ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠦᠨᠳᠦᠰᠦᠨ ᠱᠠᠲᠤᠨ ᠤ ᠤᠯᠤᠰ ᠲᠥᠷᠦ ᠶᠢᠨ ᠠᠮᠢ ᠠᠬᠤᠶ ᠶᠢ ᠴᠡᠪᠡᠷᠰᠢᠭᠦᠯᠬᠦ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2019-11-27
     ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠶᠢᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠪᠠᠨ ᠪᠠᠳᠠᠷᠠᠭᠤᠯᠵᠤ᠂ ︽ᠭᠤᠷᠪᠠᠨ ᠶᠠᠪᠤᠳᠠᠯ︾᠎ ᠢ ᠢᠯᠠ ᠪᠣᠯᠭᠠᠬᠤ ᠶᠢ ᠢᠳᠡᠪᠬᠢᠲᠡᠢ ᠨᠠᠶᠢᠳᠠᠪᠤᠷᠢᠵᠢᠭᠤᠯᠬᠤ᠂ ᠦᠨᠳᠦᠰᠦᠨ ᠱᠠᠲᠤᠨ ᠤ ᠵᠥᠷᠢᠴᠡᠯ ᠢ ᠠᠷᠢᠯᠭᠠᠵᠤ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠵᠤ᠂ ᠢᠯᠵᠢᠷᠡᠯ ᠪᠣᠯᠤᠨ ᠰᠤᠷᠲᠠᠯ ‍ᠤᠨ‌ᠠᠰᠠᠭᠤᠳᠠᠯ ᠤᠨ ᠵᠠᠰᠠᠯᠲᠠ ᠶᠢ ᠭᠦᠨᠵᠡᠭᠡᠶᠢᠷᠡᠭᠦᠯᠵᠦ᠂ ︽ᠴᠢᠬᠡᠴᠢ ᠰᠤᠷᠲᠠᠯ ᠤᠨ ᠺᠠᠳ᠋ᠷ︾᠎ ᠢ ᠰᠢᠯᠭᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠦᠨᠳᠦᠰᠦᠨ ᠱᠠᠲᠤᠨ ᠤ ᠤᠯᠤᠰ ᠲᠥᠷᠦ ᠶᠢᠨ ᠠᠮᠢ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ᠃      ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠣᠶᠤᠨᠴᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠠᠪᠴᠠᠩ ᠢ ᠠᠰᠢᠭᠯᠠ᠂ ᠤᠯᠠᠮᠵᠢᠯᠠᠯᠲᠤ ᠮᠡᠳᠡᠭᠡ ᠵᠠᠩᠭᠢ ᠶᠢ ᠢᠯᠠ ᠪᠣᠯᠭᠠᠬᠤ ᠠᠷᠭ᠎ᠠ ᠬᠡᠯᠪᠡᠷᠢ ᠶᠢ ᠬᠤᠪᠢᠷᠠᠭᠤᠯᠵᠤ᠂ ᠲᠣᠮᠣ ᠳ᠋ᠠᠶᠢᠲ᠋ᠠ ᠶᠢᠨ ᠬᠡᠷᠡᠭᠯᠡᠭᠡ ᠶᠢ ᠥᠷᠭᠡᠳᠬᠡᠵᠦ᠂ ᠪᠠᠯᠭᠠᠰᠤ᠂ ᠵᠡᠭᠡᠯᠢ ᠭᠤᠳᠤᠮᠵᠢ ᠳᠤ ᠢᠯᠠ ᠪᠣᠯᠭᠠᠬᠤ ᠪᠤᠯᠤᠩ᠂ ᠲᠣᠰᠬᠤᠨ ᠤ ᠨᠠᠮ ᠤᠨ ᠬᠤᠷᠢᠶ᠎ᠠ ︵ᠨᠡᠶᠢᠭᠡᠮ ᠲᠣᠭᠤᠷᠢᠭ︶᠎ ᠤᠨ ᠰᠦᠯᠵᠢᠶ᠎ᠡ᠂ ᠸᠢᠴᠠᠲ ᠶᠢᠨ ᠣᠯᠠᠨ ᠨᠡᠶᠢᠲᠡ ᠶᠢᠨ ᠨᠣᠮᠧᠷ ᠪᠠ ᠭᠠᠷ ᠤᠲᠠᠰᠤᠨ ᠤ App᠎ ᠢ ᠪᠠᠶᠢᠭᠤᠯᠵᠤ᠂ ᠰᠦᠯᠵᠢᠶ᠎ᠡ᠂ ᠭᠠᠷ ᠤᠲᠠᠰᠤ ᠶᠢ ᠢᠯᠠ ᠪᠣᠯᠭᠠᠬᠤ ᠵᠠᠭᠪᠤᠷ ᠢ ᠡᠭᠦᠳᠴᠦ᠂ ᠣᠯᠠᠨ ᠲᠦᠮᠡᠨ ᠳᠤ ᠠᠷᠠᠳ ᠲᠤ ᠠᠰᠢᠭ ᠬᠦᠷᠲᠡᠭᠡᠬᠦ ᠲᠥᠷᠦ ᠶᠢᠨ ᠪᠣᠳᠣᠯᠭ᠎ᠠ ᠶᠢ ᠣᠶᠢᠯᠠᠭᠠᠭᠤᠯᠵᠤ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠣᠯᠠᠨ ᠲᠦᠮᠡᠨ ᠳᠤ ︽ᠭᠤᠷᠪᠠᠨ ᠶᠠᠪᠤᠳᠠᠯ︾᠎ ᠢ ᠢᠯᠠ ᠪᠣᠯᠭᠠᠬᠤ ᠮᠡᠳᠡᠭᠡ ᠵᠠᠩᠭᠢ ᠶᠢ ᠴᠠᠭ ᠢᠮᠠᠭᠲᠠ ᠤᠶᠢᠯᠭᠠᠭᠤᠯᠵᠤ ᠦᠵᠡᠭᠦᠯᠬᠦ ᠬᠡᠷᠡᠭᠲᠡᠶ᠃       ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠰᠢᠢᠤᠡᠪᠤᠷᠢᠯᠡᠬᠦ ᠠᠴᠠ ᠭᠠᠷᠳᠠᠵᠤ᠂ ᠣᠯᠠᠨ ᠲᠦᠮᠡᠨ ᠤ ᠲᠤᠰᠬᠠᠯ ᠴᠢᠩᠭ᠎ᠠ᠂ ᠬᠦᠴᠢᠷᠳᠡᠯ ᠶᠡᠭᠡ᠂ ᠰᠢᠢᠤᠡᠪᠤᠷᠢᠯᠡᠭᠡᠳᠤᠢ ᠬᠡᠷᠡᠭ ᠢ ᠴᠠᠭ ᠲᠤᠬᠠᠶ ᠳᠤᠨᠢ ᠣᠶᠢᠯᠠᠭᠠᠵᠤ᠂ ︽ᠬᠡᠷᠡᠮ ᠳᠤ ᠭᠠᠷᠬᠤ︾᠎ ᠠᠴᠠ ︽ᠰᠦᠯᠵᠢᠶᠡᠨ ᠳᠤ ᠭᠠᠷᠬᠤ︾ᠬᠦᠷᠲᠡᠯᠡᠬᠢ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠪᠡᠶᠡᠯᠡᠭᠦᠯᠬᠦ ᠬᠡᠷᠡᠭᠲᠡᠶ︔ ᠵᠠᠩᠭᠢᠯᠠᠭ᠎ᠠ ᠶᠢᠨ ᠠᠵᠢᠯ ᠤᠨ ᠪᠠᠶᠢᠷᠢ᠂ ᠭᠤᠤᠯᠳᠠᠯᠭ᠎ᠠ ᠲᠠᠢ ᠬᠦᠷᠢᠶᠡᠨ ᠤ ᠠᠰᠠᠭᠤᠳᠠᠯ ᠳᠤ ᠴᠢᠭᠯᠡᠭᠦᠯᠦᠨ᠂ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ᠂ ᠴᠢᠩᠭ᠎ᠠ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ᠂ ᠶᠠᠳᠠᠭᠤ ᠶᠢ ᠲᠡᠳᠬᠦᠬᠦ ᠬᠦᠷᠢᠶᠡᠨ ᠳᠠᠬᠢ ᠢᠯᠵᠠᠷᠠᠯ᠂ ᠰᠤᠷᠲᠠᠯ ᠤᠨ ᠠᠰᠠᠭᠤᠳᠠᠯ ᠵᠡᠷᠭᠡ ᠶᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃       ᠲᠤᠭᠤᠷᠢᠭ ‍ᠤᠨ‌‍ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ︽ᠴᠢᠬᠡᠴᠢ ᠰᠤᠷᠲᠠᠯ ᠤᠨ ᠺᠠᠳ᠋ᠷ︾᠎ ᠢ ᠰᠢᠯᠭᠠᠷᠠᠭᠤᠯᠬᠤ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ︽ᠴᠢᠬᠡᠴᠢ ᠰᠤᠷᠲᠠᠯ ᠤᠨ ᠺᠠᠳ᠋ᠷ︾᠎ ᠢ ᠰᠢᠯᠭᠠᠷᠠᠭᠤᠯᠤᠨ ᠪᠣᠶ ᠪᠣᠯᠭᠠᠬᠤ ᠶᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠪᠠ ᠺᠠᠳ᠋ᠷ ᠤᠨ ᠡᠩᠨᠡᠭᠡ ᠶᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠶᠢ ᠪᠠᠶᠢᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠭᠠᠵᠤ᠂ ᠪᠠᠶᠢᠩᠭᠤ ᠶᠢᠨ ᠬᠤᠷᠢᠶ᠎ᠠ ᠬᠤᠷᠠᠯᠳᠤᠭᠤᠯᠵᠤ ᠲᠤᠰᠬᠠᠢᠯᠠᠨ ᠰᠢᠯᠭᠠᠨ ᠰᠣᠩᠭᠤᠬᠤ ᠠᠵᠢᠯ ᠢ ᠰᠣᠨᠣᠰᠪᠠ︔ ᠰᠢᠯᠭᠠᠷᠠᠭᠤᠯᠬᠤ ᠪᠠᠷᠢᠮᠵᠢᠶ᠎ᠠ ᠶᠢ ᠴᠢᠩᠳᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠬᠤ ᠵᠠᠷᠴᠢᠮ ᠢ ᠦᠨᠳᠦᠰᠦᠯᠡᠨ ︽ᠠᠷᠢᠭᠤᠨ ᠴᠢᠬᠡᠴᠢ ᠺᠠᠳ᠋ᠷ︾᠎ ᠢ ᠰᠢᠯᠭᠠᠷᠠᠭᠤᠯᠬᠤ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ᠂ ︽ᠠᠷᠢᠭᠤᠨ ᠴᠢᠬᠡᠴᠢ ᠺᠠᠳ᠋ᠷ︾᠎ ᠳᠤ ᠦᠯᠦ ᠨᠡᠶᠢᠴᠡᠬᠦ ᠲᠠᠪᠤᠨ ᠪᠠᠷᠢᠮᠵᠢᠶ᠎ᠠ ᠶᠢ ᠵᠢᠭᠰᠠᠭᠠᠵᠤ᠂ ᠨᠠᠷᠢᠨ ᠨᠢᠮᠪᠠᠶ ᠰᠢᠭᠰᠢᠨ ᠪᠠᠶᠢᠯᠴᠠᠭᠤᠯᠬᠤ ᠪᠠᠷ ᠳᠠᠮᠵᠢᠨ ᠴᠢᠩᠭ᠎ᠠ ᠬᠢᠨᠠᠨ ᠬᠠᠷᠭᠤᠭᠤᠯᠵᠤ᠂ ᠰᠢᠯᠭᠠᠷᠠᠭᠤᠯᠤᠯᠲᠠ ᠶᠢᠨ ᠪᠣᠭᠤᠮᠲᠠ ᠪᠦᠷᠢ ᠶᠢ ᠰᠠᠶᠢᠲᠤᠷ ᠰᠠᠬᠢᠨ᠎ᠠ︔ ᠵᠢᠱᠢᠭᠳᠡᠭᠰᠡᠳ ᠤᠨ ᠨᠡᠷᠡᠰ ᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠰᠤᠳᠤᠯᠤᠭᠰᠠᠨ ᠤ ᠳᠠᠷᠠᠭ᠎ᠠ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠳᠤ ᠮᠡᠳᠡᠭᠦᠯᠦᠨ ᠪᠠᠲᠤᠯᠠᠭᠤᠯᠤᠭᠰᠠᠨ ᠪᠥᠭᠡᠳ ᠣᠯᠠᠨ ᠠᠷᠭ᠎ᠠ ᠵᠠᠮ ᠢᠶᠠᠷ ᠵᠠᠷᠯᠠᠨ ᠨᠡᠶᠢᠲᠡᠯᠡᠵᠦ᠂ ᠣᠯᠠᠨ ᠲᠦᠮᠡᠨ ᠤ ᠬᠢᠨᠠᠯᠲᠠ ᠶᠢ ᠬᠦᠯᠢᠶᠡᠪᠡ᠃      ᠬᠠᠶᠢᠷᠤᠪ ᠤᠨ ᠲᠣᠬᠤᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠠᠰᠠ ᠺᠠᠳ᠋ᠷ ᠤᠨ ᠮᠣᠷᠠᠯ᠂ ᠴᠢᠳᠠᠪᠤᠷᠢ᠂ ᠠᠵᠢᠯᠴᠢ ᠬᠥᠳᠡᠯᠮᠦᠷᠢᠴᠢ᠂ ᠠᠮᠵᠢᠯᠲᠠ ᠪᠦᠲᠦᠮᠵᠢ᠂ ᠠᠷᠢᠭᠤᠨ ᠴᠢᠬᠡᠴᠢ ᠶᠢᠨ ᠶᠡᠷᠦᠩᠬᠡᠶᠢᠯᠡᠭᠰᠡᠨ ᠢᠯᠡᠷᠡᠯ ᠢ ᠦᠨᠳᠦᠰᠦᠯᠡᠵᠦ᠂ ︽ᠴᠢᠬᠡᠴᠢ ᠰᠤᠷᠲᠠᠯ ᠵᠢᠱᠢᠶᠡᠴᠢ︾᠂ ︽ᠴᠢᠬᠡᠴᠢ ᠰᠤᠷᠲᠠᠯ ᠪᠠᠶᠢᠭᠤᠯᠤᠯᠭ᠎ᠠ ︵ᠨᠢᠭᠡᠴᠡ︶︾᠂ ︽ᠴᠢᠬᠡᠴᠢ ᠰᠤᠷᠲᠠᠯ ᠲᠣᠰᠬᠤᠨ ︵ᠨᠡᠶᠢᠭᠡᠮ ᠲᠣᠭᠤᠷᠢᠭ︶︾᠂ ︽ᠴᠢᠬᠡᠴᠢ ᠰᠤᠷᠲᠠᠯ ᠴᠣᠩᠬᠤ︾᠂ ︽ᠴᠢᠬᠡᠴᠢ ᠰᠤᠷᠲᠠᠯ ᠪᠠᠶᠢᠷᠢ︾ᠵᠡᠷᠭᠡ᠂  ︽ᠴᠢᠬᠡᠴᠢ ᠰᠤᠷᠲᠠᠯ ᠰᠢᠷᠢᠰ︾᠎ ᠢ ᠴᠠᠭ ᠢᠮᠠᠭᠲᠠ ᠵᠢᠱᠢᠶ᠎ᠡ ᠦᠵᠡᠭᠦᠯᠵᠦ᠂ ︽ᠴᠢᠬᠡᠴᠢ ᠰᠤᠷᠲᠠᠯ ᠰᠢᠷᠢᠰ︾᠎ ᠢ ᠣᠯᠠᠨ ᠲᠦᠮᠡᠨ ᠳᠤ ᠲᠠᠭᠠᠰᠢᠶᠠᠭᠳᠠᠬᠤ ᠢᠨᠵᠧᠨᠧᠷᠢᠩ ᠪᠣᠯᠭᠠᠬᠤ ᠪᠠᠷ ᠪᠣᠶ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号