ᠬᠠᠶᠢᠷᠤᠪ ᠤᠨ ᠲᠣᠬᠤᠢ ᠲᠣᠭᠤᠷᠢᠭ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠡᠷᠬᠢᠮᠯᠡᠬᠦ ᠠᠵᠢᠯᠯᠠᠭ᠎ᠠ ᠶᠢ ᠰᠠᠨᠠᠴᠢᠯᠠᠪᠠ
ᠨᠡᠶᠢᠲᠡᠯᠡᠭᠰᠡᠨ ᠴᠠᠭ᠄
2019-11-21
     ᠤᠶᠢᠷ᠎ᠠ ᠶᠢᠨ ᠵᠢᠯ ᠠᠴᠠ ᠨᠠᠭᠠᠰᠢ᠂ ᠬᠠᠶᠢᠷᠤᠪ ᠤᠨ ᠲᠣᠬᠤᠢ ᠲᠣᠭᠤᠷᠢᠭ ︽ᠪᠣᠯᠪᠠᠰᠤᠨ ᠬᠤᠭᠤᠯᠠᠨ ᠰᠢᠷᠡᠭᠡᠨ ᠤ ᠬᠤᠭᠤᠰᠣᠨ ᠫᠠᠨᠰᠠ ᠶᠢᠨ ᠠᠵᠢᠯᠯᠠᠭ᠎ᠠ︾᠎ ᠶᠢ ᠢᠳᠡᠪᠬᠢᠲᠡᠢ ᠥᠷᠨᠢᠭᠦᠯᠵᠦ᠂ ᠳᠣᠤᠷ᠎ᠠ ᠨᠡᠭᠦᠷᠡᠰᠦᠲᠥ᠋ᠷᠥᠭᠴᠢᠲᠦ ᠣᠷᠴᠢᠨ ᠲᠣᠭᠤᠷᠢᠨ ᠢ ᠬᠠᠮᠠᠭᠠᠯᠠᠬᠤ᠂ ᠠᠷᠪᠢᠴᠢ ᠭᠠᠮᠲᠠᠶ ᠬᠤᠭᠤᠯᠠ ᠢᠳᠡᠬᠦ᠂ ᠪᠣᠯᠪᠠᠰᠤᠨ ᠢᠶᠠᠷ ᠬᠤᠭᠤᠯᠠ ᠢᠳᠡᠬᠦ ᠰᠢᠨ᠎ᠡ ᠬᠡᠪ ᠰᠤᠷᠲᠠᠯ ᠨᠢᠭᠡᠨᠲᠡ ᠪᠣᠶ ᠪᠣᠯᠵᠠᠶ᠃      ᠬᠠᠶᠢᠷᠤᠪ ᠤᠨ ᠲᠣᠬᠤᠢ ᠲᠣᠭᠤᠷᠢᠭ ᠤᠨ ᠨᠢᠭᠡᠨ ᠬᠤᠭᠤᠯᠠᠨ ᠭᠡᠷ ᠲᠤ᠂ ᠴᠥᠭᠡᠨ ᠪᠤᠰᠤ ᠵᠣᠴᠢᠳ ᠶᠠᠭ ᠬᠤᠭᠤᠯᠠ ᠢᠳᠡᠵᠦ ᠪᠠᠶᠢᠨ᠎ᠠ᠂ ᠰᠢᠷᠡᠭᠡᠨ ᠳᠡᠭᠡᠷ᠎ᠡ ᠲᠠᠯᠪᠢᠵᠤ ᠪᠠᠶᠢᠭ᠎ᠠ ᠢᠳᠡᠭᠡᠨ ᠳᠡᠮᠡᠶ ᠠᠷᠪᠢᠨ ᠦᠭᠡᠢ᠂ ᠪᠦᠷ ᠲᠤᠩ ᠲᠤᠬᠢᠷᠠᠭᠰᠠᠨ ᠬᠡᠮᠵᠢᠶ᠎ᠡ᠃ ᠣᠶᠤᠨᠴᠢ ᠪᠠᠷ ᠬᠡᠷᠡᠭᠯᠡᠵᠦ᠂ ᠵᠦᠶ ᠵᠣᠬᠢᠰᠲᠠᠶ ᠬᠤᠭᠤᠯᠠᠯᠠᠬᠤ ᠪᠣᠯ ᠳᠠᠷᠤᠶ ᠬᠤᠭᠤᠰᠣᠨ ᠫᠠᠨᠰᠠ ᠎ ᠶᠢᠨ ᠠᠵᠢᠯᠯᠠᠭ᠎ᠠ ᠶᠢ ᠤᠶᠢᠯᠡᠳᠤᠯᠭᠡᠵᠢᠭᠦᠯᠬᠦ ᠠᠵᠢᠯᠯᠠᠭ᠎ᠠ ᠪᠣᠯᠤᠨ᠎ᠠ᠃     ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠤ ᠲᠠᠨᠢᠯᠴᠠᠭᠤᠯᠤᠭᠰᠠᠨ ᠢᠶᠠᠷ᠂ ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠲᠣᠭᠤᠷᠢᠭ ᠲᠠᠬᠢ ᠢᠳᠡᠭᠡᠨ ᠤᠮᠳᠠᠭᠠᠨ ᠤ ᠤᠶᠢᠯᠡᠰ ᠲᠤ ᠴᠥᠮ ᠪᠣᠯᠪᠠᠰᠤᠨ ᠬᠤᠭᠤᠯᠠᠨ ᠰᠢᠷᠡᠭᠡᠨ ᠤ ᠭᠡᠷᠡᠯ ᠳ᠋ᠢᠰᠺ ᠲᠠᠷᠬᠠᠪᠠ᠃ ᠵᠠᠯᠭᠠᠭᠠᠳ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠰᠠ ᠢᠳᠡᠭᠡᠨ ᠤᠮᠳᠠᠭᠠᠨ ᠤ ᠤᠶᠢᠯᠡᠰ ᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠠᠵᠢᠯᠯᠠᠭ᠎ᠠ ᠶᠢ ᠣᠯᠠᠨ ᠬᠡᠯᠪᠡᠷᠢ ᠪᠠᠷ ᠰᠠᠨᠠᠭᠠᠴᠢᠯᠠᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号