ᠬᠠᠶᠢᠷᠤᠪ ᠤᠨ ᠲᠤᠬᠤᠢ ᠲᠤᠭᠤᠷᠢᠭ ᠤᠨ ᠤᠨᠢᠨ ᠳᠡᠭᠡᠷ᠎ᠡ ᠨᠢ ᠬᠦᠴᠦᠯᠡᠵᠦ ᠬᠤᠲᠠ ᠶᠢ ᠡᠭᠦᠳᠬᠦ ︽ᠠᠯᠬᠤᠴᠠ︾᠎ ᠶᠢ ᠲᠦᠷᠭᠡᠳᠬᠡᠪᠡ
ᠨᠡᠶᠢᠲᠡᠯᠡᠭᠰᠡᠨ ᠴᠠᠭ᠄
2019-11-21
     ᠵᠡᠭᠡᠯᠢ ᠭᠤᠳᠤᠮᠵᠢ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠴᠣ ᠰᠢᠨ᠎ᠡ ᠪᠠᠶᠢᠳᠠᠯ  ᠲᠠᠢ ᠪᠣᠯᠵᠤ᠂ ᠰᠢᠨ᠎ᠡ ᠬᠤᠲᠠ ᠡᠭᠦᠳᠬᠦ ᠣᠶᠢᠯᠠᠭᠠᠭᠳᠠᠬᠤᠨ ᠲᠠᠢ ᠪᠣᠯᠪᠠ᠂ ᠰᠠᠶᠢᠨ ᠲᠤᠷᠠᠴᠤᠳ ᠪᠡᠶ᠎ᠡ ᠪᠠᠷ ᠢᠶᠠᠨ ᠴᠢᠷᠮᠠᠶᠢᠨ ᠬᠢᠵᠦ᠂ ᠬᠤᠲᠠ ᠡᠭᠦᠳᠬᠦ ᠠᠵᠢᠯ ᠳᠤᠮᠳᠠ ᠬᠡᠪ ᠳᠠᠭᠤᠷᠢᠶᠠᠯ ᠪᠣᠯᠵᠤ᠂ ᠬᠤᠰᠢᠭᠤᠴᠢ ᠪᠣᠯᠪᠠ︔ ᠵᠠᠮ ᠡᠵᠡᠯᠡᠭᠰᠡᠨ ᠡᠵᠡᠩᠨᠡᠯᠲᠡ ᠶᠢᠨ ︽ᠠᠷᠬᠠᠭ ᠬᠡᠮ︾᠎ ᠢ ᠴᠡᠭᠴᠡᠯᠡᠨ ᠵᠠᠰᠠᠵᠤ᠂ ᠵᠠᠮ ᠢ ᠰᠡᠷᠭᠦᠭᠡᠬᠦ᠂ ᠨᠣᠭᠤᠭᠠᠨ ᠥᠩᠭᠡ ᠶᠢ ᠰᠡᠷᠭᠦᠭᠡᠬᠦ ᠶᠢ ᠪᠡᠶᠡᠯᠡᠭᠦᠯᠵᠦ᠂ ᠥᠩᠭᠡᠷᠡᠭᠡᠭᠰᠡᠨ ᠦᠤ ᠪᠤᠵᠠᠷ ᠪᠤᠷᠲᠠᠭ ᠡᠮᠬᠢ ᠵᠠᠮᠪᠠᠷᠠᠭ᠎ᠠ ᠦᠭᠡᠢ ᠮᠠᠭᠤ ᠠᠷᠢᠭᠤᠨ ᠴᠡᠪᠡᠷ ᠤᠨ ᠮᠤᠬᠤᠷ ᠪᠤᠯᠤᠩ ᠡᠳᠦᠭᠡ ︽ᠵᠢᠰᠦ ᠴᠢᠷᠠᠶ ᠪᠠᠨ ᠬᠤᠪᠢᠷᠠᠭᠤᠯᠵᠤ︾ ᠪᠠᠶᠢᠨ᠎ᠠ᠁
     ᠣᠳᠣᠬᠠᠨ ᠳᠤ᠂ ᠮᠠᠨ ᠤ ᠬᠤᠲᠠ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠬᠤᠭᠤᠴᠠᠭᠠᠨ ᠳᠤ ᠣᠷᠣᠪᠠ᠃ ᠡᠮᠦᠨᠡᠬᠢ ᠬᠤᠭᠤᠴᠠᠭᠠᠨ ᠤ ᠠᠬᠢᠴᠠ ᠰᠠᠶᠢᠨ ᠪᠠᠶᠢᠬᠤ ᠰᠠᠭᠤᠷᠢᠨ ᠳᠡᠭᠡᠷ᠎ᠡ᠂ ᠬᠠᠶᠢᠷᠤᠪ ᠤᠨ ᠲᠣᠬᠤᠢ ᠲᠣᠭᠤᠷᠢᠭ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠦᠷᠭᠦᠯᠵᠢᠯᠡᠨ ᠴᠢᠭᠯᠡᠯ ᠢᠶᠠᠨ ᠵᠥᠪ ᠡᠵᠡᠮᠳᠡᠵᠦ᠂ ᠭᠤᠤᠯᠳᠠᠯᠭ᠎ᠠ ᠶᠢ ᠳᠣᠪᠤᠶᠢᠯᠭᠠᠨ᠂ ᠬᠦᠴᠢᠷ ᠠᠰᠠᠭᠤᠳᠠᠯ ᠢ ᠰᠢᠢᠤᠡᠪᠤᠷᠢᠯᠡᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠤᠲᠠ ᠡᠭᠦᠳᠬᠦ ᠠᠵᠢᠯ ᠢ ᠠᠬᠢᠭᠤᠯᠬᠤ ᠶᠢ ᠪᠠᠷᠢᠮᠲᠠᠯᠠᠵᠤ᠂ ᠰᠠᠶᠢᠨ ᠦᠷ᠎ᠡ ᠪᠦᠲᠦᠮᠵᠢ ᠣᠯᠵᠤ᠂ ᠬᠠᠷᠢᠶ᠎ᠠ ᠣᠷᠣᠨ ᠳᠤ ᠬᠥᠮᠦᠨ ᠪᠦᠬᠦᠨ ᠬᠤᠲᠠ ᠡᠭᠦᠳᠬᠦ᠂ ᠬᠤᠲᠠ ᠡᠭᠦᠳᠬᠦ ᠳᠤ ᠣᠷᠣᠯᠴᠠᠬᠤ᠂ ᠬᠠᠮᠲᠤ ᠪᠠᠷ ᠡᠳ᠋ᠯᠡᠬᠦ ᠬᠤᠲᠠ ᠡᠭᠦᠳᠬᠦ ︽ᠪᠣᠯᠪᠠᠰᠤᠨ ᠰᠤᠷᠲᠠᠯ︾᠎ ᠢ ᠪᠣᠶ ᠪᠣᠯᠭᠠᠪᠠ᠃
     ᠬᠠᠶᠢᠷᠤᠪ ᠤᠨ ᠲᠣᠬᠤᠢ ᠲᠣᠭᠤᠷᠢᠭ ᠤᠨ ᠲᠦᠮᠡᠨ ᠵᠣᠷᠢᠭ ᠨᠢᠭᠡᠳᠦᠨ ᠬᠤᠲᠠ ᠪᠠᠶᠢᠭᠤᠯᠵᠤ᠂ ᠪᠣᠯᠪᠠᠰᠤᠨ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠠᠳᠬᠤᠵᠤ᠂ ᠡᠭᠦᠳᠦᠨ ᠪᠠᠶᠢᠭᠤᠯᠬᠤ ᠰᠢᠯᠭᠠᠨ ᠦᠨᠡᠯᠡᠬᠦ ᠭᠦᠢᠴᠠᠤᠡᠭᠡᠯ ᠲᠤᠭ᠎ᠠ ᠶᠢ ᠪᠠᠶᠢᠩᠭᠤᠵᠢᠭᠤᠯᠬᠤ ᠠᠵᠢᠯ ᠶᠢᠨ ᠬᠠᠷᠠᠯᠲᠠ ᠪᠣᠯᠭᠠᠨ ᠬᠤᠪᠢᠷᠠᠭᠤᠯᠵᠤ᠂ ᠰᠢᠯᠭᠠᠨ ᠦᠨᠡᠯᠡᠬᠦ ᠠᠷᠭ᠎ᠠ ᠶᠢ ᠪᠠᠶᠢᠩᠭᠤᠵᠢᠭᠤᠯᠬᠤ ᠬᠠᠮᠢᠶᠠᠷᠤᠯᠲᠠ ᠶᠢᠨ ᠠᠷᠭ᠎ᠠ ᠪᠣᠯᠭᠠᠨ ᠬᠤᠪᠢᠷᠠᠭᠤᠯᠵᠤ᠂ ᠡᠬᠢ ᠪᠠᠶᠠᠯᠢᠭ ᠢ ᠨᠡᠶᠢᠳᠬᠡᠵᠦ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠬᠤᠲᠠ ᠶᠢ ᠡᠭᠦᠳᠬᠦ ᠠᠵᠢᠯ ᠢ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号