ᠬᠠᠶᠢᠷᠤᠪ ᠤᠨ ᠲᠤᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠳᠦᠷᠢᠮ ᠲᠣᠭᠲᠠᠭᠠᠯ ᠢ ᠵᠥᠷᠢᠴᠡᠭᠰᠡᠨ ᠬᠢᠨᠠᠨ ᠲᠣᠭᠲᠠᠭᠠᠯᠲᠠ ᠬᠢᠬᠦ ᠠᠵᠢᠯ ᠢ ᠬᠠᠮᠵᠢᠯᠴᠠᠪᠠ
ᠨᠡᠶᠢᠲᠡᠯᠡᠭᠰᠡᠨ ᠴᠠᠭ᠄
2019-11-29
     ᠤᠶᠢᠷ᠎ᠠ ᠶᠢᠨ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠴᠡᠭᠡᠯ ᠠᠭᠤᠯᠠ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠲᠣᠭᠤᠷᠢᠭ ᠤᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠤᠶᠢᠯ ᠶᠠᠭ ᠡᠮᠬᠢ ᠳᠢᠭᠯᠢᠮ ᠲᠠᠢ ᠶᠠᠪᠤᠭᠳᠠᠵᠤ᠂ ᠥᠭᠡᠷᠡᠴᠢᠯᠡᠨ ᠪᠠᠶᠢᠭᠤᠯᠬᠤ ᠲᠥᠷᠥᠯ ᠵᠤᠶᠢᠯ ᠨᠢ ᠴᠡᠭᠡᠯ ᠠᠭᠤᠯᠠ ᠪᠠᠯᠭᠠᠰᠤᠨ ᠤ 437 ᠡᠷᠦᠬᠡ ᠳᠤ ᠬᠤᠯᠪᠣᠭᠳᠠᠵᠤ᠂ ᠡᠭᠦᠨ ᠳᠤ 99 ᠡᠷᠦᠬᠡ ᠶᠢᠨ ᠳᠦᠷᠢᠮ ᠢ ᠵᠥᠷᠢᠴᠡᠭᠰᠡᠨ ᠢᠶᠠᠷ ᠰᠡᠵᠢᠭᠯᠡᠭᠳᠡᠪᠡ᠃ ᠣᠳᠣᠬᠠᠨ ᠳᠤ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠠᠭ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠳᠦᠷᠢᠮ ᠲᠣᠭᠲᠠᠭᠠᠯ ᠢ ᠵᠥᠷᠢᠴᠡᠭᠰᠡᠨ ᠬᠢᠨᠠᠨ ᠲᠣᠭᠲᠠᠭᠠᠯᠲᠠ ᠵᠡᠷᠭᠡ ᠠᠵᠢᠯ ᠢ ᠬᠢᠵᠦ ᠪᠠᠶᠢᠨ᠎ᠠ᠃
     ᠳᠥᠭᠦᠮ ᠪᠦᠳᠦᠴᠡᠳᠦ ᠣᠷᠣᠨ ᠰᠠᠭᠤᠴᠠ ᠶᠢ ᠥᠭᠡᠷᠡᠴᠢᠯᠡᠬᠦ ᠶᠢ ᠳᠦᠷᠢᠮ ᠲᠣᠭᠲᠠᠭᠠᠯ ᠢ  ‍ᠥ᠋ᠷᠢᠴᠡᠭᠰᠡᠨ ᠢ ᠮᠠᠭᠠᠳᠯᠠᠨ ᠲᠣᠭᠲᠠᠭᠠᠬᠤ ᠠᠵᠢᠯ ᠢ ᠥᠨᠳᠥᠷ ᠪᠦᠲᠦᠮᠵᠢᠲᠡᠶ ᠪᠡᠶᠡᠯᠡᠭᠦᠯᠬᠦ ᠶᠢᠨ ᠲᠥᠯᠥᠭᠡ᠂ ᠬᠠᠶᠢᠷᠤᠪ ᠤᠨ ᠲᠣᠬᠤᠢ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠭᠠᠷ ᠠᠴᠠ ᠰᠡᠭᠦᠳᠡᠷᠯᠡᠬᠦ ᠪᠠ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠡᠷᠦᠬᠡ ᠳᠤ ᠲᠠᠲᠠᠪᠤᠷᠢᠯᠠᠨ ᠨᠤᠷᠠᠭᠠᠵᠤ ᠨᠡᠭᠦᠯᠭᠡᠬᠦ ᠠᠵᠢᠯ ᠤᠨ ᠳᠤᠮᠳᠠᠬᠢ ᠵᠥᠷᠢᠯᠳᠦᠭᠡᠨ ᠲᠠᠢ ᠬᠡᠰᠡᠭ ᠢ ᠢᠳᠡᠪᠬᠢᠲᠡᠶ ᠪᠠᠷ ᠰᠢᠢᠤᠡᠪᠤᠷᠢᠯᠡᠵᠤ ᠥᠭᠪᠡ᠃  
 
ᠢᠷᠡᠯᠲᠡ᠄ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号