ᠴᠡᠭᠡᠯ ᠠᠭᠤᠯᠠ ᠪᠠᠯᠭᠠᠰᠤᠨ ᠤ ︽ᠲᠣᠰᠬᠤᠨ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ︾᠎ ᠶᠢᠨ ᠬᠡᠪ ᠵᠠᠭᠪᠤᠷ ᠨᠢ ᠦᠵᠡᠮᠦᠷᠢ ᠶᠢᠨ ᠲᠡᠭᠦᠪᠦᠷᠢ ᠶᠢ ᠬᠥᠭᠵᠢᠭᠦᠯᠵᠡᠶ
ᠨᠡᠶᠢᠲᠡᠯᠡᠭᠰᠡᠨ ᠴᠠᠭ᠄
2019-11-18
     ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤ ᠶᠢᠨ ᠲᠤᠸᠠᠨ ᠵᠢᠶᠧ ᠰᠢᠨ ᠲᠣᠰᠬᠤᠨ ᠤ ᠵᠡᠭᠦᠨ ᠲᠠᠯ᠎ᠠ ᠳᠤ ᠪᠠᠶᠢᠭ᠎ᠠ ᠪᠣᠬᠢᠷᠲᠤᠯ ᠦᠭᠡᠢ ᠵᠢᠮᠢᠰ ᠨᠣᠭᠤᠭ᠎ᠠ ᠲᠡᠭᠦᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠲᠤ᠂ ᠳᠦᠷᠪᠡᠨ ᠣᠶᠤᠨᠴᠢ ᠬᠠᠮᠲᠤᠷᠠᠯᠴᠠᠭᠰᠠᠨ ᠬᠦᠯᠡᠮᠵᠢ ᠶᠢᠨ ᠲᠣᠮᠣ ᠰᠠᠷᠠᠪᠴᠢᠨ ᠳᠤ ᠲᠠᠷᠢᠭᠰᠠᠨ ᠵᠢᠮᠢᠰᠭᠡᠨ᠎ᠡ᠂ ᠠᠮᠲᠠᠲᠤ ᠬᠡᠮᠬᠡ᠂ ᠫᠷᠤᠤᠸ᠋ᠨᠰ ᠤᠨ ᠲᠥᠪᠡᠳ ᠬᠠᠰᠢ ᠵᠢᠮᠢᠰ ᠡᠯᠭᠦᠵᠦ᠂ ᠤᠳᠠᠯ ᠦᠭᠡᠢ ᠵᠠᠬ᠎ᠠ ᠳᠡᠯᠭᠡᠭᠦᠷ ᠲᠤ ᠭᠠᠷᠬᠤ ᠭᠡᠵᠦ ᠪᠠᠶᠢᠨ᠎ᠠ᠃ ᠰᠠᠭᠤᠷᠢᠨ ᠭᠠᠵᠠᠷ ᠤᠨ ᠳᠣᠲᠣᠷᠠᠬᠢ ᠲᠠᠷᠢᠶᠠᠴᠢᠨ ᠠᠶᠢᠯ ᠤᠨ ᠵᠤᠭᠠᠴᠠᠯ ᠢ ᠲᠤᠰᠬᠠᠶᠢᠯᠠᠨ ᠡᠵᠡᠩᠨᠡᠵᠦ ᠪᠠᠶᠢᠭ᠎ᠠ ᠭᠤᠷᠪᠠᠨ ᠮᠣᠩᠭᠤᠯ ᠭᠡᠷ ᠣᠨᠴᠠᠭᠠᠢ ᠢᠯᠡ ᠲᠣᠳᠣ ᠪᠠᠶᠢᠳᠠᠭ᠃      ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤ 2019 ᠤᠨ ᠤ ᠤᠯᠤᠰ ᠤᠨ ᠲᠡᠰ ᠤᠨ ᠬᠠᠮᠲᠤ ᠶᠢᠨ ᠠᠵᠤ ᠠᠬᠤᠢ ᠶᠢᠨ ᠭᠤᠤᠯᠳᠠᠯᠭ᠎ᠠ ᠲᠠᠢ ᠲᠡᠳᠬᠦᠬᠦ ᠲᠣᠰᠬᠤᠨ ᠢᠶᠠᠷ ᠠᠵᠠ ᠲᠣᠬᠢᠶᠠᠯ ᠪᠣᠯᠭᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠲᠣᠭᠤᠷᠢᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠬᠦᠴᠦᠲᠡᠶ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ᠡᠯ᠎ᠡ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠲᠡᠳᠬᠦᠬᠦ ᠪᠡᠯᠡ ᠮᠥᠩᠭᠦ ᠵᠢᠴᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠠᠰᠢᠭᠯᠠ ᠨᠡᠶᠢᠲᠡ 500 ᠲᠦᠮᠡᠨ ᠲᠥᠭᠦᠷᠢᠭ ᠬᠡᠷᠡᠭᠯᠡᠵᠦ᠂ ︽ᠬᠤᠷᠰᠢᠶ᠎ᠠ + ᠠᠵᠤ ᠠᠬᠤᠶᠢᠯᠠᠯ + ᠲᠠᠷᠢᠶᠠᠴᠢᠨ ᠡᠷᠦᠬᠡ︾᠎ ᠶᠢᠨ ︽ᠲᠣᠰᠬᠤᠨ ᠠᠵᠤ ᠠᠬᠤᠶᠢᠯᠠᠯ ᠤᠨ ᠬᠠᠮᠲᠤᠷᠠᠯᠴᠠᠭ᠎ᠠ︾᠎ ᠶᠢᠨ ᠵᠠᠭᠪᠤᠷ ᠢ ᠬᠡᠷᠡᠭᠯᠡᠵᠦ᠂ ᠹᠦ᠋ ᠬᠠᠢ ᠲᠠᠷᠢᠶᠠᠯᠠᠩ ᠤᠨ ᠬᠢᠵᠠᠭᠠᠷ ᠲᠠᠢ ᠬᠥᠭᠵᠢᠯᠲᠡ ᠶᠢᠨ ᠺᠣᠮᠫᠠᠨᠢ ᠲᠠᠢ ᠬᠠᠮᠲᠤᠪᠠᠷ ᠡᠨᠡᠬᠦ ᠲᠣᠰᠬᠤᠨ ᠤ ᠬᠠᠮᠲᠤ ᠶᠢᠨ ᠠᠵᠤ ᠠᠬᠤᠶ ᠶᠢ ᠴᠣᠭᠴᠠᠯᠠᠵᠤ᠂ ᠲᠠᠷᠢᠬᠤ ᠪᠠ ᠲᠠᠷᠢᠶᠠᠴᠢᠨ ᠠᠶᠢᠯ ᠤᠨ ᠵᠤᠭᠠᠴᠠᠯ ᠤᠨ ᠢᠳᠡᠭᠡᠨ ᠤᠮᠳᠠᠭᠠᠨ ᠢᠶᠠᠷ ᠭᠤᠤᠯ ᠪᠣᠯᠭᠠᠵᠤ᠂ ᠰᠠᠭᠤᠷᠢᠨ ᠭᠠᠵᠠᠷ ᠤᠨ ᠶᠡᠷᠦᠩᠬᠡᠶ ᠲᠠᠯᠠᠪᠠᠢ ᠨᠢ ᠪᠠᠷᠤᠭ 40 ᠮᠦ᠃ ᠡᠭᠦᠨ ᠠᠴᠠ ᠭᠠᠳᠠᠨ᠎ᠠ᠂ ᠴᠡᠭᠡᠯ ᠠᠭᠤᠯᠠ ᠪᠠᠯᠭᠠᠰᠤ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠪᠡᠯᠡ ᠣᠷᠣᠭᠤᠯᠤᠯᠲᠠ ᠶᠢᠨ ᠠᠷᠭ᠎ᠠ ᠬᠡᠯᠪᠡᠷᠢ ᠪᠠᠷ᠂ 10 ᠡᠷᠦᠬᠡ ᠪᠠᠶᠠᠵᠢᠨ ᠴᠢᠨᠡᠭᠡᠯᠢᠭᠵᠢᠬᠦ ᠣᠷᠭᠢᠯᠤᠮ᠎ᠠ ᠬᠠᠯᠠᠭᠤᠨ ᠰᠡᠳᠬᠢᠯᠭᠡ ᠲᠠᠢ᠂ ᠢᠳᠡᠪᠬᠢᠵᠢᠯ ᠴᠢᠩᠭ᠎ᠠ᠂ ᠰᠠᠭᠤᠷᠢ ᠰᠠᠶᠢᠲᠠᠶ ᠲᠠᠷᠢᠮᠠᠯ ᠤᠨ ᠲᠠᠷᠢᠶᠠᠴᠢᠨ ᠡᠷᠦᠬᠡ ᠶᠢ ᠨᠠᠷᠢᠯᠢᠭ ᠰᠣᠩᠭᠤᠵᠤ᠂ ︽ᠨᠢᠭᠡ ᠡᠷᠤᠭᠡ ᠨᠢᠭᠡ ᠠᠷᠭ᠎ᠠ ᠪᠣᠳᠣᠯᠭ᠎ᠠ︾᠎ ᠶᠢᠨ ᠵᠠᠭᠪᠤᠷ ᠢᠶᠠᠷ ᠦᠯᠢᠭᠡᠷ ᠳᠠᠭᠤᠷᠢᠶᠠᠯ ᠪᠣᠯᠬᠤ ᠡᠷᠦᠬᠡ ᠶᠢ ᠪᠠᠶᠢᠭᠤᠯᠪᠠ᠃ ᠲᠥᠷᠥᠯ ᠵᠤᠶᠢᠯ ᠨᠢ ︽ᠲᠣᠭᠲᠠᠮᠠᠯ ᠤᠷᠤᠯᠭ᠎ᠠ ᠬᠤᠪᠢᠶᠠᠬᠤ + ᠬᠤᠶᠠᠳᠠᠬᠢ ᠤᠳᠠᠭ᠎ᠠ ᠤᠷᠤᠯᠭ᠎ᠠ ᠬᠤᠪᠢᠶᠠᠬᠤ︾᠎ ᠶᠢᠨ ᠠᠷᠭ᠎ᠠ ᠬᠡᠯᠪᠡᠷᠢ ᠶᠢ ᠠᠪᠴᠤ᠂ ᠵᠢᠱᠢᠯᠲᠡ ᠪᠠᠷ ᠡᠨᠡ ᠵᠢᠯ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 12.5 ᠲᠦᠮᠡᠨ ᠲᠥᠭᠦᠷᠢᠭ ᠪᠡᠶᠡᠯᠡᠭᠦᠯᠦᠨ᠎ᠡ᠃      ᠠᠵᠤ ᠠᠬᠤᠶᠢᠯᠠᠯ ᠤᠨ ᠲᠤᠰᠬᠠᠶ ᠲᠠᠷᠢᠮᠠᠯ ᠤᠨ ᠠᠵᠢᠯᠲᠠᠨ ᠰᠠᠷ᠎ᠠ ᠪᠦᠷᠢ 4᠎ ᠠᠴᠠ 5 ᠲᠠᠷᠢᠶᠠᠴᠢᠨ ᠡᠷᠦᠬᠡ ᠳᠤ ᠬᠦᠷᠴᠦ᠂ ᠲᠥᠯᠥᠪᠦᠷᠢ ᠦᠭᠡᠢ ᠪᠠᠷ ᠬᠤᠣᠷᠲᠤ ᠰᠢᠪᠡᠵᠢ ᠶᠢ ᠰᠢᠢᠤᠡᠪᠤᠷᠢᠯᠡᠬᠦ᠂ ᠬᠥᠷᠥᠰᠥ ᠰᠢᠷᠣᠶ ᠶᠢ ᠠᠷᠢᠭᠤᠳᠬᠠᠬᠤ ᠵᠡᠷᠭᠡ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠬᠠᠩᠭᠠᠵᠤ᠂ ᠬᠤᠶᠠᠷ ᠲᠠᠷᠢᠶᠠᠴᠢᠨ ᠡᠷᠦᠬᠡ ᠳᠤ ᠰᠤᠶᠢᠤᠡᠭᠡᠯ ᠬᠤᠷᠢᠶᠠᠬᠤ ᠦᠭᠡᠢ ᠪᠠᠷ ᠴᠢᠬᠢ ᠮᠣᠳᠣ ᠬᠠᠩᠭᠠᠵᠤ ᠥᠭᠴᠡᠶ᠃ ᠰᠢᠨ᠎ᠡ ᠲᠥᠷᠥᠯ ᠵᠤᠶᠢᠯ ᠢ ᠣᠷᠣᠭᠤᠯᠵᠤ ᠠᠪᠴᠢᠷᠠᠬᠤ ᠠᠴᠠ ᠡᠮᠦᠨ᠎ᠡ᠂ ᠹᠦ᠋ ᠬᠠᠢ ᠲᠠᠷᠢᠶᠠᠯᠠᠩ ᠤᠨ ᠬᠢᠵᠠᠭᠠᠷᠲᠤ ᠬᠥᠭᠵᠢᠯᠲᠡ ᠶᠢᠨ ᠺᠣᠮᠫᠠᠨᠢ ᠤᠷᠢᠳ ᠢᠶᠠᠷ ᠲᠤᠷᠰᠢᠨ ᠲᠠᠷᠢᠬᠤ ᠬᠡᠷᠡᠭᠲᠡᠶ᠂ ᠲᠥᠷᠥᠯ ᠵᠤᠶᠢᠯ ᠤᠨ ᠲᠤᠷᠰᠢᠯᠲᠠ ᠰᠠᠶᠢᠨ᠂ ᠭᠠᠷᠤᠯᠲᠠ ᠥᠨᠳᠥᠷ᠂ ᠠᠵᠤ ᠠᠬᠤᠢ ᠶᠢᠨ ᠦᠷ᠎ᠡ ᠠᠰᠢᠭ ᠰᠠᠶᠢᠨ᠂ ᠨᠠᠩ ᠠᠮᠠᠷᠬᠠᠨ ᠬᠠᠮᠢᠶᠠᠷᠪᠠᠯ ᠰᠠᠶ᠋ᠢ ᠲᠠᠷᠢᠶᠠᠯᠠᠬᠤ ᠣᠷᠣᠨ ᠤ ᠰᠠᠭᠤᠭᠠᠯᠢ ᠠᠷᠠᠳ ᠲᠤ ᠲᠠᠷᠢᠵᠤ ᠥᠭᠴᠦ ᠴᠢᠳᠠᠨ᠎ᠠ᠂ ᠤᠳᠤ ᠰᠢᠨ᠎ᠡ ᠲᠣᠰᠬᠤᠨ ᠤ ᠴᠥᠭᠡᠨ ᠪᠤᠰᠤ ᠲᠠᠷᠢᠶᠠᠴᠢᠨ ᠡᠷᠦᠬᠡ ᠲᠠᠢ ᠪᠦᠯᠬᠦᠮᠳᠡᠨ ᠣᠷᠭᠠᠨᠢᠭ ᠪᠦᠲᠦᠭᠡᠭᠳᠡᠬᠦᠨ ᠲᠠᠷᠢᠬᠤ ᠠᠵᠢᠯ ᠢ ᠥᠷᠨᠢᠭᠦᠯᠵᠦ ᠪᠠᠶᠢᠨ᠎ᠠ᠃        ᠹᠦ᠋ ᠬᠠᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠨᠢᠤ ᠱᠠᠩ ᠬᠠᠢ᠄ ︽ᠪᠢᠳᠡ ᠤ ᠲᠤᠸᠠᠨ ᠵᠢᠶᠧ ᠰᠢᠨ᠎ᠡ ᠲᠣᠰᠬᠤᠨ᠂ ᠡᠯ᠎ᠡ ᠲᠠᠯ᠎ᠠ ᠶᠢᠨ ᠨᠥᠬᠦᠴᠡᠯ ᠨᠡᠯᠢᠶᠡᠳ ᠪᠣᠯᠪᠠᠰᠤᠷᠠᠩᠭᠤᠶ ᠪᠣᠯᠵᠤ᠂ ᠲᠠᠷᠢᠶᠠᠴᠢᠨ ᠡᠷᠦᠬᠡ ᠪᠣᠯᠭᠠᠨ ᠳᠤ ᠪᠦᠷ ᠨᠢᠭᠡ ᠲᠣᠮᠣ ᠰᠠᠷᠠᠪᠴᠢ ᠲᠠᠢ᠃ ᠪᠠᠭ᠎ᠠ ᠨᠣᠭᠤᠭ᠎ᠠ ᠲᠠᠷᠢᠪᠠᠯ ᠵᠢᠯ ᠪᠦᠷᠢ ᠨᠢᠭᠡ ᠬᠤᠶᠠᠷ ᠲᠦᠮᠡᠨ ᠲᠥᠭᠦᠷᠢᠭ ᠤᠨ ᠣᠷᠣᠯᠭ᠎ᠠ ᠣᠯᠵᠤ ᠪᠣᠯᠤᠨ᠎ᠠ᠃ ᠰᠢᠨ᠎ᠡ ᠪᠦᠲᠦᠭᠡᠭᠳᠡᠬᠦᠨ ᠲᠠᠷᠢᠪᠠᠯ᠂ ᠮᠠᠨ ᠤ ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠳᠣᠤᠷ᠎ᠠ᠂ ᠨᠢᠭᠡ ᠮᠦ ᠶᠡᠭᠡ ᠫᠧᠩ ᠵᠢᠷᠭᠤᠭ᠎ᠠ ᠳᠣᠯᠣᠭᠠᠨ ᠲᠦᠮᠡᠨ ᠮᠦ ᠣᠯᠣᠨ᠎ᠠ᠃︾      ︽ᠪᠢᠳᠡ ᠲᠠᠷᠠᠭᠠᠴᠢ ᠶᠢᠨ ᠠᠯᠬᠤᠮ ᠳᠤ ᠲᠤᠷᠤᠭᠰᠢ ᠪᠠᠭᠤᠯᠭᠠᠭᠰᠠᠨ ᠪᠠᠯᠠ ᠮᠥᠩᠭᠦ ᠶᠢ ᠬᠡᠷᠡᠭᠯᠡᠵᠦ᠂ ᠤᠷᠢᠳᠠᠪᠠᠷ 15 ᠡᠷᠦᠬᠡ ᠲᠠᠷᠢᠮᠠᠯ ᠤᠨ ᠴᠢᠳᠠᠪᠤᠷᠢᠲᠠᠨ ᠢ ᠪᠣᠶ ᠪᠣᠯᠭᠠᠵᠤ᠂ ᠮᠡᠷᠭᠡᠵᠢᠯ ᠤᠨ ᠪᠣᠷᠣᠯᠠᠭᠤᠯᠭ᠎ᠠ ᠪᠠᠷ ᠲᠣᠭᠤᠷᠢᠨ ᠦᠵᠡᠵᠦ ᠲᠡᠭᠦᠵᠦ᠂ ᠪᠦᠬᠦ᠋ᠢᠯᠡ ᠲᠣᠰᠬᠤᠨ ᠢᠶᠠᠷ ᠢᠶᠠᠨ ᠬᠡᠯᠪᠡᠷᠢ ᠪᠠᠨ ᠬᠤᠪᠢᠷᠠᠭᠤᠯᠤᠨ ᠲᠠᠷᠢᠮᠠᠯ ᠤᠨ ᠪᠦᠲᠦᠴᠡ ᠶᠢ ᠪᠣᠶ ᠪᠣᠯᠭᠠᠵᠤ᠂ ᠣᠷᠭᠠᠨᠢᠭ ᠪᠦᠲᠦᠭᠡᠭᠳᠡᠬᠦᠨ ᠢ ᠬᠥᠭᠵᠢᠭᠦᠯᠵᠦ᠂ ᠲᠠᠷᠢᠶᠠᠴᠢᠨ ᠡᠷᠦᠬᠡ ᠶᠢᠨ ᠣᠷᠣᠯᠭ᠎ᠠ ᠶᠢ ᠳᠡᠭᠡᠭᠰᠢᠯᠡᠭᠦᠯᠦᠨ᠎ᠡ᠃︾ ᠭᠡᠵᠦ ᠰᠢᠨ᠎ᠡ ᠲᠣᠰᠬᠤᠨ ᠤ ᠨᠠᠮ ᠤᠨ ᠡᠭᠦᠷ ᠤᠨ ᠱᠦᠵᠢ ᠭᠤᠤ ᠫᠧᠢ ᠯᠦᠩ ᠲᠠᠨᠢᠯᠴᠠᠭᠤᠯᠵᠠᠶ᠃      ᠰᠢᠨ᠎ᠡ ᠲᠣᠰᠬᠤᠨ ᠲᠣᠰ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠤᠶᠢᠯ ᠢ ᠪᠦᠷᠢᠮᠦᠰᠦᠨ ᠪᠦᠲᠦᠭᠡᠨ ᠪᠠᠶᠢᠭᠤᠯᠤᠭᠰᠠᠨ ᠤ ᠳᠠᠷᠠᠭ᠎ᠠ᠂ ᠴᠡᠭᠡᠯ ᠠᠭᠤᠯᠠ ᠪᠠᠯᠭᠠᠰᠤᠨ ᠤ ᠰᠢᠨ ᠹᠧᠩ ᠲᠣᠰᠬᠤᠨ ᠤ ᠤᠨᠴᠠᠯᠢᠭᠳᠤ ᠠᠷᠠᠳ ᠤᠨ ᠣᠷᠣᠨ ᠰᠠᠭᠤᠴᠠ ᠬᠥᠳᠡᠭᠡ ᠠᠶᠢᠯ ᠤᠨ ᠵᠤᠭᠠᠴᠠᠯ᠂ ᠸᠠᠩ ᠶᠤᠸᠠᠨ ᠳ᠋ᠢ ᠲᠣᠰᠬᠤᠨ ᠤ ᠬᠥᠳᠡᠭᠡ ᠲᠣᠰᠬᠤᠨ ᠤ ᠥᠩᠭᠡ ᠦᠵᠡᠮᠵᠢ ᠶᠢ ᠪᠡᠶᠡᠴᠢᠯᠡᠨ ᠣᠶᠢᠯᠠᠭᠠᠬᠤ ᠲᠥᠷᠥᠯ ᠵᠤᠶᠢᠯ ᠪᠣᠯᠤᠨ ᠤᠳᠠᠭᠠᠨ ᠠᠢᠵᠠᠮ ᠴᠣᠬᠢᠯᠭ᠎ᠠ ᠲᠠᠢ ᠠᠮᠢᠳᠤᠷᠠᠯ ᠤᠨ ᠲᠣᠭᠤᠷᠢᠭ᠂ ᠪᠠᠶᠠᠨᠤᠰᠤ ᠲᠣᠰᠬᠤᠨ ᠤ ︽ᠬᠥᠳᠡᠭᠡ ᠶᠢᠨ ᠣᠢ ᠰᠢᠭᠤᠶ︾᠂ ︽ᠵᠢᠭᠠᠰᠤ ᠭᠠᠯᠠᠭᠤ ᠲᠡᠵᠢᠭᠡᠨ ᠦᠷᠡᠵᠢᠭᠦᠯᠬᠦ︾᠂ ︽ᠣᠷᠴᠢᠯᠠᠩ ᠢ ᠪᠠᠷᠠᠯᠠᠬᠤ︾ ᠵᠡᠷᠭᠡ ᠤᠨᠴᠠᠯᠢᠬᠳᠤ ᠠᠵᠤ ᠦᠢᠯᠡᠰ ᠤᠨ ᠲᠥᠷᠥᠯ ᠵᠤᠶᠢᠯ ᠢ ᠪᠠᠶᠢᠭᠤᠯᠵᠤ᠂ ᠰᠡᠯᠡᠭᠦᠴᠡᠯ ᠵᠤᠭᠠᠴᠠᠯ ᠤᠨ ᠤᠶᠢᠯᠡᠰ ᠢ ᠪᠦᠷᠢᠯᠳᠦᠭᠦᠯᠵᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ ᠶᠢ ᠠᠬᠢᠭᠤᠯᠤᠨ᠎ᠠ᠃      ᠡᠨᠡ ᠵᠢᠯ᠂ ᠴᠡᠭᠡᠯ ᠠᠭᠤᠯᠠ ᠪᠠᠯᠭᠠᠰᠤ ᠲᠣᠰ ᠪᠡᠶ᠎ᠡ ᠶᠢᠨ ᠳᠠᠪᠠᠭᠤᠯᠢᠭ ᠲᠠᠭᠠᠨ ᠲᠦᠰᠢᠭᠯᠡᠨ᠂ ᠲᠤᠰᠬᠠᠶ ᠮᠡᠷᠭᠡᠵᠢᠯ ᠤᠨ ᠲᠠᠷᠢᠶᠠᠯᠠᠩ ᠤᠨ ᠬᠤᠷᠰᠢᠶ᠎ᠠ ᠶᠢ ᠲᠦᠷᠦᠭᠦᠯᠡᠨ ᠪᠠᠶᠢᠭᠤᠯᠵᠤ᠂ ᠦᠷ᠎ᠡ ᠠᠰᠢᠭ ᠢᠶᠠᠷ ᠥᠨᠳᠥᠷ᠂ ᠢᠲᠡᠭᠡᠯ ᠬᠦᠨᠳᠦ ᠪᠠᠷ ᠰᠠᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ︽ᠨᠠᠮ ᠤᠨ ᠵᠣᠬᠢᠶᠠᠨ ᠪᠠᠶᠢᠭᠤᠯᠤᠯᠲᠠ + ᠲᠣᠰᠬᠤᠨ ᠤ ᠬᠠᠮᠲᠤ ᠨᠡᠶᠢᠲᠡ + ᠬᠤᠷᠰᠢᠶ᠎ᠠ + ᠠᠵᠤ ᠠᠬᠤᠶᠢᠯᠠᠯ︾᠎ ᠤᠨ ᠵᠠᠭᠪᠤᠷ ᠢᠶᠠᠷ ᠲᠣᠰᠬᠤᠨ ᠤ ᠬᠠᠮᠲᠤ ᠶᠢᠨ ᠠᠵᠤ ᠠᠬᠤᠶ ᠶᠢ ᠠᠬᠢᠭᠤᠯᠵᠤ᠂ ᠪᠠᠶᠠᠨᠤᠰᠤ ᠲᠣᠰᠬᠤᠨ ᠤ ︽ᠤᠨᠴᠠᠯᠢᠭᠳᠤ ᠲᠠᠷᠢᠵᠤ ᠲᠡᠵᠢᠭᠡᠬᠦ ᠬᠠᠭᠤᠳᠠᠰᠤ︾᠂ ᠰᠢᠨ ᠹᠧᠩ ᠲᠣᠰᠬᠤᠨ ᠤ ︽ᠲᠣᠰᠬᠤᠨ ᠠᠵᠤ ᠠᠬᠤᠶᠢᠯᠠᠯ ᠬᠠᠮᠲᠤ ᠪᠠᠷ ᠪᠠᠶᠢᠭᠤᠯᠬᠤ ᠬᠠᠭᠤᠳᠠᠰᠤ︾᠂ ᠰᠢᠨ᠎ᠡ ᠳ᠋ᠢ ᠲᠣᠰᠬᠤᠨ ᠤ ︽ᠬᠥᠳᠡᠭᠡ ᠲᠣᠰᠬᠤᠨ ᠤ ᠠᠷᠠᠯᠵᠢᠶ᠎ᠠ ᠴᠤᠭᠯᠠᠭᠤᠯᠬᠤ ᠬᠠᠭᠤᠳᠠᠰᠤ︾᠂ ᠸᠠᠩ ᠶᠤᠸᠠᠨ ᠳ᠋ᠢ ᠲᠣᠰᠬᠤᠨ ᠤ ︽ᠡᠭᠡᠯ ᠠᠷᠠᠳ ᠤᠨ ᠰᠣᠶᠣᠯ ᠤᠨ ᠬᠠᠭᠤᠳᠠᠰᠤ︾᠂ ᠪᠦᠯᠬᠦᠮᠳᠡᠯ ᠰᠢᠨ᠎ᠡ ᠲᠣᠰᠬᠤᠨ ᠤ︽ᠪᠣᠬᠢᠷᠲᠤᠯ ᠦᠭᠡᠢ ᠲᠡᠭᠦᠵᠦ ᠴᠤᠭᠯᠠᠭᠤᠯᠬᠤ ᠬᠠᠭᠤᠳᠠᠰᠤ︾᠎ ᠶᠢᠨ ᠤᠮᠠᠷᠠᠲᠤ ᠶᠢᠨ ᠠᠮᠢ ᠠᠬᠤᠢ ᠶᠢᠨ ᠵᠤᠭᠠᠴᠠᠯ ᠤᠨ ᠰᠢᠨ᠎ᠡ ᠬᠠᠭᠤᠳᠠᠰᠤ ᠶᠢ ᠴᠣᠭᠴᠠᠯᠠᠨ᠎ᠠ᠃ᠣᠳᠣᠬᠠᠨ ᠳᠤ᠂ ᠪᠠᠶᠠᠨᠤᠰᠤ ᠲᠣᠰᠬᠤᠨ︽ᠣᠳᠣᠨ ᠣᠭᠲᠠᠷᠭᠤᠶ ᠶᠢᠨ ᠢᠳᠡᠰᠢᠨ ᠨᠣᠭᠤᠭ᠎ᠠ︾᠂ ︽ᠬᠥᠳᠡᠭᠡ ᠨᠤᠲᠤᠭ ᠲᠤ ᠣᠢ ᠰᠢᠭᠤᠶ ᠲᠠᠢ︾ ᠵᠢᠭᠠᠰᠤᠨ ᠭᠠᠯᠠᠭᠤ ᠲᠡᠵᠢᠭᠡᠨ ᠦᠷᠡᠵᠢᠭᠦᠯᠬᠦ ᠵᠡᠷᠭᠡ ᠣᠨᠴᠠᠯᠢᠭᠲᠤ ᠲᠠᠷᠢᠵᠤ ᠲᠡᠵᠢᠭᠡᠨ ᠦᠷᠡᠵᠢᠭᠦᠯᠬᠦ ᠲᠥᠷᠥᠯ ᠵᠤᠶᠢᠯ ᠢ ᠶᠡᠬᠡᠪᠡᠷ ᠬᠥᠭᠵᠢᠭᠦᠯᠪᠡ︔ ᠰᠢᠨ ᠳ᠋ᠢ ᠲᠣᠰᠬᠤᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠡᠯᠡ ᠣᠷᠣᠭᠤᠯᠤᠯᠲᠠ ᠪᠠᠷ ᠬᠤᠪᠢ ᠣᠷᠣᠭᠤᠯᠵᠤ᠂ ᠬᠢᠲᠠᠳ ᠡᠮ ᠤᠨ ᠮᠠᠲ᠋ᠧᠷᠢᠶᠠᠯ ᠡᠳ᠋ᠰᠢᠭᠦᠯᠬᠦ ᠲᠥᠷᠥᠯ ᠵᠤᠶᠢᠯ ᠢ ᠬᠡᠷᠡᠭᠵᠢᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠦᠨ᠎ᠡ︔ ᠰᠢᠨ ᠹᠧᠩ ᠲᠣᠰᠬᠤᠨ ︽ᠲᠣᠰᠬᠤᠨ ᠠᠵᠤ ᠠᠬᠤᠶᠢᠯᠠᠯ ᠬᠠᠮᠲᠤ ᠪᠠᠷ ᠪᠠᠶᠢᠭᠤᠯᠬᠤ︾ ᠲᠠᠪᠴᠠᠩ ᠤᠨ ᠳᠠᠪᠠᠭᠤᠯᠢᠭ ᠢᠶᠠᠨ ᠭᠦᠢᠴᠠᠤᠡ ᠪᠠᠳᠠᠷᠠᠭᠤᠯᠵᠤ ᠪᠦᠳᠦᠭᠦᠯᠢᠭ ᠠᠮᠤ ᠪᠣᠯᠪᠠᠰᠤᠷᠠᠭᠤᠯᠬᠤ ᠲᠥᠷᠥᠯ ᠵᠤᠶᠢᠯ ᠢ ᠬᠡᠷᠡᠭᠵᠢᠭᠦᠯᠦᠨ᠎ᠡ︔ ᠸᠠᠩ ᠶᠤᠸᠠᠨ ᠳ᠋ᠢ ᠲᠣᠰᠬᠤᠨ ᠪᠤᠭᠤᠳᠠᠢ ᠲᠠᠷᠢᠬᠤ ᠳᠠᠪᠠᠭᠤᠯᠢᠭ ᠲᠠᠢ ᠤᠶᠠᠯᠳᠤᠭᠤᠯᠤᠨ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠤᠶᠢᠯ ᠢ ᠬᠡᠷᠡᠭᠵᠢᠭᠦᠯᠪᠡ᠃ ᠲᠠᠷᠢᠶᠠᠯᠠᠬᠤ ᠣᠷᠣᠨ ᠤ ᠰᠠᠭᠤᠭᠠᠯᠢ ᠠᠷᠠᠳ ᠴᠥᠮ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠢᠳᠡᠪᠬᠢᠲᠡᠶ ᠪᠠᠷ ᠰᠦᠪᠡᠭᠴᠢᠯᠡᠨ‌ᠤᠶᠢᠯᠡᠳᠤᠯᠭᠡᠵᠢᠭᠦᠯᠵᠤ᠂ ᠠᠮᠢᠳᠤᠷᠠᠯ ᠤᠨ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃      ᠡᠨᠡ ᠵᠢᠯ ᠪᠦᠬᠦ ᠪᠠᠯᠭᠠᠰᠤ ᠪᠠᠷ ᠢᠶᠠᠨ 10 ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠤᠶᠢᠯ ᠢ ᠰᠢᠨ᠎ᠡ ᠪᠠᠷ ᠬᠡᠷᠡᠭᠵᠢᠭᠦᠯᠵᠦ᠂ ᠵᠢᠱᠢᠯᠲᠡ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 108.1 ᠲᠦᠮᠡᠨ ᠲᠥᠭᠦᠷᠢᠭ ᠨᠡᠮᠡᠭᠳᠡᠭᠦᠯᠦᠨ᠎ᠡ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号