ᠭᠦᠨᠵᠡᠭᠡᠶ ᠰᠤᠷᠤᠯᠴᠠᠵᠤ ᠯᠠᠪᠳᠠᠭᠤᠨ ᠪᠠᠲᠤᠲᠠᠶ ᠠᠵᠢᠯᠯᠠᠵᠤ ᠴᠢᠳᠠᠪᠤᠷᠢ ᠪᠠᠨ ᠴᠢᠩᠭᠠᠳᠬᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ
ᠨᠡᠶᠢᠲᠡᠯᠡᠭᠰᠡᠨ ᠴᠠᠭ᠄
2019-11-22
  — ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ ᠢ ᠰᠤᠷᠪᠤᠯᠵᠢᠯᠠᠭᠰᠠᠨ ᠨᠢ      ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠢ ᠭᠤᠤᠯᠳᠠᠯᠭ᠎ᠠ ᠲᠠᠢ ᠰᠤᠳᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠶ ᠱᠠᠭᠠᠷᠳᠠᠯᠭ᠎ᠠ ᠶᠢ ᠳᠤᠷᠠᠳᠴᠠᠶ᠃ ᠪᠢᠳᠡ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠣᠱᠯᠠᠭᠤᠯᠵᠠᠢ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠵᠠᠰᠠᠯᠲᠠ ᠶᠢᠨ ᠴᠢᠳᠠᠪᠤᠷᠢ ᠪᠣᠯᠤᠨ ᠳᠦᠷᠢᠮ ᠢ ᠬᠡᠷᠡᠭᠵᠢᠭᠦᠯᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ‌ᠠᠬᠢᠭᠤᠯᠵᠤ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ᠃︾ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠢᠶᠠ ᠴᠢᠩ ᠳ᠋ᠦᠩ ᠰᠤᠷᠪᠤᠯᠵᠢᠯᠠᠭ᠎ᠠ ᠬᠦᠯᠢᠶᠡᠬᠦ ᠳᠡᠭᠡᠨ ᠬᠡᠯᠡᠭᠰᠡᠨ ᠨᠢ᠄      ᠵᠢᠶᠠ ᠴᠢᠩ ᠳ᠋ᠦᠩ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠲᠠᠰᠢᠷᠠᠮ ᠳᠤ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠤᠬᠡ ᠶᠢᠨ ᠠᠭᠤᠯᠵᠠᠷ ᠲᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠬᠠᠶᠢᠷᠤᠪ ᠤᠨ ᠲᠣᠬᠤᠢ ᠲᠣᠭᠤᠷᠢᠭ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠦ ᠶᠢᠨ ᠡᠭᠦᠷᠭᠡ ᠪᠣᠯᠭᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠲᠣᠭᠲᠠᠯ ᠬᠦᠴᠦᠨ ᠢᠶᠠᠨ ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠶ ᠬᠠᠷᠠᠯᠲᠠ ᠲᠡᠰᠢ ᠴᠢᠷᠮᠠᠶᠢᠵᠤ᠂ ᠬᠠᠶᠢᠷᠤᠪ ᠤᠨ ᠲᠣᠬᠤᠢ ᠲᠤᠭᠤᠷᠢᠭ ᠤᠨ ᠬᠥᠭᠵᠢᠯᠲᠡ ᠶᠢ ᠨᠠᠩ ᠴᠢᠨᠠᠷ ᠴᠢᠨᠰᠠᠭ᠎ᠠ ᠲᠠᠢ᠂ ᠵᠠᠰᠠᠯᠲᠠ ᠶᠢ ᠨᠠᠩ ᠥᠨᠳᠥᠷ ᠲᠦᠪᠰᠢᠨ ᠲᠠᠢ᠂ ᠣᠯᠠᠨ ᠲᠦᠮᠡᠨ ᠨᠠᠩ ᠬᠦᠷᠲᠡᠮᠵᠢ ᠶᠢᠨ ᠲᠥᠷᠥᠭᠳᠡᠯ ᠲᠠᠢ ᠪᠣᠯᠭᠠᠨ᠎ᠠ᠃      ᠵᠢᠶᠠ ᠴᠢᠩ ᠳ᠋ᠦᠩ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠪᠢᠳᠡᠨ ᠤ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠴᠢᠭᠯᠡᠯ ᠢ ᠵᠢᠭᠠᠨ ᠥᠭᠴᠦ᠂ ᠪᠠᠲᠤᠯᠠᠭ᠎ᠠ ᠬᠠᠩᠭᠠᠪᠠ᠃ ᠬᠠᠶᠢᠷᠤᠪ ᠤᠨ ᠲᠣᠬᠤᠢ ᠲᠣᠭᠤᠷᠢᠭ ᠨᠢ ᠨᠠᠮ ᠨᠢ ᠨᠠᠮ ᠢᠶᠠᠨ ᠬᠠᠮᠢᠶᠠᠷᠬᠤ᠂ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠵᠥᠪ ᠤᠯᠤᠰ ᠲᠥᠷᠦ ᠶᠢᠨ ᠴᠢᠭᠯᠡᠯ ᠢ ᠪᠠᠲᠤ ᠡᠵᠡᠮᠳᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠦᠬᠦ ᠲᠠᠯ᠎ᠠ ᠶᠢ ᠡᠵᠡᠮᠳᠡᠬᠦ  ᠶᠢ ᠪᠦᠷᠢᠨ ᠲᠡᠭᠦᠯᠳᠡᠷᠵᠢᠭᠦᠯᠬᠦ᠂ ᠡᠯ᠎ᠡ ᠲᠠᠯ᠎ᠠ ᠶᠢᠨ ᠳᠦᠷᠢᠮ ᠲᠣᠭᠲᠠᠴᠠ ᠶᠢ ᠵᠣᠬᠢᠴᠠᠭᠤᠯᠬᠤ ᠪᠠᠷ ᠭᠤᠤᠯᠳᠠᠯᠭ᠎ᠠ ᠪᠣᠯᠭᠠᠵᠤ᠂ ᠲᠥᠷᠥ ᠪᠠᠷᠢᠬᠤ ᠴᠢᠳᠠᠪᠤᠷᠢ ᠪᠣᠯᠤᠨ ᠤᠳᠤᠷᠢᠳᠬᠤ ᠲᠦᠪᠰᠢᠨ ᠢ ᠦᠨᠡᠨᠬᠦ ᠳᠡᠭᠡᠭᠰᠢᠯᠡᠭᠦᠯᠵᠦ᠂ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠪᠣᠯᠤᠨ᠎ᠠ᠃ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠪᠠ ᠬᠠᠤᠯᠢ ᠪᠠᠷ ᠲᠤᠭᠤᠷᠢᠭ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠠᠤᠡᠭᠡᠬᠦ ᠶᠢ ᠳᠠᠮᠵᠢᠨ ᠪᠠᠲᠤᠯᠠᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠦ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ ᠠᠷᠠᠤᠡ ᠲᠦᠮᠡᠨ ᠤ ᠰᠡᠤᠡᠭᠢᠯ ᠬᠠᠨᠤᠮᠵᠢᠲᠠᠢ ᠤᠶᠢᠯᠡᠴᠢᠯᠡᠭᠡᠨ ᠤ ᠬᠡᠯᠪᠡᠷᠢᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠪᠣᠳᠠᠲᠠᠢ ᠠᠵᠢᠯᠯᠠᠬᠤ ᠰᠤᠷᠲᠠᠯ ᠢᠶᠠᠷ ᠪᠠᠲᠤᠯᠠᠭ᠎ᠠ ᠪᠣᠯᠭᠠᠵᠤ᠂ ᠵᠠᠰᠠᠭ ᠤᠨ ᠣᠷᠳᠣᠨ ᠤ ᠠᠵᠢᠯ ᠤᠨ ᠲᠠᠰᠤᠷᠠᠯᠲᠠ ᠦᠭᠡᠢ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ᠃ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠷᠠᠳ ᠤᠨ ᠤᠯᠤᠰ ᠲᠥᠷᠦ ᠶᠢᠨ ᠵᠥᠪᠯᠡᠯᠭᠡᠨ ᠤ ᠤᠯᠤᠰ ᠲᠥᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠴᠢᠳᠠᠪᠤᠷᠢᠲᠠᠨ ᠴᠤᠭᠯᠠᠷᠠᠭᠰᠠᠨ᠂ ᠣᠶᠤᠨ ᠤᠬᠠᠭᠠᠨ ᠨᠢᠭᠲᠠᠷᠠᠭᠰᠠᠨ᠂ ᠬᠠᠷᠢᠯᠴᠠᠭ᠎ᠠ‌ᠥᠷᠭᠡᠨ ᠪᠠᠶᠢᠳᠠᠭ ᠥᠪᠡᠷᠮᠢᠴᠡ ᠳᠠᠪᠠᠭᠤᠯᠢᠭ ᠢ ᠭᠦᠢᠴᠠᠤᠡ ᠪᠠᠳᠠᠷᠠᠭᠤᠯᠵᠤ᠂ ᠬᠠᠶᠢᠷᠤᠪ ᠤᠨ ᠲᠣᠬᠤᠢ ᠲᠤᠭᠤᠷᠢᠭ ᠤᠨ ᠬᠥᠭᠵᠢᠯᠲᠡ ᠶᠢ ᠲᠦᠯᠬᠢᠨ ᠠᠬᠢᠭᠤᠯᠬᠤ ᠬᠦᠴᠦᠷᠬᠡᠭ ᠶᠡᠭᠡ ᠬᠦᠴᠦᠨ ᠢ ᠥᠷᠭᠡᠨ ᠢᠶᠠᠷ ᠲᠥᠪᠯᠡᠷᠡᠭᠦᠯᠦᠨ᠎ᠡ᠃ ᠨᠠᠮ ᠤᠨ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠠᠵᠢᠯ ᠳᠠᠬᠢ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠪᠡᠯᠡ ᠣᠷᠣᠭᠤᠯᠤᠯᠲᠠ ᠪᠠ ᠲᠥᠷᠥᠯ ᠵᠤᠶᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠦᠷᠢᠶᠡᠯᠡᠩ ᠲᠣᠭᠤᠷᠢᠭ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠵᠡᠷᠭᠡ ᠭᠤᠤᠯᠳᠠᠯᠭ᠎ᠠ ᠲᠠᠢ ᠠᠵᠢᠯ ᠢ ᠨᠢᠭᠡᠳᠦᠯᠲᠡᠶ ᠳᠤ ᠲᠥᠯᠥᠪᠵᠢᠭᠦᠯᠦᠨ ᠰᠠᠶᠢᠲᠤᠷ ᠠᠳᠬᠤᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠪᠦᠬᠦ ᠬᠦᠴᠦᠨ ᠢᠶᠠᠷ ᠢᠶᠠᠨ ᠡᠭᠦᠳᠴᠦ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃      ᠵᠢᠶᠠ ᠴᠢᠩ ᠳ᠋ᠦᠩ ᠤᠨ ᠦᠵᠡᠬᠦ ᠪᠠᠷ᠂ ᠳᠦᠷᠢᠮ ᠤᠨ ᠳᠠᠪᠠᠭᠤᠯᠢᠭ ᠢ ᠵᠠᠰᠠᠯᠲᠠ ᠶᠢᠨ ᠦᠷ᠎ᠡ ᠪᠦᠲᠦᠮᠵᠢ ᠪᠣᠯᠭᠠᠵᠤ᠂ ᠲᠤᠭᠤᠷᠢᠭ ᠤᠨ ᠨᠠᠮ ᠤᠨ ᠬᠤᠷᠢᠶ᠎ᠠ ᠴᠢᠬᠤᠯᠠ ᠬᠠᠷᠢᠭᠤᠴᠠᠯᠭ᠎ᠠ ᠶᠢ ᠡᠭᠦᠷᠭᠡᠯᠡᠬᠦ ᠳᠤ ᠡᠯ᠎ᠡ ᠲᠠᠯ᠎ᠠ ᠶᠢᠨ ᠬᠢᠨ ᠴᠥᠮ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠬᠡᠷᠡᠭᠲᠡᠶ᠃ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶ᠎ᠠ ᠪᠦᠬᠦ ᠲᠤᠭᠤᠷᠢᠭ ᠤᠨ ᠥᠷᠭᠡᠨ ᠣᠯᠠᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ᠂ ᠴᠢᠬᠤᠯᠠ ᠶᠡᠭᠡ  ᠪᠠᠶᠢᠷᠢᠯᠠᠭᠤᠯᠤᠯᠲᠠ ᠪᠣᠯᠤᠨ ᠴᠢᠬᠤᠯᠠ ᠶᠡᠭᠡ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ︽ᠳᠥᠷᠪᠡᠨ ᠤᠬᠠᠮᠰᠠᠷ︾᠎ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠎ᠡ᠃ᠣᠶᠤᠨ ᠤᠬᠠᠭᠠᠨ ᠪᠠ ᠬᠦᠴᠦᠨ ᠴᠢᠳᠠᠯ ᠢᠶᠠᠨ ᠪᠥᠬᠦᠳᠡ ᠬᠤᠷᠠᠯ ᠤᠨ ᠲᠣᠭᠲᠠᠭᠠᠭᠰᠠᠨ ᠡᠯ᠎ᠡ ᠵᠤᠶᠢᠯ ᠤᠨ ᠬᠠᠷᠠᠯᠲᠠ ᠡᠭᠦᠷᠭᠡ ᠳᠡᠭᠡᠷ᠎ᠡ ᠨᠢᠭᠲᠠᠷᠠᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠥᠴᠦᠬᠡᠨ ᠴᠦ ᠭᠤᠶᠢᠪᠢᠰᠢ ᠦᠭᠡᠢ ᠪᠠᠷᠢᠮᠲᠠᠯᠠᠨ ᠪᠠᠬᠢᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠳᠠᠪᠠᠭᠤᠯᠢᠭ ᠴᠢᠨᠠᠷ ᠤᠨ ᠲᠤᠬᠠᠶ ᠬᠥᠮᠦᠵᠢᠯ ᠤᠬᠠᠭᠤᠯᠭ᠎ᠠ ᠶᠢᠨ ᠡᠷᠴᠢᠮ ᠢᠶᠠᠨ ᠦᠨᠡᠨ ᠬᠦ ᠴᠢᠩᠭᠠᠷᠠᠭᠤᠯᠵᠤ᠂ ᠪᠠᠶᠢᠭᠤᠯᠤᠯ ᠤᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠳᠦᠷᠢᠮ ᠢ ᠬᠡᠷᠡᠭᠵᠢᠭᠦᠯᠬᠦ ᠶᠢᠨ ᠦᠯᠢᠭᠡᠷ ᠳᠠᠭᠤᠷᠢᠶᠠᠯ ᠪᠣᠯᠵᠤ᠂ ᠪᠦᠬᠦ ᠲᠤᠭᠤᠷᠢᠭ ᠤᠨ ᠳᠡᠭᠡᠳᠤ ᠳᠣᠣᠷᠠᠳᠤ ᠱᠠᠲᠤ ᠶᠢ ᠳᠠᠶᠢᠴᠢᠯᠠᠨ ᠳᠦᠷᠢᠮ ᠢ ᠤᠬᠠᠮᠰᠠᠷ ᠤᠨ ᠪᠠᠨ ᠳᠡᠭᠡᠳᠦᠯᠡᠵᠦ᠂ ᠳᠦᠷᠢᠮ ᠢ ᠴᠢᠩᠭ᠎ᠠ ᠬᠡᠷᠡᠭᠵᠢᠭᠦᠯᠵᠦ᠂ ᠳᠦᠷᠢᠮ ᠢ ᠡᠷᠡᠰ ᠬᠠᠮᠠᠭᠠᠯᠠᠨ᠎ᠠ᠃ ᠳᠦᠷᠢᠮ ᠤᠨ ᠬᠡᠷᠡᠭᠵᠢᠭᠦᠯᠬᠦ ᠬᠦᠴᠦᠨ ᠢ ᠺᠠᠳ᠋ᠷ ᠢ ᠬᠢᠨᠠᠨ ᠰᠢᠯᠭᠠᠵᠤ ᠲᠣᠮᠢᠯᠠᠨ ᠬᠡᠷᠡᠭᠯᠡᠬᠦ ᠠᠵᠢᠯ ᠪᠣᠯᠭᠠᠬᠤ ᠶᠢ ᠪᠠᠷᠢᠮᠲᠠᠯᠠᠵᠤ᠂ ᠦᠵᠡᠯ ᠰᠠᠨᠠᠭᠠᠨ ᠤ ᠳᠠᠪᠲᠠᠯᠲᠠ᠂ ᠤᠯᠤᠰ ᠲᠥᠷᠦ ᠶᠢᠨ ᠳᠠᠪᠲᠠᠯᠲᠠ᠂ ᠤᠶᠢᠯᠡᠳᠤᠯᠭᠡ ᠶᠢᠨ ᠳᠠᠪᠲᠠᠯᠲᠠ᠂ ᠲᠤᠰᠬᠠᠶ ᠮᠡᠷᠭᠡᠵᠢᠯ ᠤᠨ ᠪᠣᠯᠪᠠᠰᠤᠷᠠᠯ ᠢᠶᠠᠷ ᠳᠠᠮᠵᠢᠭᠤᠯᠤᠨ᠂ ᠥᠷᠭᠡᠨ ᠣᠯᠠᠨ ᠺᠠᠳ᠋ᠷᠴᠤᠳ ᠤᠨ ᠳᠦᠷᠢᠮ ᠤᠨ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠠᠤᠡᠭᠡᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠶᠢᠷᠤᠪ ᠤᠨ ᠲᠣᠬᠤᠢ ᠲᠣᠭᠤᠷᠢᠭ ᠲᠤ᠂ ᠴᠡᠴᠡᠭᠯᠡᠨ ᠵᠢᠮᠢᠰᠯᠡᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号