ᠬᠠᠶᠢᠷᠤᠪ ᠤᠨ ᠲᠣᠬᠤᠢ ᠲᠣᠭᠤᠷᠢᠭ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠤᠡᠬᠠᠪᠠ
ᠨᠡᠶᠢᠲᠡᠯᠡᠭᠰᠡᠨ ᠴᠠᠭ᠄
2019-11-20
     ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂ ᠬᠠᠶᠢᠷᠤᠪ ᠤᠨ ᠲᠣᠬᠤᠢ ᠲᠣᠭᠤᠷᠢᠭ ᠳᠦᠷᠢᠮ ᠢ ᠨᠠᠶᠢᠳᠠᠪᠤᠷᠢᠵᠢᠭᠤᠯᠬᠤ᠂ ᠡᠳᠦᠷ ᠳᠣᠳᠥᠮ ᠤᠨ ᠬᠢᠨᠠᠯᠲᠠ ᠬᠠᠮᠢᠶᠠᠷᠤᠯᠲᠠ᠂ ᠲᠤᠰᠬᠠᠢ ᠵᠦᠢᠯ ᠢᠶᠠᠷ ᠴᠡᠭᠴᠡᠯᠡᠨ ᠵᠠᠰᠠᠬᠤ ᠪᠠᠷ ᠭᠠᠷᠲᠠᠴᠠ ᠪᠣᠯᠭᠠᠨ᠂ ᠦᠢᠯᠡᠳᠪᠦᠷᠢᠯᠡᠯ ᠤᠨ ᠭᠤᠭᠴᠤᠭ᠎ᠠ᠂ ᠭᠦᠢᠯᠭᠡᠭᠡᠨ ᠤ ᠭᠤᠭᠴᠤᠭ᠎ᠠ ᠶᠢᠨ ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠬᠢᠨᠠᠮᠠᠭᠠᠢ ᠥᠷᠨᠢᠭᠦᠯᠵᠦ᠂ ᠣᠯᠠᠨ ᠲᠦᠮᠡᠨ ᠤ ᠢᠳᠡᠭᠡᠨ ‍ᠤ‌ᠠᠶᠤᠯ ᠦᠭᠡᠢ ᠶᠢ ᠪᠠᠲᠤᠯᠠᠬᠤ ᠬᠡᠷᠡᠭᠲᠡᠢ᠃     ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠪᠣᠯᠤᠭᠰᠠᠨ ᠮᠢᠬ᠎ᠠ᠂ ᠪᠣᠭᠤᠷᠰᠤᠭ᠂ ᠮᠠᠨᠲᠠᠤ᠂ ᠳ᠋ᠧᠦᠹᠦ᠋ ᠵᠡᠷᠭᠡ ᠪᠦᠲᠦᠭᠡᠭᠳᠡᠬᠦᠨ ᠳᠤ ᠭᠤᠤᠯᠳᠠᠯᠭ᠎ᠠ ᠲᠠᠢ ᠲᠤᠰᠬᠠᠶ ᠪᠠᠶᠢᠴᠠᠭᠠᠯᠲᠠ ᠬᠢᠵᠦ᠂ ᠣᠨᠴᠠ ᠵᠠᠷᠢᠮ ᠤᠶᠢᠯᠡᠤᠡᠪᠤᠷᠢᠯᠡᠯ ᠤᠨ ᠨᠢᠭᠡᠴᠡ ᠳᠤ ᠤᠶᠢᠯᠡᠤᠡᠪᠤᠷᠢᠯᠡᠯ ᠤᠨ ᠲᠠᠰᠤᠭ ᠤᠨ ᠡᠷᠡᠭᠦᠯ ᠬᠠᠮᠠᠭᠠᠯᠠᠯ ᠠᠨᠠᠶ᠂ ᠲᠦᠭᠦᠬᠡᠶ ᠪᠣᠯᠤᠭᠰᠠᠨ ᠢᠳᠡᠭᠡᠨ ᠰᠣᠯᠪᠢᠴᠠᠨ ᠪᠣᠬᠢᠷᠲᠤᠭᠰᠠᠨ᠂ ᠡᠯ᠎ᠡ ᠵᠤᠶᠢᠯ ᠤᠨ ᠲᠡᠮᠳᠡᠭᠯᠡᠯ ᠲᠡᠭᠦᠯᠳᠡᠷ ᠪᠤᠰᠤ᠂ ᠡᠷᠡᠭᠦᠯ ᠮᠡᠨᠳᠦ ᠶᠢᠨ ᠦᠨᠡᠮᠯᠡᠯ ᠤᠨ ᠬᠤᠭᠤᠴᠠᠭ᠎ᠠ ᠨᠢ ᠥᠩᠭᠡᠷᠡᠭᠰᠡᠨ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠪᠡ᠃ ᠡᠳᠡᠭᠡᠷ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠠᠢ ᠳᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠪᠢᠴᠢᠭ ᠪᠠᠭᠤᠯᠭᠠᠵᠤ᠂ ᠡᠭᠦᠨ ᠤ ᠳᠤ ᠬᠠᠮᠲᠤ ᠬᠠᠷᠢᠭᠤᠴᠠᠯᠭ᠎ᠠ ᠡᠭᠦᠷᠭᠡᠯᠡᠭᠴᠢ ᠶᠢ ᠱᠠᠯᠠᠪᠳᠠᠭᠤᠯᠤᠨ ᠱᠠᠭᠠᠷᠳᠠᠵᠤ ᠪᠠᠶᠢᠭᠠᠤᠡ‌ᠢᠳᠡᠭᠡᠨ ᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠪᠠᠷᠢᠮᠵᠢᠶ᠎ᠠ ᠶᠣᠰᠣᠭᠠᠷ ᠢᠳᠡᠭᠡᠨ ᠤ ᠪᠠᠷᠠᠭ᠎ᠠ‌ᠣᠷᠣᠭᠤᠯᠬᠤ ᠪᠣᠭᠤᠮᠲᠠ᠂ ᠤᠶᠢᠯᠡᠤᠡᠪᠤᠷᠢᠯᠡᠯ ᠤᠨ ᠪᠣᠭᠤᠮᠲᠠ᠂ ᠪᠣᠷᠣᠯᠠᠭᠤᠯᠭ᠎ᠠ ᠶᠢᠨ ᠪᠣᠭᠤᠮᠲᠠ ᠶᠢ ᠰᠠᠶᠢᠲᠤᠷ ᠠᠳᠬᠤᠪᠠ᠃      ᠢᠳᠡᠭᠡᠨ ᠤ ᠠᠮᠤᠷ ᠲᠦᠪᠰᠢᠨ ᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤᠯᠠᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠴᠢᠩᠭ᠎ᠠ ᠠᠳᠬᠤᠵᠤ᠂ 38 ᠤᠶᠢᠯᠡᠤᠡᠪᠤᠷᠢᠯᠡᠯ ᠤᠨ ᠨᠢᠭᠡᠴᠡ ᠶᠢ ᠬᠠᠪᠰᠤᠷᠤᠨ ᠲᠡᠳᠬᠦᠵᠦ ᠤᠶᠢᠯᠡᠤᠡᠪᠤᠷᠢ ᠶᠢᠨ ᠪᠠᠶᠢᠰᠢᠩ ᠤᠨ ᠪᠠᠢᠷᠢᠰᠢᠭᠤᠯᠤᠯ᠂ ᠭᠠᠷ ᠤᠷᠠᠯᠠᠯ ᠤᠨ ᠴᠤᠪᠤᠷᠠᠯ ᠵᠡᠷᠭᠡ ᠳᠤ ᠪᠥᠬᠦ ᠲᠠᠯ᠎ᠠ ᠶᠢᠨ ᠵᠢᠷᠤᠭ ᠲᠥᠯᠥᠪᠯᠡᠭᠡ ᠬᠢᠯᠭᠡᠵᠦ᠂ ᠢᠳᠡᠭᠡᠨ ᠤ ᠤᠶᠢᠯᠡᠤᠡᠪᠤᠷᠢᠯᠡᠯ ᠤᠨ ᠨᠢᠭᠡᠴᠡ ᠶᠢᠨ ᠤᠶᠢᠯᠡᠤᠡᠪᠤᠷᠢᠯᠡᠯ ᠤᠨ ᠬᠠᠲᠠᠭᠤ ᠬᠡᠷᠡᠭᠰᠡᠯ ᠤᠨ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠬᠤ ᠶᠢᠨ ᠬᠠᠮᠲᠤ᠂ ᠢᠳᠡᠭᠡᠨ ᠡᠳ᠋ᠰᠢᠭᠦᠯᠬᠦ ᠵᠢᠵᠢᠭ ᠤᠶᠢᠯᠡᠤᠡᠭᠡᠯ  ᠤᠨ ᠠᠵᠢᠯ  ᠤᠨ ᠪᠠᠶᠢᠷᠢ ᠶᠢᠨ ᠬᠠᠷᠢᠭᠤᠴᠠᠯᠭ᠎ᠠ ᠶᠢᠨ ᠪᠢᠴᠢᠭ᠂ ᠠᠶᠤᠯ ᠥᠬᠡᠶ ᠤᠶᠢᠯᠡᠤᠡᠪᠤᠷᠢᠯᠡᠯ ᠤᠨ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号