ᠨᠡᠷᠡᠲᠡᠢ ᠭᠤᠳᠤᠮᠵᠢ ᠶᠢᠨ ᠰᠠᠭᠤᠭᠠᠯᠢ ᠠᠷᠠᠳ ᠬᠡᠮᠡᠷᠯᠢᠭ ᠲᠤᠭ ᠬᠦᠷᠭᠡᠪᠡ
ᠨᠡᠶᠢᠲᠡᠯᠡᠭᠰᠡᠨ ᠴᠠᠭ᠄
2019-11-18
     11 ᠰᠠᠷ᠎ᠠ ᠶᠢᠨ 15᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠹᠧᠩ ᠬᠤᠸᠠᠩ ᠯᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ ᠴᠧᠩ ᠨᠡᠶᠢᠭᠡᠮ ᠲᠣᠭᠤᠷᠢᠭ ᠤᠨ ᠹᠧᠩ ᠬᠤᠸᠠᠩ ᠭᠤᠳᠤᠮᠵᠢ ᠶᠢᠨ ᠬᠡᠳᠦᠨ ᠰᠠᠭᠤᠭᠠᠯᠢ ᠠᠷᠠᠳ ᠤᠨ ᠲᠥᠯᠥᠭᠡᠯᠡᠭᠴᠢ ᠬᠠᠶᠢᠷᠤᠪ ᠤᠨ ᠲᠣᠬᠤᠢ ᠲᠣᠭᠤᠷᠢᠭ ᠤᠨ ᠨᠠᠮ ᠵᠠᠰᠠᠭ ᠤᠨ ᠲᠣᠮᠣ ᠠᠰᠠᠷ ᠲᠤ ᠢᠷᠡᠵᠦ᠂ ᠨᠢᠭᠡ ᠤᠯᠠᠭᠠᠨ ᠲᠤᠭ ᠢ ᠲᠣᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠤᠷᠳᠤᠨ ᠲᠤ ᠬᠦᠷᠭᠡᠵᠡᠶ᠃ ᠬᠡᠮᠡᠷᠯᠢᠭ ᠲᠤᠭ ᠳᠡᠭᠡᠷ᠎ᠡ ︽ᠠᠷᠠᠳ ᠣᠯᠠᠨ ᠲᠠᠢ ᠰᠡᠳᠬᠢᠯ ᠵᠢᠷᠦᠬᠡ ᠪᠠᠨ ᠬᠤᠯᠪᠤᠨ ᠠᠷᠠᠤᠡ ᠲᠦᠮᠡᠨ  ᠤ ᠠᠯᠪᠠᠨ ᠵᠠᠷᠤᠴᠠ︾ ᠭᠡᠳᠡᠭ ᠦᠭᠡ ᠣᠨᠴᠠ ᠶᠢᠨ ᠲᠣᠳᠣ ᠬᠠᠷᠠᠭᠳᠠᠨ᠎ᠠ᠃
     ᠹᠧᠩ ᠬᠤᠸᠠᠩ ᠤᠨ ᠵᠢᠵᠢᠭ ᠭᠤᠳᠤᠮᠵᠢ ᠪᠣᠯ ᠬᠠᠶᠢᠷᠤᠪ ᠤᠨ ᠲᠣᠬᠤᠢ ᠲᠣᠭᠤᠷᠢᠭ ᠤᠨ ᠱᠤᠸᠠᠩ ᠶᠦᠩ ᠵᠡᠭᠦᠨ ᠵᠡᠭᠡᠯᠢ ᠶᠢᠨ ᠬᠤᠶᠢᠲᠤ ᠨᠢᠭᠡ ᠵᠡᠭᠡᠯᠢ ᠶᠢᠨ ᠪᠠᠶᠢᠰᠢᠩ ᠤᠨ ᠲᠣᠭᠤᠷᠢᠭ᠂ ᠨᠡᠯᠢᠶᠡᠳ ᠬᠠᠭᠤᠴᠢᠨ ᠨᠢᠭᠡ ᠬᠡᠰᠡᠭ ᠪᠠᠶᠢᠰᠢᠩ ᠲᠣᠭᠤᠷᠢᠭ ᠪᠣᠯᠤᠨ᠎ᠠ᠃ ᠨᠢᠳᠤᠨᠤᠨ ᠵᠢᠯ᠂ ᠬᠠᠶᠢᠷᠤᠪ ᠤᠨ ᠲᠣᠬᠤᠢ ᠲᠣᠭᠤᠷᠢᠭ ᠠᠰᠢᠭ ᠲᠤᠰᠠ ᠶᠢ ᠬᠠᠮᠲᠤ ᠪᠠᠷ ᠡᠳ᠋ᠯᠡᠬᠦ᠂ ᠥᠪᠡᠷ ᠤᠨ ᠥᠷᠲᠡᠭ ᠪᠠᠨ ᠲᠡᠭᠰᠢ  ᠪᠠᠷ ᠬᠤᠪᠢᠶᠠᠯᠴᠠᠬᠤ᠂ ᠰᠠᠭᠤᠭᠠᠯᠢ ᠠᠷᠠᠳ ᠣᠷᠣᠯᠴᠠᠬᠤ ᠠᠷᠭ᠎ᠠ ᠬᠡᠯᠪᠡᠷᠢ ᠪᠠᠷ ᠠᠳᠡ ᠡᠬᠢᠯᠡᠨ ᠥᠭᠡᠷᠡᠴᠢᠯᠡᠯᠲᠡ ᠬᠢᠵᠡᠶ᠃ ᠥᠭᠡᠷᠡᠴᠢᠯᠡᠨ ᠪᠠᠶᠢᠭᠤᠯᠬᠤ ᠲᠥᠷᠥᠯ ᠵᠤᠶᠢᠯ ᠨᠢ ᠤᠰᠤ ᠬᠠᠩᠭᠠᠬᠤ᠂ ᠤᠰᠤ ᠵᠠᠯᠠᠬᠤ᠂ ᠢᠯᠴᠢ ᠬᠠᠩᠭᠠᠬᠤ᠂ ᠰᠢᠲᠠᠮᠠᠬᠠᠶ ᠬᠡᠢ᠂ ᠵᠠᠮ ᠢ ᠬᠠᠲᠠᠭᠤᠷᠠᠭᠤᠯᠬᠤ᠂ ᠨᠡᠶᠢᠲᠡ ᠶᠢᠨ ᠵᠣᠷᠯᠣᠩ᠂ ᠭᠠᠳᠠᠷ ᠲᠠᠯ᠎ᠠ᠂ ᠬᠥᠳᠡᠯᠭᠡᠭᠡᠨ ᠤ ᠲᠠᠰᠤᠭ ᠵᠡᠷᠭᠡ ᠪᠣᠯᠤᠨ᠎ᠠ᠃ ᠣᠳᠣᠬᠠᠨ ᠳᠤ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠦᠭᠰᠡᠨ ᠪᠥᠭᠡᠳ 2 ᠳᠥᠭᠦᠮ ᠳᠡᠯᠭᠡᠭᠦᠷ ᠪᠣᠯᠤᠨ 4 ᠦᠬᠠᠶ ᠶᠢᠨ ᠣᠨᠴᠠᠯᠢᠭᠲᠤ ᠢᠳᠡᠭᠡᠨ ᠤᠮᠳᠠᠭᠠᠨ ᠢ ᠲᠡᠳᠡᠨ ᠣᠷᠣᠭᠤᠯᠵᠤ᠂ ᠨᠡᠶᠢᠭᠡᠮ ᠲᠣᠭᠤᠷᠢᠭ ‍ᠤᠨ‌ᠤᠶᠢᠯᠡᠴᠢᠯᠡᠭᠡᠨ ᠤ ᠲᠥᠪ ᠢ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠣᠷᠣᠵᠤ ᠰᠠᠭᠤᠬᠤ ᠪᠣᠯᠤᠨ᠎ᠠ᠃ᠵᠡᠭᠡᠯᠢ ᠭᠤᠳᠤᠮᠵᠢ ᠳᠤ ᠬᠤᠪᠢᠷᠠᠯᠲᠠ ᠭᠠᠷᠴᠤ᠂ ᠣᠷᠴᠢᠨ ᠲᠣᠭᠤᠷᠢᠨ ᠲᠠᠭᠠᠯᠠᠮᠵᠢᠲᠠᠶ᠂ ᠲᠥᠬᠦᠭᠡᠷᠦᠮᠵᠢ ᠳᠥᠭᠦᠮ ᠳᠥᠲᠡ ᠪᠣᠯᠵᠤ᠂ ᠠᠳᠡ ᠠᠮᠢᠳᠤᠷᠠᠵᠤ ᠪᠠᠶᠢᠭ᠎ᠠ ᠰᠠᠭᠤᠭᠠᠯᠢ ᠠᠷᠠᠳ ᠤᠨ ᠠᠮᠢᠳᠤᠷᠠᠯ ᠤᠯᠠᠮ ᠠᠴᠠ ᠤᠯᠠᠮ ᠲᠠᠭᠠᠯᠠᠮᠵᠢᠲᠠᠶ ᠪᠣᠯᠵᠤ᠂ ᠤᠯᠠᠮ ᠠᠴᠠ ᠤᠯᠠᠮ ᠳᠥᠭᠦᠮ ᠪᠣᠯᠵᠤ ᠪᠠᠶᠢᠨ᠎ᠠ᠂ ᠡᠭᠦᠨ ᠳᠤ ᠲᠡᠳᠡ ᠠᠮᠠ ᠬᠠᠮᠬᠢᠯ ᠦᠭᠡᠢ ᠮᠠᠭᠲᠠᠨ ᠰᠠᠶᠢᠰᠢᠶᠠᠵᠤ ᠪᠠᠶᠢᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号