ᠲᠤᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠪᠠᠶᠢᠭᠤᠯᠤᠯᠭ᠎ᠠ ᠶᠢᠨ ᠨᠠᠮ ᠤᠨ ᠡᠭᠦᠷ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2019-11-21
     2019 ᠤᠨ ᠤ 11 ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠴᠠᠭᠳᠠᠬᠤ ᠪᠠᠶᠢᠭᠤᠯᠤᠯᠭ᠎ᠠ ᠶᠢᠨ ᠡᠭᠦᠷ ᠤᠨ ᠪᠦᠬᠦ ᠨᠠᠮ ᠤᠨ ᠭᠡᠰᠢᠭᠦᠳ ᠨᠡᠶᠢᠭᠡᠮ ᠲᠣᠭᠤᠷᠢᠭ ᠲᠤ ︽ᠬᠤᠤᠰ ᠮᠡᠳᠡᠭᠦᠯᠦᠯᠲᠡ︾᠎ ᠶᠢ ︽ᠰᠠᠨᠠᠭᠠᠴᠢᠯᠠᠭ᠎ᠠ ᠶᠢ ᠴᠤᠤᠷᠢᠶᠠᠲᠤᠨ ᠳᠠᠭᠠᠵᠤ᠂ ᠰᠠᠶᠢᠨ ᠳᠤᠷ᠎ᠠ ᠶᠢᠨ ᠠᠵᠢᠯᠯᠠᠭ᠎ᠠ ᠲᠤ ᠤᠷᠤᠯᠴᠠᠨ᠎ᠠ — ᠠᠷᠠᠳ ᠲᠦᠮᠡᠨ ᠳᠤ ᠤᠶᠢᠯᠡᠴᠢᠯᠡᠬᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠶ᠎ᠡ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠥᠷᠭᠡᠨ ᠣᠯᠠᠨ ᠨᠠᠮ ᠤᠨ ᠭᠡᠰᠢᠭᠦᠨ ᠤ ᠲᠦᠷᠦᠭᠦᠯᠡᠨ ᠵᠢᠱᠢᠶ᠎ᠡ ᠦᠵᠡᠭᠦᠯᠬᠦ ᠤᠶᠢᠯᠡᠳᠤᠯ ᠢ ᠪᠠᠳᠠᠷᠠᠭᠤᠯᠵᠤ᠂ ᠪᠣᠯᠪᠠᠰᠤᠨ ᠡᠶ᠎ᠡ ᠵᠣᠬᠢᠴᠠᠩᠭᠤᠶ ᠰᠢᠨ᠎ᠡ ᠬᠡᠯᠪᠡᠷᠢ ᠶᠢᠨ ᠨᠡᠶᠢᠭᠡᠮ ᠲᠣᠭᠤᠷᠢᠭ ᠢ ᠪᠠᠶᠢᠭᠤᠯᠬᠤ ᠶᠢᠨ ᠲᠥᠯᠥᠭᠡ᠂ ᠲᠤᠭᠤᠷᠢᠭ ‍ᠤᠨ‌ᠨᠠᠮ ᠤᠨ ᠬᠤᠷᠢᠶᠠᠨ ᠤ ᠲᠣᠭᠤᠷᠢᠨ ᠴᠠᠭᠳᠠᠬᠤ ᠪᠠᠶᠢᠭᠤᠯᠤᠯᠭ᠎ᠠ ᠶᠢᠨ ᠨᠠᠮ ᠤᠨ ᠡᠭᠦᠷ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ ᠲᠤ ᠠᠭᠤᠰᠤᠯᠴᠠᠵᠤ᠂ ᠰᠠᠶᠢᠨ ᠳᠤᠷ᠎ᠠ ᠶᠢᠨ ᠤᠶᠢᠯᠡᠴᠢᠯᠡᠭᠡ ᠳᠤ ᠣᠷᠣᠯᠴᠠᠪᠠ᠃ ᠪᠠᠶᠢᠴᠠᠭᠠᠨ ᠰᠤᠳᠤᠯᠤᠯᠲᠠ ᠬᠢᠵᠤ᠂ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠦᠴᠢᠷᠳᠡᠯ ᠢ ᠨᠢ ᠬᠠᠪᠰᠤᠷᠤᠨ ᠰᠢᠢᠤᠡᠪᠤᠷᠢᠯᠡᠵᠤ᠂ ᠪᠠᠭᠤᠷᠠᠶ ᠬᠠᠮᠲᠤᠯᠢᠭ ᠢ ᠬᠠᠯᠠᠮᠵᠢᠯᠠᠨ ᠬᠠᠶᠢᠷᠠᠯᠠᠬᠤ ᠨᠢ ᠨᠠᠮ ᠤᠨ ᠭᠡᠰᠢᠭᠦᠨ ᠺᠠᠳ᠋ᠷᠴᠤᠳ ᠤᠨ︽ᠠᠵᠢᠯ ᠳᠤ ᠪᠠᠶᠢᠭ᠎ᠠ‌ᠨᠠᠮ ᠤᠨ ᠭᠡᠰᠢᠭᠦᠨ ᠳᠤ ᠤᠶᠢᠯᠡᠴᠢᠯᠡᠬᠦ ᠡᠳᠦᠷ︾ ᠵᠢᠴᠢ ︽ᠨᠠᠢᠮᠠᠨ ᠴᠠᠭ ᠠᠴᠠ ᠭᠠᠳᠠᠨ᠎ᠠ ᠲᠡᠷᠢᠭᠦᠨ ᠤ ᠬᠢ ᠶᠢ ᠠᠳᠠᠯᠢᠳᠬᠠᠬᠤ︾ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠠᠤᠡ‌‍ᠲ᠋ᠠᠨᠢᠵᠤ᠂ ᠣᠯᠠᠨ ᠲᠦᠮᠡᠨ ᠲᠠᠢ ᠬᠠᠷᠢᠯᠴᠠᠵᠤ ᠤᠶᠢᠯᠡᠴᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠷᠠᠳ ᠲᠦᠮᠡᠨ ᠳᠤ ᠤᠶᠢᠯᠡᠴᠢᠯᠡᠬᠦ ᠵᠣᠷᠢᠯᠲᠠ ᠶᠢᠨ ᠤᠬᠠᠮᠰᠠᠷ ᠢ ᠨᠢ ᠴᠢᠩᠭᠠᠷᠠᠭᠤᠯᠬᠤ ᠳᠤ ᠠᠰᠢᠭᠲᠠᠢ ᠶᠤᠮ᠃     ᠠᠵᠢᠯᠯᠠᠭ᠎ᠠ ᠳᠠᠭᠤᠰᠤᠭᠰᠠᠨ ᠤ ᠲᠠᠷᠠᠭ᠎ᠠ᠂ ᠪᠦᠬᠦ ᠨᠠᠮ ᠤᠨ ᠭᠡᠰᠢᠭᠦᠳ ᠨᠡᠶᠢᠭᠡᠮ ᠲᠣᠭᠤᠷᠢᠭ ᠤᠨ ᠠᠷᠠᠳ ᠤᠨ ᠪᠠᠶᠢᠳᠠᠯ ᠢ ᠪᠡᠶᠡᠴᠢᠯᠡᠨ ᠣᠶᠢᠯᠠᠭᠠᠵᠤ᠂ ᠣᠶᠢᠯᠠᠭᠠᠭᠳᠠᠬᠤᠨ ᠨᠢ ᠮᠠᠰᠢ ᠶᠡᠭᠡ ᠬᠤᠪᠢᠷᠠᠯᠲᠠ ᠭᠠᠷᠴᠤ᠂ ᠨᠡᠶᠢᠭᠡᠮ ᠲᠣᠭᠤᠷᠢᠭ ᠲᠤ ᠤᠴᠢᠬᠤ ᠠᠴᠢ ᠬᠤᠯᠪᠣᠭᠳᠠᠯ ᠢ ᠨᠠᠩ ᠲᠠᠨᠢᠵᠤ᠂ ᠣᠯᠠᠨ ᠲᠦᠮᠡᠨ ᠤ ᠰᠡᠳᠬᠢᠯ ᠤᠨ ᠳᠠᠭᠤᠨ ᠢ ᠨᠠᠩ ᠣᠶᠢᠯᠠᠭᠠᠬᠤ ᠨᠢ ᠨᠠᠮ ᠤᠨ ᠭᠡᠰᠢᠭᠦᠨ ᠤ ᠵᠢᠱᠢᠶ᠎ᠡ ᠦᠵᠡᠭᠦᠯᠬᠦ ᠤᠶᠢᠯᠡᠳᠤᠯ ᠢ ᠪᠠᠳᠠᠷᠠᠭᠤᠯᠵᠤ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠳᠤ ᠠᠰᠢᠭᠲᠠᠢ ᠶᠤᠮ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号