ᠬᠠᠶᠢᠷᠤᠪ ᠤᠨ ᠲᠣᠬᠤᠢ ᠲᠣᠭᠤᠷᠢᠭ ᠲᠤ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯᠯᠠᠭ᠎ᠠ ᠥᠷᠨᠢᠪᠡ
ᠨᠡᠶᠢᠲᠡᠯᠡᠭᠰᠡᠨ ᠴᠠᠭ᠄
2019-11-21
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ︾᠎ ᠢ ᠬᠢᠨᠠᠨ ᠵᠥᠪᠯᠡᠵᠦ ᠪᠠᠲᠤᠯᠠᠭᠠᠳ᠂ ᠬᠠᠶᠢᠷᠤᠪ ᠤᠨ ᠲᠣᠬᠤᠢ ᠲᠤᠭᠤᠷᠢᠭ  ᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠳᠤᠮᠳᠠ ᠴᠢᠩᠭ᠎ᠠ ᠲᠤᠰᠬᠠᠯ ᠭᠠᠷᠴᠠᠶ᠃      ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠲᠡᠷᠡ ᠳᠠᠷᠤᠶ ᠳᠤᠨᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠵᠤ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠵᠠᠯᠭᠠᠭ᠎ᠠ ᠪᠠᠷ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠠᠵᠢᠯᠯᠠᠭ᠎ᠠ ᠥᠷᠨᠢᠭᠦᠯᠵᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠺᠠᠳ᠋ᠷ ᠣᠯᠠᠨ ᠲᠦᠮᠡᠨ ᠡᠯ᠎ᠡ ᠵᠤᠶᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠭᠤᠤᠯ ᠠᠭᠤᠯᠭ᠎ᠠ ᠶᠢ ᠣᠶᠢᠯᠠᠭᠠᠪᠠ᠃     11 ᠰᠠᠷ᠎ᠠ ᠶᠢᠨ 18᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠤᠬᠠᠭᠤᠯᠤᠨ ᠲᠠᠶᠢᠯᠪᠤᠷᠢᠯᠠᠬᠤ ᠬᠤᠷᠠᠯ ᠬᠠᠶᠢᠷᠤᠪ ᠤᠨ ᠲᠣᠬᠤᠢ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶ᠎ᠠ ᠳᠤ ᠶᠠᠪᠤᠭᠳᠠᠵᠤ᠂ ᠬᠠᠶᠢᠷᠤᠪ ᠤᠨ ᠲᠣᠬᠤᠢ ᠲᠣᠭᠤᠷᠢᠭ ᠤᠨ ᠶᠢᠨ ᠹᠠ ᠤᠬᠠᠭᠤᠯᠤᠨ ᠲᠠᠶᠢᠯᠪᠤᠷᠢᠯᠡᠬᠤ ᠪᠦᠯᠬᠦᠮ ᠶᠢ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠠᠶᠢᠯᠪᠤᠷᠢᠯᠡᠬᠤ  ᠪᠠᠷ ᠤᠷᠢᠪᠠ᠃      ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠬᠤ︾ ᠰᠤᠷᠤᠯᠴᠠᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠰᠢᠨ ᠬᠤᠸᠠ ᠪᠠᠷᠠᠭᠤᠨ ᠵᠡᠭᠡᠯᠢ ᠭᠤᠳᠤᠮᠵᠢ ᠶᠢᠨ ᠤᠬᠠᠭᠤᠯᠬᠤ ᠭᠡᠰᠢᠭᠦᠨ ᠣᠯᠠᠨ ᠳᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠦᠷᠢᠮ ᠤᠨ ᠪᠠᠲᠤᠯᠠᠭ᠎ᠠ ᠶᠢ ᠪᠠᠲᠤ ᠴᠣᠭᠴᠠᠯᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ᠂ ᠨᠠᠮ ᠤᠨ ᠤᠳᠤᠷᠢᠳᠤᠯᠭ᠎ᠠ ᠶᠢ ᠤᠯᠤᠰ ᠤᠨ ᠵᠠᠰᠠᠯᠲᠠ ᠶᠢᠨ ᠡᠯ᠎ᠡ ᠬᠦᠷᠢᠶ᠎ᠡ‌ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠲᠡᠭᠦᠯᠳᠡᠷᠵᠢᠭᠦᠯᠦᠨ ᠬᠥᠭᠵᠢᠭᠦᠯᠬᠦ ᠳᠦᠷᠢᠮ ᠵᠢᠴᠢ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠳᠦᠷᠢᠮ ᠤᠨ ᠬᠦᠴᠦᠨ ᠢ ᠨᠢᠭᠲᠠᠷᠠᠭᠤᠯᠬᠤ᠂ ᠳᠦᠷᠢᠮ ᠢᠶᠠᠷ ᠪᠦᠬᠦ ᠠᠷᠠᠳ ᠲᠦᠮᠡᠨ ᠳᠤ ᠠᠰᠢᠭ ᠬᠦᠷᠲᠡᠭᠡᠬᠦ ᠶᠢ ᠪᠠᠲᠤᠯᠠᠬᠤ ᠵᠡᠷᠭᠡ ᠬᠡᠳᠦᠨ ᠲᠠᠯ᠎ᠠ ᠶᠢᠨ ᠠᠭᠤᠯᠭ᠎ᠠ ᠶᠢ ᠲᠣᠭᠲᠠᠭᠠᠨ ᠥᠭᠴᠡᠶ᠃     ᠬᠠᠶᠢᠷᠤᠪ ᠤᠨ ᠲᠣᠬᠤᠢ ᠲᠣᠭᠤᠷᠢᠭ ᠤᠨ ᠭᠤᠸᠠᠩ ᠮᠢᠩ ᠵᠠᠮ ᠤᠨ ᠪᠠᠭ᠎ᠠ ᠰᠤᠷᠭᠠᠭᠤᠯᠢ ᠪᠦᠬᠦ ᠪᠠᠭᠰᠢ ᠨᠠᠷ ᠢ ᠵᠣᠬᠢᠶᠠᠨ ᠪᠠᠶᠢᠭᠤᠯᠵᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ᠃ ᠬᠤᠯᠪᠣᠭᠳᠠᠯ ᠪᠦᠬᠦᠢ ᠬᠠᠷᠢᠭᠤᠴᠠᠯᠭᠠᠲᠠᠨ ᠣᠯᠠᠨ ᠳᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠠᠭᠤᠯᠭ᠎ᠠ ᠵᠢᠴᠢ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠣᠯᠤᠨ ᠤᠯᠤᠰ ‍ᠤᠨ‌ᠵᠠᠰᠠᠯᠲᠠ ᠵᠢᠨ‌‍ᠰᠢᠰᠲ᠋ᠧᠮ ᠳᠤ ᠪᠠᠶᠢᠭ᠎ᠠ‌ᠢᠯᠡᠷᠬᠡᠶ ᠳᠠᠪᠠᠭᠤᠯᠢᠭ᠂ ᠶᠡᠷᠦᠩᠬᠡᠶ ᠬᠠᠷᠠᠯᠲᠠ᠂ ᠠᠵᠢᠯ ᠶᠢᠨ ᠱᠠᠭᠠᠷᠳᠠᠯᠭ᠎ᠠ ᠵᠡᠷᠭᠡ ᠶᠢ ᠨᠠᠷᠢᠨ ᠲᠠᠨᠢᠯᠴᠠᠭᠤᠯᠬᠤ ᠶᠢᠨ ᠬᠠᠮᠲᠤ ᠪᠠᠭᠰᠢ ᠨᠠᠷ ᠢ ᠬᠤᠶᠢᠰᠢᠳᠠ ᠶᠢᠨ ᠠᠵᠢᠯ ᠳᠤᠮᠳᠠ ᠪᠠᠨ ︽ᠳᠥᠷᠪᠡᠨ ᠢᠲᠡᠭᠡᠯ︾᠎ ᠢᠶᠠᠨ ᠴᠢᠩᠭᠠᠳᠬᠠᠵᠤ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠠᠷᠠᠤᠡ ᠤᠯᠠᠨ ᠬᠠᠨᠠᠮᠵᠢᠲᠠᠢ ᠰᠤᠷᠭᠠᠨ ᠬᠥᠮᠦᠵᠢᠯ ᠢ ᠡᠷᠬᠢᠯᠡᠬᠦ ᠶᠢ ᠬᠦᠰᠡᠪᠡ᠃      ᠡᠯ᠎ᠡ ᠨᠢᠭᠡᠴᠡ ᠶᠢᠨ ᠨᠠᠮ ᠤᠨ ᠭᠡᠰᠢᠭᠦᠨ ᠺᠠᠳ᠋ᠷᠴᠤᠳ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠨᠠᠷᠢᠨ ᠬᠢᠨᠠᠮᠠᠭᠠᠶ ᠰᠤᠷᠤᠯᠴᠠᠨ᠂ ᠠᠵᠢᠯᠯᠠᠭ᠎ᠠ ᠳᠡᠭᠡᠷ᠎ᠡ ᠪᠠᠨ ᠦᠨᠡᠨᠬᠦ ᠨᠠᠶᠢᠳᠠᠪᠤᠷᠢᠵᠢᠭᠤᠯᠬᠤ᠂ ᠠᠵᠢᠯ ᠶᠢᠨ ᠳᠤᠮᠳᠠ ᠪᠠᠨ ᠲᠤᠤᠱᠯᠠᠭᠤᠯᠤᠨ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠦ ᠢᠯᠡᠳᠬᠡᠵᠡᠭᠡᠪᠡ᠃      11 ᠰᠠᠷ᠎ᠠ ᠶᠢᠨ 19᠎ ᠤ ᠡᠳᠦᠷ᠂ ᠲᠤᠭᠤᠷᠢᠭ ‍ᠤᠨ‌ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠲᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠡᠭᠡᠷ᠎ᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠳᠠᠬᠢᠨᠲᠠ ᠴᠢᠬᠤᠯᠠᠴᠢᠯᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠤᠯᠤᠰ ᠲᠥᠷᠦ ᠶᠢᠨ ᠬᠠᠷᠢᠭᠤᠴᠠᠯᠭ᠎ᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠦᠨᠡᠨᠬᠦ ᠨᠢᠭᠡᠳᠬᠡᠵᠦ᠂ ᠰᠤᠷᠤᠯᠴᠠᠨ ᠲᠤᠤᠱᠯᠠᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠪᠦᠬᠦ ᠲᠠᠯ᠎ᠠ ᠪᠠᠷ ᠡᠵᠡᠮᠳᠡᠵᠦ᠂ ᠪᠣᠳᠠᠲᠠᠶ ᠲᠠᠢ ᠨᠢᠭᠲᠠ ᠤᠶᠠᠯᠳᠤᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ︔ ᠤᠯᠠᠨ ᠢ ᠪᠦᠬᠦ ᠲᠤᠭᠤᠷᠢᠭ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠡᠷᠡᠰ ᠪᠡᠶᠡᠯᠡᠭᠦᠯᠵᠦ᠂ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠪᠠ ᠪᠦᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠠᠯᠤᠰ ᠬᠡᠲᠦ ᠶᠢᠨ ᠬᠥᠭᠵᠢᠯᠲᠡ ᠪᠣᠯᠤᠨ ᠣᠳᠣᠬᠠᠨ ᠤ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠤᠬᠠᠮᠰᠠᠷ ᠠᠴᠠ ᠪᠠᠨ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠴᠢᠭᠯᠡᠯ ᠲᠠᠢ ᠨᠡᠶᠢᠴᠡᠭᠦᠯᠬᠦ ᠬᠡᠷᠡᠭᠲᠡᠶ ᠭᠡᠵᠦ ᠱᠠᠭᠠᠷᠳᠠᠪᠠ︔ ᠡᠭᠦᠨ ᠤ ᠳᠤ ᠵᠡᠷᠭᠡᠴᠡᠭᠡ ᠪᠠᠷ᠂ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠰᠢᠨ᠎ᠡ ᠪᠠᠶᠢᠷᠢᠯᠠᠭᠤᠯᠤᠯᠲᠠ᠂ ᠰᠢᠨ᠎ᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠪᠠᠷᠢᠮᠵᠢᠶ᠎ᠠ ᠲᠠᠢ ᠬᠠᠷᠢᠴᠠᠭᠤᠯᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠭᠦᠨᠵᠡᠭᠡᠶ ᠰᠡᠳᠬᠢᠨ ᠪᠣᠳᠣᠯᠬᠢᠯᠠᠵᠤ᠂ ᠲᠤᠤᠱᠯᠠᠭᠤᠯᠬᠤ ᠨᠠᠶᠢᠳᠠᠪᠤᠷᠢᠵᠢᠭᠤᠯᠬᠤ ᠰᠡᠳᠬᠢᠴᠡ ᠠᠷᠭ᠎ᠠ ᠬᠡᠮᠵᠢᠶ᠎ᠡ ᠠᠪᠴᠤ᠂ ᠲᠥᠪ ᠬᠤᠷᠢᠶᠠᠨ ᠤ ᠰᠢᠢᠤᠡᠪᠤᠷᠢᠳᠦ  ᠪᠣᠳᠣᠯᠭ᠎ᠠ ᠪᠠᠶᠢᠷᠢᠯᠠᠭᠤᠯᠤᠯᠲᠠ ᠶᠢ ᠬᠠᠶᠢᠷᠤᠪ ᠤᠨ ᠲᠣᠬᠤᠢ ᠲᠣᠭᠤᠷᠢᠭ ᠲᠤ ᠶᠠᠪᠤᠭᠳᠠᠭᠤᠯᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号