ᠠᠩᠬᠠᠳᠠᠭᠴᠢ ᠵᠤᠭᠠᠴᠠᠯ ᠤᠨ ᠵᠢᠶᠠᠨ ᠭᠦᠸᠧ ᠵᠣᠴᠢᠳ ᠤᠨ ᠪᠠᠭᠤᠳᠠᠯ ᠬᠠᠶᠢᠷᠤᠪ ᠤᠨ ᠲᠣᠬᠤᠢ ᠲᠣᠭᠤᠷᠢᠭ ᠲᠤ ᠠᠮᠵᠢᠯᠲᠠ ᠲᠠᠢ ᠪᠠᠷ ᠰᠠᠭᠤᠷᠢᠰᠢᠪᠠ
ᠨᠡᠶᠢᠲᠡᠯᠡᠭᠰᠡᠨ ᠴᠠᠭ᠄
2019-11-18
     11 ᠰᠠᠷ᠎ᠠ ᠶᠢᠨ 15᠎ ᠤ ᠦᠳᠡ ᠵᠢᠨ‌ᠡᠮᠦᠨ᠎ᠡ᠂ ᠠᠩᠬᠠᠳᠠᠭᠴᠢ ᠪᠠᠷᠢᠭᠠᠳᠠ ᠶᠢᠨ ᠵᠢᠶᠠᠨ ᠭᠦᠸᠧ ᠪᠦᠯᠦᠭᠯᠡᠯ ᠪᠣᠯᠤᠨ ᠦᠬᠠᠶ ᠶᠢᠨ ᠯᠠᠨᠲᠢᠶᠠᠨ ᠠᠮᠠᠷᠠᠯᠲᠠ ᠶᠢᠨ ᠡᠳᠦᠷ ᠤᠨ ᠪᠠᠭᠤᠳᠠᠯ ᠤᠨ ᠬᠢᠵᠠᠭᠠᠷᠲᠤ ᠺᠣᠮᠫᠠᠨᠢ ᠤᠷᠤᠭᠰᠢᠲᠠᠶ ᠭᠡᠷ᠎ᠡ ᠲᠣᠭᠲᠠᠪᠠ᠃ ᠬᠤᠲᠠ ᠶᠢᠨ ᠳᠡᠳ᠋ ᠳᠠᠷᠤᠭ᠎ᠠ ᠡᠤ ᠶᠧ ᠸᠧᠨ ᠵᠢᠴᠢ ᠬᠠᠶᠢᠷᠤᠪ ᠤᠨ ᠲᠣᠬᠤᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ᠂ ᠪᠡᠭᠡᠵᠢᠩ ᠤᠨ ᠠᠩᠬᠠᠳᠠᠭᠴᠢ ᠪᠠᠷᠢᠭᠠᠳᠠ ᠶᠢᠨ ᠵᠢᠶᠠᠨ ᠭᠦᠸᠧ ᠪᠦᠯᠦᠭᠯᠡᠯ ᠤᠨ ᠲᠥᠯᠥᠭᠡᠯᠡᠭᠴᠢ ᠪᠣᠯᠤᠨ ᠦᠬᠠᠶ ᠬᠤᠲᠠ ᠶᠢᠨ ᠯᠠᠨ ᠲᠢᠶᠠᠨ ᠠᠮᠠᠷᠠᠯᠲᠠ ᠶᠢᠨ ᠡᠳᠦᠷ ᠤᠨ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃  ᠶᠣᠰᠣᠯᠠᠯ ᠳᠡᠭᠡᠷ᠎ᠡ᠂ ᠦᠬᠠᠶ ᠬᠤᠲᠠ ᠶᠢᠨ ᠯᠠᠨ ᠲᠢᠶᠠᠨ ᠠᠮᠠᠷᠠᠯᠲᠠ ᠶᠢᠨ ᠪᠠᠭᠤᠳᠠᠯ ᠤᠨ ᠬᠠᠷᠢᠭᠤᠴᠠᠯᠭᠠᠲᠠᠨ ᠯᠠᠨ ᠲᠢᠶᠠᠨ ᠠᠭᠤᠳᠠᠮ ᠲᠠᠯᠠᠪᠠᠢ ᠵᠢᠴᠢ ᠦᠬᠠᠶ ᠬᠤᠲᠠ ᠶᠢᠨ ᠯᠠᠨ ᠲᠢᠶᠠᠨ ᠵᠢᠶᠠᠨ ᠭᠦᠸᠧ ᠪᠠᠭᠤᠳᠠᠯ ᠤᠨ ᠲᠥᠷᠥᠯ ᠵᠤᠶᠢᠯ ᠤᠨ ᠪᠣᠳᠠᠲᠠᠶ ᠪᠠᠶᠢᠳᠠᠯ ᠢ ᠲᠠᠨᠢᠯᠴᠠᠭᠤᠯᠪᠠ᠃ ᠪᠡᠭᠡᠵᠢᠩ ᠤᠨ ᠠᠩᠬᠠᠳᠠᠭᠴᠢ ᠪᠠᠷᠢᠭᠠᠳᠠ ᠶᠢᠨ ᠵᠢᠶᠠᠨ ᠭᠦᠸᠧ ᠪᠦᠯᠦᠭᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠦᠬᠠᠶ ᠬᠤᠲᠠ ᠶᠢᠨ ᠯᠠᠨᠲ᠋ᠢᠶᠠᠨ ᠤ ᠵᠢᠶᠠᠨ ᠭᠦᠸᠧ ᠪᠠᠭᠤᠳᠠᠯ ᠤᠨ ᠲᠥᠷᠥᠯ ᠵᠤᠶᠢᠯ ᠢ ᠪᠦᠬᠦ ᠬᠦᠴᠦᠨ ᠢᠶᠠᠷ ᠢᠶᠠᠨ ᠳᠠᠮᠵᠢᠵᠤ᠂ ᠲᠡᠭᠦᠨ ᠳᠤ ᠲᠤᠰᠬᠠᠶ ᠮᠡᠷᠭᠡᠵᠢᠯ ᠤᠨ ᠬᠠᠮᠢᠶᠠᠷᠤᠯᠲᠠ᠂ ᠲᠤᠰᠬᠠᠶ ᠮᠡᠷᠭᠡᠵᠢᠯ ᠤᠨ ᠲᠠᠯ᠎ᠠ ᠶᠢᠨ ᠬᠦᠴᠦᠷᠬᠡᠭ ᠶᠡᠭᠡ ᠳᠡᠮᠵᠢᠯᠭᠡ ᠬᠠᠩᠭᠠᠬᠤ ᠶᠢᠨ ᠬᠠᠮᠲᠤ ︽ᠵᠢᠶᠠᠨ ᠭᠦᠸᠧ︾ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠠᠰᠢᠭᠯᠠ ᠪᠠᠭᠤᠳᠠᠯ ᠤᠨ ᠶᠠᠰᠤ ᠴᠢᠨᠠᠷ  ᠢ ᠳᠡᠭᠡᠭᠰᠢᠯᠡᠭᠦᠯᠵᠦ᠂ ᠪᠠᠭᠤᠳᠠᠯ ᠤᠨ ᠠᠯᠳᠠᠷᠰᠢᠯ ᠢ ᠥᠷᠭᠡᠳᠬᠡᠨ᠎ᠡ ᠭᠡᠵᠦ ᠢᠯᠡᠳᠬᠡᠪᠡ᠃      ᠬᠤᠶᠠᠷ ᠲᠠᠯ᠎ᠠ ᠪᠠᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠭᠰᠠᠨ ᠤ ᠬᠠᠮᠲᠤ᠂ ᠦᠬᠠᠶ ᠬᠤᠲᠠ ᠶᠢᠨ ᠦᠳᠲᠡᠷ ᠲᠦᠷᠭᠡᠨ ᠬᠥᠭᠵᠢᠯᠲᠡ ᠶᠢᠨ ᠬᠤᠷᠳᠤᠴᠠ᠂ ᠡᠯᠪᠡᠭ ᠪᠠᠶᠠᠯᠢᠭ ᠰᠣᠶᠣᠯ ᠤᠨ ᠠᠭᠤᠯᠬᠤᠨ ᠵᠢᠴᠢ ᠰᠠᠶᠢᠨ ᠰᠠᠶᠢᠬᠠᠨ ᠵᠤᠭᠠᠴᠠᠯ ᠤᠨ ᠣᠷᠴᠢᠨ ᠲᠣᠭᠤᠷᠢᠨ ᠨᠢ ᠵᠢᠶᠠᠨ ᠭᠦᠸᠧ ᠵᠣᠴᠢᠳ ᠤᠨ ᠪᠠᠭᠤᠳᠠᠯ ᠳᠤ ᠦᠬᠠᠶ ᠬᠤᠲᠠ ᠳᠤ ᠨᠤᠲᠤᠭᠰᠢᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠂ ᠯᠠᠨᠲ᠋ᠢᠶᠠᠨ ᠤ ᠵᠢᠶᠠᠨ ᠭᠦᠸᠧ ᠵᠣᠴᠢᠳ ᠤᠨ ᠪᠠᠭᠤᠳᠠᠯ ᠢ ᠪᠠᠶᠢᠭᠤᠯᠤᠭᠰᠠᠨ ᠨᠢ ᠦᠬᠠᠶ ᠬᠤᠲᠠ ᠶᠢᠨ ᠵᠤᠭᠠᠴᠠᠯ ᠤᠨ ᠵᠠᠬ᠎ᠠ ᠳᠡᠯᠭᠡᠭᠦᠷ ᠢ ᠴᠢᠨᠠᠭᠰᠢᠳᠠ ᠪᠠᠶᠠᠯᠢᠭᠵᠢᠭᠤᠯᠬᠤ ᠪᠣᠯᠤᠨ᠎ᠠ ᠭᠡᠵᠦ ᠰᠠᠨᠠᠯ ᠨᠢᠭᠡᠲᠡᠢ ᠦᠵᠡᠵᠦ᠂ ᠬᠤᠶᠠᠷ ᠲᠠᠯ᠎ᠠ ᠪᠠᠷ ᠢᠶᠠᠨ᠂ ᠦᠬᠠᠶ ᠬᠤᠲᠠ ᠶᠢᠨ ᠯᠠᠨᠲ᠋ᠢᠶᠠᠨ ᠵᠢᠶᠠᠨ ᠭᠦᠸᠧ ᠵᠣᠴᠢᠳ ᠤᠨ ᠪᠠᠭᠤᠳᠠᠯ ᠢ ᠬᠠᠮᠲᠤᠪᠠᠷ ᠦᠬᠠᠶ ᠬᠤᠲᠠ ᠶᠢᠨ ᠣᠨᠴᠠᠯᠢᠭ ᠲᠠᠢ ᠲᠡᠷᠢᠭᠦᠨ ᠵᠡᠷᠭᠡ ᠶᠢᠨ ᠰᠣᠳᠣᠨ ᠵᠣᠴᠢᠳ ᠤᠨ ᠪᠠᠭᠤᠳᠠᠯ ᠪᠣᠯᠭᠠᠨ ᠪᠦᠲᠦᠭᠡᠨ ᠪᠠᠶᠢᠭᠤᠯᠤᠨ᠎ᠠ ᠭᠡᠵᠦ ᠢᠯᠡᠳᠬᠡᠪᠡ᠃      ᠦᠬᠠᠶ ᠬᠤᠲᠠ ᠶᠢᠨ ᠯᠠᠨ ᠲᠢᠶᠠᠨ ᠵᠢᠶᠠᠨ ᠭᠦᠸᠧ ᠵᠣᠴᠢᠳ ᠤᠨ ᠪᠠᠭᠤᠳᠠᠯ ᠸᠠᠨ ᠳ᠋ᠠ ᠠᠭᠤᠳᠠᠮ ᠲᠠᠯᠠᠪᠠᠢ ᠶᠢᠨ ᠭᠤᠤᠯ ᠬᠤᠳᠠᠯᠳᠤᠭᠠᠨ ᠤ ᠲᠣᠭᠤᠷᠢᠭ ᠲᠤ ᠪᠠᠶᠢᠷᠢᠯᠠᠵᠤ᠂ ᠵᠡᠭᠦᠨᠰᠢ ᠬᠠᠢ ᠯᠠ ᠵᠠᠮ᠂ ᠪᠠᠷᠠᠭᠤᠨᠰᠢ ᠸᠠᠨ ᠳ᠋ᠠ ᠠᠭᠤᠳᠠᠮ ᠲᠠᠯᠠᠪᠠᠢ ᠲᠠᠢ ᠬᠥᠷᠰᠢᠯᠡᠵᠦ᠂ ᠶᠡᠷᠦᠩᠬᠡᠶ ᠪᠠᠷᠢᠯᠭ᠎ᠠ ᠶᠢᠨ ᠲᠠᠯᠠᠪᠠᠢ ᠨᠢ ᠪᠠᠷᠤᠭ 3 ᠲᠦᠮᠡᠨ ᠲᠡᠭᠰᠢ ᠳᠥᠷᠪᠡᠯᠵᠢᠨ ᠮᠧᠲᠷ᠂ ᠵᠣᠴᠢᠳ ᠤᠨ ᠥᠷᠥᠭᠡ 200 ᠭᠠᠷᠤᠶ ᠲᠠᠰᠤᠯᠭ᠎ᠠ ᠪᠠᠶᠢᠨ᠎ᠠ᠃ ᠦᠬᠠᠶ ᠬᠤᠲᠠ ᠶᠢᠨ ᠯᠠᠨ ᠲᠢᠶᠠᠨ ᠵᠢᠶᠠᠨ ᠭᠦᠸᠧ ᠪᠠᠭᠤᠳᠠᠯ ᠪᠠᠶᠢᠭᠤᠯᠤᠭᠳᠠᠭᠰᠠᠨ ᠨᠢ ᠦᠬᠠᠶ ᠬᠤᠲᠠ ᠶᠢᠨ ᠵᠤᠭᠠᠴᠠᠯ ᠤᠨ ᠦᠢᠯᠡᠰ ᠤᠨ ᠬᠥᠭᠵᠢᠯᠲᠡ ᠳᠤ ᠬᠥᠳᠡᠯᠭᠡᠬᠦ ᠬᠦᠴᠦᠨ ᠬᠠᠩᠭᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢ ᠴᠢᠨᠠᠭᠰᠢᠳᠠ ᠳᠠᠶᠢᠴᠢᠯᠠᠵᠤ᠂ ᠬᠤᠲᠠ ᠶᠢᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号