ᠬᠠᠶᠢᠷᠤᠪ ᠤᠨ ᠲᠣᠬᠤᠢ ᠲᠣᠭᠤᠷᠢᠭ ᠤᠨ ᠲᠠᠪᠤᠨ ᠵᠤᠶᠢᠯ ᠤᠨ ︽ᠤᠷ᠎ᠠ ᠴᠢᠳᠠᠪᠤᠷᠢ︾ ᠎ ᠢᠶᠠᠷ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2019-11-26
     ᠣᠳᠣᠬᠠᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠬᠥᠭᠵᠢᠶᠡᠨᠲᠡᠶ ᠶᠠᠪᠤᠭᠳᠠᠵᠤ᠂ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ᠂ ᠠᠵᠢᠯᠲᠠᠨ᠂ ᠣᠨᠴᠠᠭᠠᠢᠯᠠᠨ ᠡᠮᠦᠨ᠎ᠡ ᠹᠷᠣᠨᠲ ᠲᠤ ᠪᠠᠶᠢᠭ᠎ᠠ ᠬᠥᠮᠦᠰ᠂ ᠡᠯ᠎ᠡ ᠵᠤᠶᠢᠯ ᠤᠨ ᠠᠵᠢᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠠᠬᠢᠭᠤᠯᠵᠤ ᠪᠠᠶᠢᠨ᠎ᠠ᠃ᠲᠡᠳᠡᠨ ᠤ ᠲᠠᠰᠤᠷᠠᠯᠲᠠ ᠦᠭᠡᠢ ᠴᠢᠷᠮᠠᠶᠢᠬᠤ ᠶᠢ ᠳᠠᠭᠠᠯᠳᠤᠨ᠂ ᠬᠠᠶᠢᠷᠤᠪ ᠤᠨ ᠲᠣᠬᠤᠢ ᠲᠣᠭᠤᠷᠢᠭ ᠭᠡᠬᠦ ᠡᠨᠡᠬᠦ ᠭᠤᠤᠯ ᠬᠤᠲᠠ ᠶᠢᠨ ᠲᠣᠭᠤᠷᠢᠭ ᠤᠨ ᠬᠤᠪᠢᠷᠠᠯᠲᠠ ᠡᠳᠦᠷ ᠢᠷᠡᠬᠦᠶ᠎ᠡ ᠢᠯᠡᠷᠡᠵᠤ ᠪᠠᠶᠢᠨ᠎ᠠ᠃      ᠡᠨᠡ ᠵᠢᠯ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠤᠯᠢ ᠬᠡᠷᠡᠭᠵᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠤᠶᠢᠯᠡᠴᠢᠯᠡᠭᠡ ᠬᠠᠮᠢᠶᠠᠷᠤᠯᠲᠠ ᠪᠠᠷ — ︽ᠪᠣᠯᠵᠤᠭ᠎ᠠ︾᠂ ᠬᠠᠤᠯᠢ ᠶᠢ ᠴᠢᠩᠭ᠎ᠠ ᠬᠡᠷᠡᠭᠵᠢᠭᠦᠯᠬᠦ ᠪᠠᠷ — ︽ᠲᠣᠷᠭᠠᠬᠤ︾᠂ ᠳᠦᠷᠢᠮ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠴᠡᠭᠴᠡᠯᠡᠨ ᠵᠠᠰᠠᠵᠤ —︽ᠨᠤᠷᠠᠭᠠᠬᠤ︾᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ— ︽ᠰᠡᠶᠢᠷᠡᠭᠦᠯᠬᠦ︾᠂ ᠰᠠᠯᠠᠭ᠎ᠠ ᠮᠥᠴᠢᠷ ᠬᠠᠮᠵᠢᠯᠴᠠᠬᠤ—︽ᠬᠤᠯᠪᠣᠭᠠᠯᠠᠬᠤ︾ ᠵᠡᠷᠭᠡ ᠣᠯᠠᠨ ᠲᠠᠯ᠎ᠠ ᠪᠠᠷ ᠡᠳᠦᠷ ᠲᠣᠲᠤᠮ ᠤᠨ ᠬᠠᠮᠢᠶᠠᠷᠤᠯᠲᠠ ᠳᠠᠬᠢ ᠦᠷ᠎ᠡ ᠪᠦᠲᠦᠮᠵᠢ ᠶᠢ ᠢᠯᠡᠷᠡᠭᠦᠯᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠠᠬᠢᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠠᠵᠢᠯ ᠦᠢᠯᠡᠰ ᠤᠨ ᠬᠥᠭᠵᠢᠯᠲᠡ ᠳᠤ ᠰᠠᠶᠢᠨ ᠰᠠᠶᠢᠬᠠᠨ ᠬᠤᠲᠠ ᠶᠢᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠴᠡᠶ᠃      ᠤᠶᠢᠯᠡᠴᠢᠯᠡᠭᠡᠨ ᠤ ᠬᠠᠮᠢᠶᠠᠷᠤᠯᠲᠠ ᠨᠢ ︽ᠪᠣᠯᠵᠤᠭ᠎ᠠ︾᠎ ᠶᠢ ᠢᠯᠡᠷᠡᠭᠦᠯᠪᠡ      ᠵᠡᠭᠡᠯᠢ ᠳᠠᠭᠠᠭᠰᠠᠨ ᠨᠢᠭᠡᠴᠢ ᠪᠠ ᠬᠤᠪᠢ ᠶᠢᠨ ᠬᠤᠳᠠᠯᠳᠤᠭᠠᠴᠢᠨ ᠡᠷᠦᠬᠡ ᠶᠢ ᠥᠷᠭᠡᠨ ᠢᠶᠠᠷ ᠳᠠᠶᠢᠴᠢᠯᠠᠨ ᠬᠤᠲᠠ ᠶᠢᠨ ᠬᠠᠮᠢᠶᠠᠷᠤᠯᠲᠠ ᠳᠤ ᠢᠳᠡᠪᠬᠢᠲᠡᠢ ᠣᠷᠣᠯᠴᠠᠭᠤᠯᠵᠤ᠂ ︽ᠡᠭᠦᠳᠡᠨ ᠡᠮᠦᠨᠡᠬᠢ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠬᠠᠷᠢᠭᠤᠴᠠᠯᠭ᠎ᠠ ᠶᠢᠨ ᠪᠢᠴᠢᠭ ᠤᠨ ᠦᠯᠡᠳᠡᠪᠦᠷᠢ ᠬᠤᠪᠢ ᠲᠣᠭᠲᠠᠭᠠᠵᠤ᠂ ᠬᠤᠲᠠ ᠶᠢᠨ ᠲᠣᠭᠤᠷᠢᠭ ᠤᠨ ᠬᠡᠪᠴᠢᠶᠡᠨ ᠳᠤ ᠪᠦᠬᠦᠨ ᠢ ᠪᠦᠷᠬᠦᠭᠦᠯᠪᠡ᠃ ᠡᠭᠦᠨ ᠤ ᠳᠤ ᠬᠠᠮᠲᠤ᠂ ︽ᠡᠭᠦᠳᠡᠨ ᠡᠮᠦᠨᠡᠬᠢ︾᠎ ᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠪᠠᠷᠢᠮᠵᠢᠶ᠎ᠠ ᠳᠤ ᠬᠦᠷᠦᠭᠡᠳᠦᠢ ᠵᠡᠭᠡᠯᠢ ᠳᠠᠭᠠᠭᠰᠠᠨ ᠨᠢᠭᠡᠴᠢ ᠪᠠ ᠬᠤᠪᠢ ᠶᠢᠨ ᠬᠤᠳᠠᠯᠳᠤᠭᠠᠴᠢᠨ ᠤ ᠡᠭᠦᠳᠡᠨ ᠡᠮᠦᠨ᠎ᠡ ᠣᠷᠣᠰᠢᠵᠤ ᠪᠠᠶᠢᠭ᠎ᠠ ᠣᠷᠴᠢᠨ ᠠᠬᠤᠶ ᠪᠠ ᠡᠮᠬᠢ ᠵᠢᠷᠤᠮ ᠤᠨ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠵᠤ᠂ ︽ᠡᠭᠦᠳᠡᠨ ᠡᠮᠦᠨᠡᠬᠢ︾ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠳᠤ ᠴᠢᠬᠤᠯᠠ ᠪᠦᠬᠦᠢ ᠪᠠ ᠬᠠᠮᠢᠶᠠᠷᠤᠯᠲᠠ ᠶᠢᠨ ᠰᠠᠭᠤᠷᠢ ᠬᠠᠩᠭᠠᠵᠤ᠂ ᠡᠭᠦᠨ ᠠᠴᠠ ᠭᠠᠳᠠᠨ᠎ᠠ ᠡᠨᠡ ᠬᠦ ᠰᠠᠭᠤᠷᠢᠨ ᠳᠡᠭᠡᠷ᠎ᠡ ᠪᠠᠰᠠ ︽ᠡᠭᠦᠳᠡᠨ ᠡᠮᠦᠨᠡᠬᠢ︾ ᠬᠠᠷᠢᠭᠤᠴᠠᠯᠭ᠎ᠠ ᠶᠢᠨ ᠳᠦᠷᠢᠮ ᠢ ᠬᠤᠲᠠ ᠶᠢᠨ ᠲᠣᠭᠤᠷᠢᠭ ᠠᠴᠠ ᠲᠠᠷᠢᠶᠠᠯᠠᠬᠤ ᠣᠷᠣᠨ᠂ ᠠᠭᠤᠷᠬᠠᠢ ᠶᠢᠨ ᠣᠷᠣᠨ ᠳᠤ ᠬᠦᠷᠲᠡᠯ᠎ᠡ ᠤᠷᠲᠤᠳᠬᠠᠵᠤ᠂ ᠳᠠᠷᠠᠭ᠎ᠠ ᠠᠯᠬᠤᠮ ᠤᠨ ᠲᠠᠷᠢᠶᠠᠯᠠᠬᠤ ᠣᠷᠣᠨ᠂ ᠠᠭᠤᠷᠬᠠᠢ ᠶᠢᠨ ᠣᠷᠣᠨ ᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠬᠠᠩᠭᠠᠭᠰᠠᠨ ᠪᠠᠶᠢᠨ᠎ᠠ᠃      ᠬᠠᠤᠯᠢ ᠶᠢ ᠴᠢᠩᠭ᠎ᠠ ᠬᠡᠷᠡᠭᠵᠢᠭᠦᠯᠬᠦ ᠨᠢ ︽ᠲᠣᠷᠭᠠᠬᠤ︾᠎ ᠶᠢ ᠢᠯᠡᠷᠡᠭᠦᠯᠦᠨ᠎ᠡ      ᠬᠤᠲᠠ‌‍ᠶᠢᠨ ᠦᠵᠡᠮᠵᠢ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ︽ᠦᠬᠠᠶ ᠬᠤᠲᠠ ᠶᠢᠨ ᠬᠤᠲᠠ ᠶᠢᠨ ᠦᠵᠡᠮᠵᠢ ᠪᠣᠯᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠰᠢᠢᠤᠡᠭᠡᠬᠦ ᠲᠣᠭᠲᠠᠭᠠᠯ︾ ᠶᠣᠰᠣᠭᠠᠷ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠶᠢ ᠬᠡᠷᠡᠭᠵᠢᠭᠦᠯᠵᠦ᠂ ᠡᠯ᠎ᠡ ᠵᠤᠶᠢᠯ ᠤᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠬᠠᠮᠢᠶᠠᠷᠴᠤ ᠬᠦᠨᠳᠦ ᠪᠠᠷ ᠰᠢᠢᠤᠡᠭᠡᠵᠤ᠂ ᠪᠠᠭ᠎ᠠ ᠲᠠᠢ ᠨᠢ ᠳᠡᠯᠭᠡᠭᠦᠷ ᠤᠨ ᠭᠠᠳᠠᠨ᠎ᠠ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠰᠢᠢᠳᠬᠡᠯ᠂ ᠶᠡᠬᠡᠳᠬᠦ ᠳᠡᠭᠡᠨ ᠰᠢᠷᠣᠶ ᠲᠡᠭᠡᠭᠰᠡᠨ ᠲᠡᠷᠭᠡ ᠳᠤᠷ᠎ᠠ ᠪᠠᠷ ᠢᠶᠠᠨ ᠰᠢᠷᠤᠢ ᠤᠨᠠᠭᠠᠬᠤ᠂ ᠵᠠᠮ ᠳᠡᠭᠡᠷ᠎ᠡ ᠭᠤᠭᠤᠵᠢᠭᠤᠯᠬᠤ ᠰᠢᠢᠳᠬᠡᠯ᠂ ᠡᠨᠡ ᠵᠢᠯ ᠠᠴᠠ ᠨᠠᠰᠢ᠂ ᠮᠠᠰᠢᠨᠲᠤ ᠪᠤᠰᠤ ᠲᠡᠷᠭᠡ ᠶᠢ 900 ᠭᠠᠷᠤᠶ ᠨᠡᠭᠦᠯᠭᠡᠨ ᠰᠢᠯᠵᠢᠭᠦᠯᠵᠦ᠂ ᠳᠡᠯᠭᠡᠭᠦᠷ ᠤᠨ ᠭᠠᠳᠠᠨᠠᠬᠢ ᠳᠡᠯᠭᠡᠭᠦᠷ ᠢ 13800 ᠭᠠᠷᠤᠶ ᠭᠠᠵᠠᠷ ᠴᠡᠪᠡᠷᠯᠡᠪᠡ᠃ ᠦᠨᠡᠮᠯᠡᠯ ᠦᠭᠡᠢ ᠨᠡᠭᠦᠲᠡᠯ ᠬᠤᠳᠠᠯᠳᠤᠭᠠᠴᠢᠨ ᠢ 4850 ᠭᠠᠷᠤᠶ ᠤᠳᠠᠭ᠎ᠠ ᠢᠳᠬᠠᠵᠤ᠂ 1000 ᠭᠠᠷᠤᠶ ᠡᠪᠳᠡᠷᠬᠡᠶ ᠬᠤᠤᠰ ᠤᠶᠠᠩᠭ᠎ᠠ ᠶᠢ ᠴᠡᠪᠡᠷᠯᠡᠨ᠂ 2973 ᠭᠠᠷᠤᠶ ᠳᠡᠯᠭᠡᠭᠦᠷ ᠤᠨ ᠭᠠᠳᠠᠨ᠎ᠠ ᠵᠠᠷ ᠨᠠᠭᠠᠭᠰᠠᠨ ᠭᠠᠵᠠᠷ ᠢ ᠴᠡᠪᠡᠷᠯᠡᠨ᠂ ᠳᠡᠯᠭᠡᠭᠦᠷ ᠤᠨ ᠭᠠᠳᠠᠨ᠎ᠠ ᠬᠤᠭ ᠨᠣᠪᠰᠢ ᠬᠠᠶᠠᠭᠰᠠᠨ ᠲᠡᠷᠭᠡ ᠬᠥᠰᠬᠡ ᠶᠢ 90 ᠭᠠᠷᠤᠶ ᠤᠳᠠᠭ᠎ᠠ ᠢᠳᠬᠠᠨ ᠰᠢᠢᠤᠡᠪᠤᠷᠢᠯᠡᠵᠤ᠂ ᠴᠢᠬᠤᠯᠠ ᠵᠠᠩᠭᠢᠯᠠᠭ᠎ᠠ ᠶᠢᠨ ᠴᠡᠭ ᠲᠤ 17 ᠭᠠᠵᠠᠷ ᠰᠢᠨ᠎ᠡ ᠪᠠᠷ ᠬᠢᠨᠠᠨ ᠡᠵᠡᠮᠳᠡᠪᠡ᠃ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢ ᠪᠦᠲᠦᠮᠵᠢᠲᠡᠢ ᠬᠢᠵᠠᠭᠠᠷᠯᠠᠵᠤ᠂ ᠬᠤᠲᠠ ᠶᠢᠨ ᠦᠵᠡᠮᠵᠢ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠣᠯᠠᠨ ᠲᠦᠮᠡᠨ ᠳᠤ ᠴᠡᠪᠡᠷ ᠴᠡᠮᠴᠡᠭᠡᠷ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃      ᠲᠣᠭᠲᠠᠭᠠᠯ ᠠᠴᠠ ᠵᠥᠷᠢᠴᠡᠭᠰᠡᠨ ᠪᠠᠷᠢᠯᠭ᠎ᠠ ᠶᠢ ᠴᠡᠭᠴᠡᠯᠡᠨ ᠵᠠᠰᠠᠬᠤ ᠨᠢ ︽ᠨᠤᠷᠠᠭᠠᠬᠤ︾᠎ ᠶᠢ ᠬᠠᠷᠠᠭᠤᠯᠵᠤ ᠪᠠᠶᠢᠨ᠎ᠠ      ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠠᠶᠢᠷᠤᠪ ᠤᠨ ᠲᠣᠬᠤᠢ ᠲᠣᠭᠤᠷᠢᠭ ᠤᠨ ᠪᠠᠭ᠎ᠠ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠢᠳᠡᠪᠬᠢᠲᠡᠢ ᠬᠠᠮᠵᠢᠯᠴᠠᠨ ᠵᠢᠵᠢᠭ ᠲᠣᠭᠤᠷᠢᠭ ᠤᠨ ᠳᠣᠲᠣᠷ᠎ᠠ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠵᠡᠷᠭᠡ ᠲᠠᠯ᠎ᠠ ᠪᠠᠷ ᠲᠤᠰᠬᠠᠶ ᠴᠡᠭᠴᠡᠯᠡᠨ ᠵᠠᠰᠠᠯᠲᠠ ᠬᠢᠵᠦ᠂ ᠣᠳᠣᠬᠠᠨ ᠳᠤ ᠪᠣᠯᠲᠠᠯ᠎ᠠ᠂ 531 ᠡᠷᠦᠬᠡ ᠳᠦᠷᠢᠮ ᠲᠣᠭᠲᠠᠭᠠᠯ ᠢ ᠡᠪᠳᠡᠵᠦ᠂ 5112 ᠲᠡᠭᠰᠢ ᠳᠥᠷᠪᠡᠯᠵᠢᠨ ᠮᠧᠳ᠋ᠷ ᠲᠠᠯᠠᠪᠠᠢ ᠲᠠᠢ᠃ 39 ᠡᠷᠦᠬᠡ ᠬᠦᠷᠢᠶᠡᠨ ᠤ ᠬᠡᠷᠡᠮ ᠢ ᠡᠪᠳᠡᠵᠦ᠂ 29 ᠡᠷᠦᠬᠡ ᠶᠢᠨ ᠨᠣᠭᠤᠭᠠᠷᠠᠭᠤᠯᠤᠯᠲᠠ ᠶᠢᠨ ᠪᠦᠰᠡ ᠶᠢ ᠵᠠᠰᠠᠵᠤ᠂ 899 ᠤᠷᠲᠤᠳᠬᠠᠯ ᠮᠧᠲᠷ᠂ ᠨᠤᠷᠠᠭᠠᠯᠲᠠ ᠶᠢᠨ ᠦᠷ᠎ᠡ ᠪᠦᠲᠦᠮᠵᠢ ᠢᠯᠡᠷᠬᠡᠶ ᠪᠠᠶᠢᠵᠤ᠂ ᠰᠠᠭᠤᠭᠠᠯᠢ ᠲᠣᠭᠤᠷᠢᠭ ᠢ ᠬᠤᠪᠢ ᠪᠠᠷ ᠢᠶᠠᠨ ᠳᠤᠷ᠎ᠠ ᠪᠠᠷ ᠪᠦᠲᠦᠭᠡᠨ ᠪᠠᠶᠢᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠦᠨᠳᠦᠰᠦᠨ ᠳᠡᠭᠡᠨ ᠴᠡᠭᠴᠡᠯᠡᠨ ᠵᠠᠰᠠᠬᠤ ᠦᠷ᠎ᠡ ᠳ᠋ᠦᠩ ᠳᠤ ᠬᠦᠷᠦᠭᠦᠯᠦᠨ᠎ᠡ᠃ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠬᠠᠮᠢᠶᠠᠷᠤᠯᠲᠠ ᠶᠢᠨ ᠲᠠᠯ᠎ᠠ ᠪᠠᠷ᠂ ᠨᠢᠭᠡ ᠪᠦᠯᠦᠭ ᠢ ᠤᠬᠠᠭᠤᠯᠬᠤ᠂ ᠨᠢᠭᠡ ᠪᠦᠯᠦᠭ ᠢ ᠳᠠᠶᠢᠴᠢᠯᠠᠬᠤ᠂ ᠨᠢᠭᠡ ᠪᠦᠯᠦᠭ ᠢ ᠨᠤᠷᠠᠭᠠᠬᠤ᠂ ᠨᠢᠭᠡ ᠪᠦᠯᠦᠭ ᠢ ᠢᠯᠭᠠᠷᠠᠭᠤᠯᠬᠤ ᠠᠭᠠᠵᠢᠮ ᠢᠶᠠᠷ ᠠᠬᠢᠬᠤ ᠮᠠᠶ᠋ᠢᠭ ᠤᠨ ᠠᠵᠢᠯ ᠤᠨ ᠵᠠᠭᠪᠤᠷ ᠢ ᠪᠠᠷᠢᠮᠲᠠᠯᠠᠨ᠂ ᠳᠤᠷ᠎ᠠ ᠪᠠᠷ ᠢᠶᠠᠨ ᠪᠠᠶᠢᠭᠤᠯᠵᠤ ᠨᠤᠷᠠᠭᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠬᠤ ᠶᠢᠨ ᠬᠠᠮᠲᠤ ᠡᠯ᠎ᠡ ᠲᠥᠷᠥᠯ ᠤᠨ ᠰᠢᠨ᠎ᠡ ᠪᠠᠷ ᠨᠡᠮᠡᠭᠳᠡᠭᠰᠡᠨ ᠬᠠᠤᠯᠢ ᠠᠴᠠ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠡᠷᠡᠰ ᠬᠤᠷᠢᠭᠯᠠᠬᠤ ᠬᠡᠷᠡᠭᠲᠡᠶ᠃ ᠣᠳᠣᠬᠠᠨ ᠪᠣᠯᠲᠠᠯ᠎ᠠ᠂ᠬᠤᠲᠠ ᠲᠣᠭᠤᠷᠢᠭ ᠤᠨ 195 ᠡᠷᠦᠬᠡ ᠶᠢᠨ10604 ᠲᠡᠭᠰᠢ ᠳᠥᠷᠪᠡᠯᠵᠢᠨ ᠮᠧᠲᠷ ᠢ ᠨᠤᠷᠠᠭᠠᠨ᠎ᠠ︔97 ᠡᠷᠦᠬᠡ᠂ 62461 ᠲᠡᠭᠰᠢ ᠳᠥᠷᠪᠡᠯᠵᠢᠨ ᠮᠧᠲᠷ ᠢ ᠨᠤᠷᠠᠭᠠᠵᠤ᠂ 97 ᠡᠷᠦᠬᠡ ᠶᠢᠨ ᠭᠠᠵᠠᠷ ᠤᠨ ᠭᠠᠳᠠᠷᠭᠤ ᠶᠢ ᠬᠡᠮᠬᠡᠷᠡᠲᠡᠯ᠎ᠡ ᠬᠠᠲᠠᠭᠤᠷᠠᠭᠤᠯᠵᠤ᠂ 124.56 ᠲᠡᠭᠰᠢ ᠳᠥᠷᠪᠡᠯᠵᠢᠨ ᠮᠧᠲᠷ ᠢ ᠨᠤᠷᠠᠭᠠᠪᠠ᠃       ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠨᠢ ︽ᠨᠡᠪᠲᠡᠷᠡᠭᠦᠯᠬᠦ︾᠎ ᠶᠢ ᠢᠯᠡᠷᠡᠭᠦᠯᠪᠡ        ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠣᠯᠠᠨ ᠵᠤᠶᠢᠯ ᠤᠨ ᠠᠷᠭ᠎ᠠ ᠪᠠᠷᠢᠯ ᠢᠶᠠᠷ ᠠᠰᠠᠭᠤᠳᠠᠯ ᠢ ᠨᠠᠶᠢᠳᠠᠪᠤᠷᠢᠵᠢᠭᠤᠯᠤᠨ ᠰᠢᠢᠤᠡᠪᠤᠷᠢᠯᠡᠬᠦ ᠶᠢ ᠦᠨᠡᠨ ᠬᠦ ᠠᠬᠢᠭᠤᠯᠵᠤ᠂ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠢ ᠳᠡᠭᠡᠭᠰᠢᠯᠡᠭᠦᠯᠦᠨ ᠥᠭᠡᠷᠡᠴᠢᠯᠡᠬᠦ ᠪᠠᠷ ᠳᠠᠮᠵᠢᠭᠤᠯᠤᠨ᠂ ᠬᠤᠲᠠ ᠶᠢᠨ ᠠᠷᠠᠳ ᠤᠨ ᠠᠮᠢᠳᠤᠷᠠᠯ ᠤᠨ ᠬᠡᠷᠡᠭᠴᠡᠭᠡ ᠶᠢ ᠬᠠᠩᠭᠠᠵᠤ᠂ ᠨᠡᠭᠦᠳᠡᠯ ᠬᠤᠳᠠᠯᠳᠤᠭᠠᠴᠢᠨ ᠵᠠᠮ ᠡᠵᠡᠯᠡᠭᠰᠡᠨ ᠡᠵᠡᠩᠨᠡᠯᠲᠡ ᠶᠢ ᠰᠢᠢᠤᠡᠪᠤᠷᠢᠯᠡᠨ᠂ ᠬᠠᠭᠤᠴᠢᠨ ᠵᠠᠬ᠎ᠠ ᠳᠡᠯᠭᠡᠭᠦᠷ ᠲᠤ ᠣᠷᠣᠰᠢᠵᠤ ᠪᠠᠶᠢᠭ᠎ᠠ ᠪᠤᠵᠠᠷ ᠰᠠᠮᠠᠭᠤᠨ ᠪᠠᠷᠤᠭᠲᠠᠶ᠂ ᠠᠷᠠᠳ ᠢ ᠤᠶᠢᠮᠡᠭᠦᠯᠬᠦ᠂ ᠵᠠᠮ ᠬᠠᠷᠢᠯᠴᠠᠭ᠎ᠠ ᠲᠦᠭᠵᠢᠷᠡᠬᠦ ᠠᠰᠠᠭᠤᠳᠠᠯ ᠢ ᠬᠤᠪᠢᠷᠠᠭᠤᠯᠵᠤ᠂ ᠤᠤᠯ ᠤᠨ ᠬᠡᠷᠡᠭᠯᠡᠬᠦ ᠪᠠᠨ ᠵᠣᠭᠰᠣᠭᠰᠠᠨ ᠰᠢᠨ ᠴᠢᠶᠣᠣ ᠶᠢᠨ ᠠᠷᠠᠳ ᠲᠤ ᠳᠥᠭᠦᠮ ᠦᠵᠡᠭᠦᠯᠬᠦ ᠵᠠᠬ᠎ᠠ ᠳᠡᠯᠭᠡᠭᠦᠷ ᠢ ᠳᠡᠰ ᠳᠡᠪᠰᠢᠭᠦᠯᠦᠨ ᠥᠭᠡᠷᠡᠴᠢᠯᠡᠵᠦ᠂ ᠴᠡᠪᠡᠷ ᠲᠡᠭᠰᠢ ᠡᠮᠬᠢ ᠳᠢᠭᠯᠢᠮ ᠲᠠᠢ ᠰᠢᠨ᠎ᠡ ᠵᠠᠬ᠎ᠠ ᠳᠡᠯᠭᠡᠭᠦᠷ ᠨᠢ ᠪᠤᠵᠠᠷ ᠰᠠᠮᠠᠭᠤᠨ ᠪᠠᠷᠤᠭᠲᠠᠶ ᠵᠠᠰᠠᠮᠠᠯ ᠵᠠᠮ ᠤᠨ ᠵᠠᠬ᠎ᠠ ᠳᠡᠯᠭᠡᠭᠦᠷ ᠢ ᠣᠷᠣᠯᠠᠵᠤ᠂ ᠣᠷᠴᠢᠨ ᠲᠣᠭᠤᠷᠢᠨ ᠴᠡᠪᠡᠷ ᠲᠡᠭᠰᠢ ᠪᠥᠭᠡᠳ ᠡᠮᠬᠢ ᠳᠢᠭᠯᠢᠮ ᠲᠠᠢ ᠪᠣᠯᠪᠠ︔ ᠥᠷᠭᠡᠨ ᠣᠯᠠᠨ ᠬᠤᠲᠠ ᠶᠢᠨ ᠠᠷᠠᠳ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠳᠥᠭᠦᠮ ᠦᠵᠡᠭᠦᠯᠬᠦ ᠶᠢᠨ ᠲᠥᠯᠥᠭᠡ᠂ ᠬᠤᠲᠠ ᠶᠢᠨ ᠳᠦᠷᠰᠦ ᠪᠠᠶᠢᠳᠠᠯ  ᠤᠨ ᠡᠮᠬᠢ ᠵᠢᠷᠤᠮ ᠪᠠ ᠵᠠᠮ ᠬᠠᠷᠢᠯᠴᠠᠭᠠᠨ ᠤ ᠡᠮᠬᠢ ᠵᠢᠷᠤᠮ ᠢ ᠨᠥᠯᠥᠭᠡᠯᠡᠬᠦ ᠦᠭᠡᠢ ᠤᠷᠢᠲᠠᠯ ᠳᠣᠣᠷ᠎ᠠ᠂ ᠬᠠᠶᠢᠷᠤᠪ ᠤᠨ ᠲᠣᠬᠤᠢ ᠲᠤᠭᠤᠷᠢᠭ ᠤᠨ ᠬᠤᠲᠠ ᠶᠢᠨ ᠲᠣᠭᠤᠷᠢᠭ ᠲᠤ 37 ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠭᠠᠵᠠᠷ︾ ᠲᠣᠬᠢᠷᠠᠭᠤᠯᠵᠤ᠂ ᠰᠢᠯᠵᠢᠭᠦᠯᠵᠦ ᠪᠣᠯᠬᠤ ᠨᠤᠭᠤᠯᠬᠤ ᠴᠢᠳᠠᠮᠵᠢ ᠲᠠᠢ ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠭᠠᠵᠠᠷ︾᠎ ᠤᠨ ᠲᠡᠮᠳᠡᠭ ᠤᠨ ᠬᠠᠰᠢᠯᠭ᠎ᠠ ᠶᠢ ᠨᠢᠭᠡᠳᠦᠯᠲᠡᠶ ᠵᠣᠬᠢᠶᠠᠵᠤ᠂ ᠲᠦᠯᠬᠢᠭᠦᠷ ᠲᠣᠬᠢᠷᠠᠭᠤᠯᠬᠤ᠂ ᠳᠤᠭᠤᠶ ᠲᠡᠷᠭᠡ ᠵᠠᠰᠠᠬᠤ᠂ ᠴᠠᠬᠢᠯᠭᠠᠨ ᠬᠥᠳᠡᠯᠭᠡᠭᠦᠷᠲᠦ ᠲᠡᠷᠭᠡ ᠵᠠᠰᠠᠬᠤ᠂ ᠱᠠᠬᠠᠶ ᠵᠠᠰᠠᠬᠤ᠂ ᠲᠠᠲᠠᠮᠠᠯ ᠲᠣᠪᠴᠢᠯᠠᠭᠤᠷ ᠵᠠᠰᠠᠬᠤ᠂ ᠬᠤᠪᠴᠠᠰᠤ ᠬᠤᠨᠠᠷ ᠥᠮᠥᠳᠥ ᠣᠶᠣᠵᠤ ᠨᠥᠬᠦᠬᠦ ᠵᠡᠷᠭᠡ ᠠᠷᠠᠳ ᠲᠤ ᠳᠥᠭᠦᠮ ᠦᠵᠡᠭᠦᠯᠬᠦ ᠤᠶᠢᠯᠡᠴᠢᠯᠡᠭᠡ ᠬᠠᠩᠭᠠᠵᠤ᠂ ᠥᠷᠭᠡᠨ ᠣᠯᠠᠨ ᠬᠤᠲᠠ ᠶᠢᠨ ᠠᠷᠠᠳ ᠤᠨ ᠤᠶᠢᠯᠡᠤᠡᠪᠤᠷᠢᠯᠡᠯ ᠠᠮᠢᠳᠤᠷᠠᠯ ᠳᠤ ᠲᠤᠶᠢᠯ ᠤᠨ ᠳᠥᠭᠦᠮ ᠦᠵᠡᠭᠦᠯᠵᠦ᠂ ᠬᠤᠲᠠ ᠶᠢᠨ ᠠᠷᠠᠳ ᠣᠯᠠᠨ ᠪᠣᠯᠤᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠣᠷᠭᠠᠨᠢᠭ ᠢᠶᠠᠷ ᠤᠶᠠᠯᠳᠤᠭᠤᠯᠬᠤ ᠶᠢ ᠦᠨᠡᠨ ᠬᠦ ᠪᠡᠶᠡᠯᠡᠭᠦᠯᠪᠡ︔ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠵᠢᠮᠢᠰ ᠤᠨ ᠲᠠᠷᠢᠶᠠᠴᠢᠳ ᠲᠤ ᠦᠢᠯᠡᠴᠢᠯᠡᠵᠦ᠂ ᠳᠤᠷ᠎ᠠ ᠪᠠᠷ ᠢᠶᠠᠨ ᠳᠡᠯᠭᠡᠭᠡ ᠮᠠᠶᠢᠮᠠᠶ ᠭᠠᠷᠭᠠᠵᠤ ᠵᠠᠮ ᠬᠠᠷᠢᠯᠴᠠᠭ᠎ᠠ ᠶᠢ ᠬᠠᠷᠰᠢᠯᠠᠬᠤ ᠠᠴᠠ ᠰᠡᠷᠭᠡᠶᠢᠯᠡᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠲᠦᠷ ᠴᠠᠭ ᠤᠨ ᠳᠡᠯᠭᠡᠭᠡ ᠮᠠᠶᠢᠮᠠᠶ ᠶᠢᠨ ᠭᠠᠵᠠᠷ᠂ ᠵᠢᠵᠢᠭ ᠳᠡᠯᠭᠡᠭᠦᠷ ᠤᠨ ᠵᠠᠬ᠎ᠠ ᠳᠡᠯᠭᠡᠭᠦᠷ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠬᠢᠷᠠᠭᠤᠯᠵᠤ᠂ ᠬᠤᠲᠠ ᠶᠢᠨ ᠲᠣᠭᠤᠷᠢᠭ ᠲᠤ ᠵᠤᠨ ᠤ ᠤᠯᠠᠷᠢᠯ ᠤᠨ 6 ᠲᠦᠷ ᠴᠠᠭ ᠤᠨ ᠲᠠᠷᠪᠤᠰ ᠤᠨ ᠵᠠᠬ᠎ᠠ ᠳᠡᠯᠭᠡᠭᠦᠷ ᠭᠠᠷᠭᠠᠵᠤ᠂ ᠦᠵᠦᠮ ᠤᠨ ᠴᠡᠴᠡᠷᠯᠢᠭ ᠤᠨ ᠵᠡᠭᠦᠨ ᠡᠭᠦᠳᠡᠨ ᠤ ᠡᠮᠦᠨ᠎ᠡ ᠦᠵᠦᠭᠦᠷ ᠵᠠᠮ ᠤᠨ ᠵᠡᠭᠦᠨ ᠲᠠᠯ᠎ᠠ ᠳᠤ 26 ᠲᠦᠷ ᠴᠠᠭ ᠤᠨ ᠳᠡᠯᠭᠡᠭᠡ ᠮᠠᠶᠢᠮᠠᠶ ᠬᠢᠵᠦ ᠦᠵᠦᠮ ᠲᠠᠷᠢᠵᠤ ᠪᠣᠷᠣᠯᠠᠭᠤᠯᠬᠤ ᠳᠤ ᠳᠥᠭᠦᠮ ᠦᠵᠡᠭᠦᠯᠪᠡ᠃       ᠰᠠᠯᠠᠭ᠎ᠠ ᠮᠥᠴᠢᠷ ᠬᠠᠮᠵᠢᠯᠴᠠᠨ ︽ᠬᠤᠯᠪᠣᠭᠠᠯᠠᠬᠤ︾᠎ ᠶᠢ ᠢᠯᠡᠷᠡᠭᠦᠯᠪᠡ      ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ 2016 ᠣᠨ ᠳᠤ ᠬᠤᠲᠠ ᠶᠢᠨ ᠬᠠᠮᠢᠶᠠᠷᠤᠯᠲᠠ ᠶᠢᠨ ᠰᠢᠭᠦᠬᠦ ᠲᠢᠩᠬᠢᠮ ᠪᠠᠶᠢᠭᠤᠯᠤᠭᠳᠠᠭᠰᠠᠨ ᠠᠴᠠ ᠨᠠᠭᠠᠰᠢ᠂ ᠨᠡᠶᠢᠲᠡ 400 ᠭᠠᠷᠤᠶ ᠬᠡᠷᠡᠭ ᠢ ᠬᠡᠷᠡᠭ ᠪᠣᠯᠭᠠᠨ ᠳᠠᠩᠰᠠᠯᠠᠵᠤ ᠰᠢᠢᠤᠡᠭᠡᠵᠤ᠂ ᠬᠤᠲᠠ ᠶᠢᠨ ᠳᠦᠷᠰᠦ ᠪᠠᠶᠢᠳᠠᠯ ᠢ ᠨᠥᠯᠥᠭᠡᠯᠡᠭᠰᠡᠨ᠂ ︽ᠡᠭᠦᠳᠡᠨ ᠡᠮᠦᠨᠡᠬᠢ︾ ᠬᠠᠷᠢᠭᠤᠴᠠᠯᠭ᠎ᠠ ᠪᠠᠨ ᠭᠦᠢᠴᠠᠤᠡᠭᠡᠭᠰᠡᠨ ᠥᠬᠡᠶ ᠬᠤᠳᠠᠯᠳᠤᠭᠠᠴᠢᠨ ᠢ ᠬᠡᠷᠡᠭ ᠪᠣᠯᠭᠠᠨ ᠳᠠᠩᠰᠠᠯᠠᠵᠤ ᠰᠢᠢᠤᠡᠭᠡᠵᠤ᠂ ᠬᠠᠤᠯᠢ ᠬᠡᠷᠡᠭᠵᠢᠭᠦᠯᠬᠦ ᠠᠵᠢᠯ ᠶᠢᠨ ᠤᠷᠤᠭᠰᠢᠲᠠᠶ ᠶᠠᠪᠤᠭᠳᠠᠬᠤ ᠳᠤ ᠰᠠᠭᠤᠷᠢ ᠪᠠᠲᠤᠯᠠᠭ᠎ᠠ ᠬᠠᠩᠭᠠᠵᠤ᠂ ᠬᠤᠲᠠ ᠶᠢᠨ ᠳᠦᠷᠰᠦ ᠪᠠᠶᠢᠳᠠᠯ ᠢ ᠬᠠᠮᠢᠶᠠᠷᠬᠤ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ︔ᠬᠠᠮᠲᠤᠷᠠᠭᠰᠠᠨ ᠵᠠᠬ᠎ᠠ ᠳᠡᠯᠭᠡᠭᠦᠷ ᠤᠨ ᠪᠠᠶᠢᠴᠠᠭᠠᠯᠲᠠ ᠶᠢᠨ ᠳᠤᠮᠳᠠ ᠠᠩᠭᠢ ᠪᠠᠶᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠮᠢᠯᠠᠨ ᠰᠠᠭᠤᠯᠭᠠᠵᠤ᠂ ᠡᠯ᠎ᠡ ᠵᠤᠶᠢᠯ ᠤᠨ ᠬᠠᠤᠯᠢ ᠬᠡᠷᠡᠭᠵᠢᠭᠦᠯᠬᠦ ᠠᠵᠢᠯ ᠢ ᠬᠠᠮᠲᠤᠷᠠᠨ ᠥᠷᠨᠢᠭᠦᠯᠵᠦ᠂ ᠡᠯ᠎ᠡ ᠲᠣᠮᠣ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠳᠣᠲᠣᠷᠠᠬᠢ ᠳᠡᠯᠭᠡᠭᠦᠷ ᠤᠨ ᠭᠠᠳᠠᠨ᠎ᠠ ᠲᠠᠯᠪᠢᠬᠤ᠂ ᠲᠡᠷᠭᠡ ᠵᠣᠭᠰᠣᠭᠠᠬᠤ ᠵᠡᠷᠭᠡ ᠬᠠᠮᠢᠶᠠᠷᠤᠯᠲᠠ ᠶᠠᠪᠤᠭᠤᠯᠵᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠦᠨᠳᠦᠰᠦᠨ ᠠᠴᠠ ᠨᠢ ᠬᠤᠪᠢᠷᠠᠭᠤᠯᠵᠠᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号