᠯᠡᠪᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号