ᠲᠣᠮᠢᠯᠠᠨ ᠰᠠᠭᠤᠯᠭᠠᠭᠰᠠᠨ ᠳᠣᠯᠣᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠭᠤᠶᠢᠯᠠᠩ ᠠᠴᠠ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠯᠲᠠ ᠦᠷᠨᠢᠭᠦᠯᠪᠡ
ᠨᠡᠶᠢᠲᠡᠯᠡᠭᠰᠡᠨ ᠴᠠᠭ᠄
2019-11-29
     ︽ᠣᠯᠠᠨ ᠲᠦᠮᠡᠨ ᠤ ᠠᠰᠢᠭ ᠲᠤᠰᠠ ᠶᠢ ᠦᠯᠦ ᠬᠠᠢᠬᠤᠷᠬᠤ ᠠᠰᠠᠭᠤᠳᠠᠯ ᠢ ᠴᠡᠭᠴᠡᠯᠡᠨ ᠵᠠᠰᠠᠬᠤ ᠲᠤᠬᠠᠶ ᠪᠣᠳᠠᠲᠠᠶ ᠬᠡᠷᠡᠭᠵᠢᠭᠦᠯᠬᠦ ᠲᠥᠰᠦᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢᠨ ᠱᠠᠭᠠᠷᠳᠠᠯᠭ᠎ᠠ ᠲᠠᠢ ᠤᠶᠠᠯᠳᠤᠭᠤᠯᠵᠤ᠂ ᠳᠣᠯᠣᠳᠤᠭᠠᠷ ᠰᠠᠬᠢᠯᠭ᠎ᠠ ᠪᠠᠲᠤ ᠪᠠᠶᠢᠴᠠᠭᠠᠬᠤ ᠲᠤᠭᠤᠶᠢᠯᠠᠩ ᠲᠣᠮᠢᠯᠠᠨ ᠰᠠᠭᠤᠯᠭᠠᠭᠰᠠᠨ ᠰᠠᠭᠤᠭ᠎ᠠ ᠨᠢᠭᠡᠴᠡ ᠳᠤ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠶᠢᠨ ᠲᠤᠰᠬᠠᠶ ᠱᠠᠯᠠᠪᠳᠠᠭᠤᠯᠤᠨ ᠪᠠᠶᠢᠴᠠᠭᠠᠯᠲᠠ ᠥᠷᠨᠢᠭᠦᠯᠵᠦ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠪᠠ᠃      ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠨᠢ ᠭᠤᠤᠯ ᠮᠥᠷᠡᠨ ᠨᠠᠭᠤᠷ ᠲᠣᠭᠤᠷᠢᠮ ᠯᠤᠭ᠎ᠠ︽ᠳᠥᠷᠪᠡᠨ ᠰᠠᠮᠠᠭᠤᠨ︾᠎ ᠤ ᠲᠤᠰᠬᠠᠶ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠤᠯ ᠮᠥᠷᠡᠨ ᠨᠠᠭᠤᠷ ᠲᠣᠭᠤᠷᠢᠮ ᠯᠤᠭ᠎ᠠ ᠳᠤᠪᠤᠶᠢᠮ᠎ᠠ ᠠᠰᠠᠭᠤᠳᠠᠯ ᠢ ᠦᠷᠭᠦᠯᠵᠢᠯᠡᠨ ᠲᠥᠪᠯᠡᠷᠡᠭᠦᠯᠦᠨ ᠢᠯᠭᠠᠷᠠᠭᠤᠯᠤᠨ ᠴᠡᠭᠴᠡᠯᠡᠬᠦ ᠪᠠᠷ ᠭᠤᠤᠯ ᠠᠭᠤᠯᠭ᠎ᠠ ᠪᠣᠯᠭᠠᠵᠤ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠠᠵᠢᠯ ᠥᠷᠨᠢᠭᠦᠯᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ︾᠎ ᠤ ᠠᠵᠢᠯ ᠤᠨ ᠲᠣᠬᠢᠷᠠᠭᠤᠯᠤᠯᠲᠠ᠂ ᠳᠦᠷᠢᠮ ᠤᠨ ᠪᠠᠶᠢᠭᠤᠯᠤᠯᠲᠠ᠂ ᠬᠢᠨᠠᠯᠲᠠ ᠬᠠᠮᠢᠶᠠᠷᠤᠯᠲᠠ᠂ ᠠᠰᠠᠭᠤᠳᠠᠯ ᠢ ᠰᠢᠢᠤᠡᠪᠤᠷᠢᠯᠡᠵᠤ ᠢᠯᠡᠴᠢᠯᠡᠨ ᠮᠡᠳᠡᠭᠦᠯᠦᠭᠰᠡᠨ ᠵᠢᠴᠢ ᠪᠠᠶᠢᠴᠠᠭᠠᠨ ᠰᠢᠢᠤᠡᠪᠤᠷᠢᠯᠡᠭᠰᠡᠨ ᠪᠠᠶᠢᠳᠠᠯ ᠵᠡᠷᠭᠡ ᠬᠠᠮᠢᠶ᠎ᠠ ᠪᠦᠬᠦᠢ ᠳᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠥᠭᠡᠳ ᠴᠢᠶᠠᠨ ᠯᠢ ᠭᠸᠦ ᠭᠤᠤᠯ ᠤᠨ ᠵᠠᠮ ᠢ ᠵᠠᠰᠠᠭᠰᠠᠨ ᠪᠠᠶᠢᠳᠠᠯ ᠪᠣᠯᠤᠨ ᠬᠤᠶᠢᠲᠤ ᠮᠥᠸᠧ ᠡᠯ ᠭᠧᠦ ᠭᠤᠤᠯ ᠤᠨ ᠵᠠᠮ ᠢ ᠵᠠᠰᠠᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠴᠡᠪᠡᠷᠯᠡᠨ ᠴᠡᠭᠴᠡᠯᠡᠬᠦ ᠠᠵᠢᠯ ᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠵᠦ᠂ ᠭᠤᠤᠯ ᠤᠨ ᠵᠠᠮ ᠤᠨ ᠦᠶᠡᠷ ᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠱᠠᠯᠠᠪᠳᠠᠭᠤᠯᠤᠨ ᠪᠠᠶᠢᠴᠠᠭᠠᠬᠤ ᠳᠤᠮᠳᠠ᠂ ᠲᠣᠮᠢᠯᠠᠨ ᠰᠠᠭᠤᠯᠭᠠᠭᠰᠠᠨ ᠳᠣᠯᠣᠳᠤᠭᠠᠷ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠲᠤᠭᠤᠶᠢᠯᠠᠩ ᠤᠯᠤᠰ ᠲᠥᠷᠦ ᠶᠢᠨ ᠬᠠᠷᠢᠭᠤᠴᠠᠯᠭ᠎ᠠ ᠪᠠᠨ ᠳᠡᠭᠡᠭᠰᠢᠯᠡᠭᠦᠯᠬᠦ᠂ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠬᠤ᠂ ᠲᠣᠭᠲᠠᠴᠠ ᠪᠠᠨ ᠲᠡᠭᠦᠯᠳᠡᠷᠵᠢᠭᠦᠯᠬᠦ ᠵᠡᠷᠭᠡ ᠲᠠᠯ᠎ᠠ ᠪᠠᠷ ᠴᠢᠨᠠᠭᠰᠢᠳᠠ ᠠᠵᠢᠯ ᠶᠢᠨ ᠱᠠᠭᠠᠷᠳᠠᠯᠭ᠎ᠠ ᠳᠤᠷᠠᠳᠴᠤ᠂ ᠴᠡᠭᠴᠡᠯᠡᠨ ᠵᠠᠰᠠᠬᠤ ᠠᠵᠢᠯ ᠢ ᠴᠥᠬᠦᠷᠡᠰᠢ ᠦᠭᠡᠢ ᠪᠠᠶᠢᠩᠭᠤ ᠠᠳᠬᠤᠬᠤ ᠶᠢ ᠦᠨᠡᠨᠬᠦ ᠠᠬᠢᠭᠤᠯᠪᠠ᠃    
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号