ᠬᠠᠶᠢᠷᠤᠪ ᠤᠨ ᠲᠣᠬᠤᠢ ᠲᠣᠭᠤᠷᠢᠭ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠭᠢᠨ ᠬᠠᠷᠠᠬᠤ︾ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-11-26
     11 ᠰᠠᠷ᠎ᠠ ᠶᠢᠨ 22᠎ ᠤᠨ ᠦᠳᠡ ᠬᠤᠶᠢᠨ᠎ᠠ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠲᠤ ᠰᠠᠭᠤᠭ᠎ᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠶᠢᠨ ᠶᠡᠷᠦᠩᠬᠡᠶ ᠠᠩᠭᠢ ᠶᠢᠨ ᠳᠠᠷᠤᠭ᠎ᠠ ᠰᠦᠩ ᠰᠢ ᠳ᠋ᠦᠩ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠭᠢᠨ ᠬᠠᠷᠠᠬᠤ︾ ᠠᠵᠢᠯ ᠶᠢᠨ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠡ᠂ ᠲᠥᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠶᠣᠣ ᠶᠦᠩ ᠪᠥᠸᠧ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠭᠢᠨ ᠬᠠᠷᠠᠬᠤ︾ ᠠᠵᠢᠯ ᠪᠠᠶᠢᠷᠢᠯᠠᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠬᠠᠶᠢᠷᠤᠪ ᠤᠨ ᠲᠣᠬᠤᠢ ᠲᠣᠭᠤᠷᠢᠭ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠲᠤᠭᠤᠶᠢᠯᠠᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︿ᠡᠷᠭᠢᠨ ᠬᠠᠷᠠᠬᠤ﹀ ᠠᠵᠢᠯ ᠥᠷᠨᠢᠭᠦᠯᠬᠦ ᠲᠥᠰᠦᠯ︾᠎ ᠢ ᠰᠤᠳᠤᠯᠤᠨ ᠬᠢᠨᠠᠨ ᠵᠥᠪᠯᠡᠬᠦ ᠶᠢᠨ ᠬᠠᠮᠲᠤ ᠬᠠᠶᠢᠷᠤᠪ ᠤᠨ ᠲᠣᠬᠤᠢ ᠲᠣᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠡᠷᠭᠢᠨ ᠬᠠᠷᠠᠬᠤ︾ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠢᠷᠢᠯᠠᠭᠤᠯᠵᠠᠢ᠃
     ᠬᠤᠷᠠᠯ ᠠᠴᠠ᠂ ᠨᠢᠭᠡ ᠳᠤ᠂ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ︽ᠡᠷᠭᠢᠨ ᠬᠠᠷᠠᠬᠤ︾ ᠠᠵᠢᠯ ᠶᠢᠨ ᠵᠠᠩᠭᠢᠯᠠᠭ᠎ᠠ ᠶᠢᠨ ᠴᠡᠭ ᠢ ᠰᠠᠶᠢᠲᠤᠷ ᠡᠵᠡᠮᠳᠡᠬᠦ ᠬᠡᠷᠡᠭᠲᠡᠶ᠃ ᠬᠤᠶᠠᠷ ᠲᠤ ᠭᠦᠢᠴᠠᠤᠡ ᠪᠡᠯᠡᠳᠬᠡᠯ ᠠᠵᠢᠯ ᠢ ᠰᠠᠶᠢᠲᠤᠷ ᠬᠢᠵᠦ᠂ ︽ᠭᠤᠷᠪᠠᠨ ᠭᠤᠷᠪᠠ︾᠂ ︽ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ︾᠂ ︽ᠠᠷᠪᠠᠨ ᠵᠤᠶᠢᠯ ᠢ ᠲᠡᠭ ᠪᠣᠯᠭᠠᠬᠤ︾ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ ︽ᠡᠷᠭᠢᠵᠦ ᠬᠠᠷᠠᠬᠤ︾ ᠠᠵᠢᠯ ᠢ ᠬᠢᠨᠠᠮᠠᠭᠠᠶ᠂ ᠪᠦᠬᠦ ᠲᠠᠯ᠎ᠠ ᠪᠠᠷ ᠥᠷᠨᠢᠭᠦᠯᠬᠦ ᠬᠡᠷᠡᠭᠲᠡᠶ᠃ ᠭᠤᠷᠪᠠ ᠳᠤ ᠶᠠᠳᠠᠭᠤ ᠶᠢ ᠲᠡᠳᠬᠦᠬᠦ ᠠᠯᠪᠠᠨ ᠭᠡᠷ ᠨᠢ ᠨᠢᠭᠡᠳᠦᠯᠲᠡᠶ ᠲᠥᠯᠥᠪᠯᠡᠨ ᠰᠦᠪᠡᠭᠴᠢᠯᠡᠬᠦ᠂ ᠵᠣᠬᠢᠶᠠᠨ ᠪᠠᠶᠢᠭᠤᠯᠤᠨ ᠵᠣᠬᠢᠴᠠᠭᠤᠯᠬᠤ ᠤᠶᠢᠯᠡᠳᠤᠯ ᠢᠶᠠᠨ ᠭᠦᠢᠴᠠᠤᠡ ᠪᠠᠳᠠᠷᠠᠭᠤᠯᠵᠤ᠂ ᠡᠳᠦᠷ ᠲᠤᠲᠤᠮ ᠤᠨ ᠡᠯ᠎ᠡ ᠵᠤᠶᠢᠯ ᠤᠨ ᠡᠭᠦᠷᠭᠡ ᠪᠠᠨ ᠰᠠᠶᠢᠲᠤᠷ ᠵᠣᠬᠢᠴᠠᠭᠤᠯᠬᠤ ᠬᠡᠷᠡᠭᠲᠡᠶ᠃ ᠳᠥᠷᠪᠡ ᠳᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠪᠠᠯᠭᠠᠰᠤ ︵ᠠᠯᠪᠠᠨ ᠭᠡᠷ︶ ᠵᠢᠴᠢ ᠠᠵᠢᠯ ᠲᠥᠷᠥᠯ ᠤᠨ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢ ᠡᠭᠦᠷᠭᠡᠯᠡᠵᠦ᠂ ︽ᠬᠡᠨ ᠤ ᠡᠭᠦᠷᠭᠡ ᠶᠢ ᠬᠡᠨ ᠨᠠᠶᠢᠳᠠᠪᠤᠷᠢᠵᠢᠭᠤᠯᠬᠤ᠂ ᠬᠡᠨ ᠤ ᠡᠭᠦᠷᠭᠡ ᠶᠢ ᠬᠡᠨ ᠬᠠᠷᠢᠭᠤᠴᠠᠬᠤ︾᠂ ᠬᠠᠷᠢᠭᠤᠴᠠᠯᠭ᠎ᠠ ᠶᠢ ᠰᠤᠯᠠᠷᠠᠭᠤᠯᠬᠤ ᠥᠬᠡᠶ᠂ ᠪᠠᠷᠢᠮᠵᠢᠶ᠎ᠠ ᠶᠢ ᠪᠠᠭᠤᠷᠠᠭᠤᠯᠬᠤ ᠥᠬᠡᠶ᠂ ᠠᠵᠢᠯ ᠢ ᠨᠠᠷᠢᠯᠢᠭ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠯ᠎ᠡ ᠵᠤᠶᠢᠯ ᠤᠨ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号