ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠬᠤᠲᠠ ᠶᠢ ᠡᠭᠦᠳᠬᠦ ᠠᠵᠢᠯ ᠢ ᠪᠦᠬᠦ ᠬᠦᠴᠦᠨ ᠢᠶᠠᠷ ᠢᠶᠠᠨ ᠲᠣᠬᠢᠷᠠᠭᠤᠯᠪᠠ
ᠨᠡᠶᠢᠲᠡᠯᠡᠭᠰᠡᠨ ᠴᠠᠭ᠄
2019-11-29
     11 ᠰᠠᠷ᠎ᠠ ᠶᠢᠨ 28᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠤᠰᠬᠠᠶ ᠰᠡᠳᠦᠪ ᠢᠶᠠᠷ ᠲᠣᠬᠢᠷᠠᠭᠤᠯᠵᠤ᠂ ᠪᠦᠬᠦ ᠲᠤᠭᠤᠷᠢᠭ ᠤᠨ ᠳᠡᠭᠡᠳᠤ ᠳᠣᠣᠷᠠᠳᠤ ᠱᠠᠲᠤ ᠶᠢ ᠴᠢᠨᠠᠭᠰᠢᠳᠠ ᠳᠠᠶᠢᠴᠢᠯᠠᠨ ᠬᠥᠳᠡᠯᠦᠯᠴᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ᠂ ᠬᠤᠲᠠ ᠶᠢ ᠡᠭᠦᠳᠦᠨ ᠪᠠᠶᠢᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠪᠡ᠃
      ᠬᠤᠷᠠᠯ ᠳᠡᠭᠡᠷ᠎ᠡ᠂ ᠬᠠᠶᠢᠷᠤᠪ ᠤᠨ ᠲᠣᠬᠤᠢ ᠲᠤᠭᠤᠷᠢᠭ ᠤᠨ ᠨᠠᠮ ᠤᠨ ᠬᠤᠷᠢᠶ᠎ᠠ ᠶᠢᠨ ᠭᠤᠤᠯ ᠤᠳᠤᠷᠢᠳᠤᠯᠭ᠎ᠠ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢ ᠤᠶᠢᠯᠭᠠᠨ᠂ ᠣᠳᠣᠬᠠᠨ ᠤ ᠣᠷᠣᠰᠢᠵᠤ ᠪᠠᠶᠢᠭ᠎ᠠ ᠭᠤᠤᠯ ᠠᠰᠠᠭᠤᠳᠠᠯ ᠪᠣᠯᠤᠨ ᠪᠠᠭᠤᠷᠠᠶ ᠭᠤᠭᠴᠤᠭ᠎ᠠ ᠳᠤ ᠲᠤᠰᠬᠠᠶ ᠰᠡᠳᠦᠪᠲᠦ ᠲᠣᠬᠢᠷᠠᠭᠤᠯᠤᠯᠲᠠ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ ᠬᠤᠲᠠ ᠡᠭᠦᠳᠬᠦ ᠠᠵᠢᠯ ᠶᠢᠨ ᠲᠤᠬᠠᠶ ᠱᠠᠭᠠᠷᠳᠠᠯᠭ᠎ᠠ ᠳᠤᠷᠠᠳᠴᠠᠶ᠃      ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢ ᠵᠤᠭᠰᠤᠯᠲᠠ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠪᠣᠯᠤᠨ ᠪᠠᠭᠤᠷᠠᠶ ᠭᠤᠭᠴᠤᠭ᠎ᠠ ᠳᠤ ᠴᠢᠭᠯᠡᠭᠦᠯᠦᠨ᠂ ᠪᠦᠬᠦ ᠲᠠᠯ᠎ᠠ ᠪᠠᠷ ᠴᠡᠭᠴᠡᠯᠡᠨ ᠵᠠᠰᠠᠬᠤ ᠶᠢ ᠠᠳᠬᠤᠵᠤ᠂ ᠴᠡᠭ ᠢ ᠠᠳᠬᠤᠨ ᠳᠡᠭᠡᠭᠰᠢᠯᠡᠭᠦᠯᠵᠦ᠂ ᠠᠭᠤᠷ ᠠᠮᠢᠰᠬᠤᠯ ᠢ ᠪᠣᠶ ᠪᠣᠯᠭᠠᠵᠤ᠂ ᠰᠢᠪᠲᠤᠯᠤᠯᠲᠠ ᠬᠢᠬᠦ ᠵᠣᠷᠢᠭ ᠰᠠᠨᠠᠭ᠎ᠠ᠂ ᠰᠥᠰᠥ ᠵᠣᠷᠢᠭ ᠪᠣᠯᠤᠨ ᠬᠤᠷᠳᠤᠴᠠ ᠪᠠᠷ ᠬᠤᠲᠠ ᠶᠢ ᠡᠭᠦᠳᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ︔ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠪᠠᠶᠢᠭᠤᠯᠤᠯ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠵᠦ᠂ ᠳᠦᠷᠢᠮ ᠤᠨ ᠪᠠᠲᠤᠯᠠᠭ᠎ᠠ ᠶᠢ ᠲᠡᠭᠦᠯᠳᠡᠷᠵᠢᠭᠦᠯᠦᠨ᠂ ᠪᠠᠶᠢᠩᠭᠤ ᠠᠳᠬᠤᠬᠤ ᠪᠠᠷ ᠬᠤᠲᠠ ᠡᠭᠦᠳᠬᠦ ᠠᠵᠢᠯ ᠤᠨ ᠤᠷᠲᠤ ᠬᠤᠭᠤᠴᠠᠭᠠᠲᠤ ᠴᠢᠨᠠᠷ ᠪᠠ ᠦᠷᠭᠦᠯᠵᠢᠯᠡᠯᠳᠦ ᠴᠢᠨᠠᠷ ᠢ ᠦᠨᠡᠨᠬᠦ ᠪᠠᠲᠤᠯᠠᠵᠤ᠂ ᠬᠤᠲᠠ ᠡᠭᠦᠳᠬᠦ ᠠᠵᠢᠯ ᠤᠨ ᠡᠯ᠎ᠡ ᠲᠠᠯ᠎ᠠ ᠶᠢ ᠢᠮᠠᠭᠲᠠ ᠥᠨᠳᠥᠷ ᠪᠠᠷᠢᠮᠵᠢᠶ᠎ᠠ ᠲᠠᠢ ᠪᠠᠶᠢᠯᠭᠠᠬᠤ ᠶᠢ ᠪᠠᠲᠤᠯᠠᠵᠤ᠂ ᠥᠨᠳᠥᠷ ᠱᠠᠭᠠᠷᠳᠠᠯᠭ᠎ᠠ ᠶᠢ ᠢᠯᠡᠷᠡᠭᠦᠯᠦᠨ᠂ ᠬᠤᠲᠠ ᠶᠢᠨ ᠪᠣᠯᠪᠠᠰᠤᠨ ᠤ ᠪᠠᠶᠢᠭᠤᠯᠤᠯᠲᠠ ᠶᠢᠨ ᠳᠠᠬᠢᠨ ᠰᠢᠨ᠎ᠡ ᠬᠢᠷᠢ ᠲᠦᠪᠰᠢᠨ ᠳᠤ ᠬᠦᠷᠬᠦ ᠶᠢ ᠠᠬᠢᠭᠤᠯᠬᠤ ᠬᠡᠷᠡᠭᠲᠡᠶ︔ ᠰᠢᠲᠠᠷ᠎ᠠ ᠲᠠᠯᠪᠢᠬᠤ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠲᠣᠭᠤᠷᠢᠨ ᠪᠠᠶᠢᠴᠠᠭᠠᠬᠤ ᠠᠵᠢᠯ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠳᠡᠭᠡᠳᠤ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠪᠣᠯᠪᠠᠰᠤᠨ ᠢ ᠥᠨᠴᠥᠭ ᠪᠤᠯᠤᠩ ᠪᠣᠯᠤᠨ ᠪᠠᠯᠠᠶ ᠣᠷᠣᠨ ᠦᠯᠡᠳᠡᠭᠡᠬᠦ ᠦᠭᠡᠢ ᠪᠣᠯᠭᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠬᠤ᠂ ᠪᠦᠬᠦ ᠲᠠᠯ᠎ᠠ ᠪᠠᠷ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠶᠢ ᠪᠦᠷᠢᠯᠳᠦᠭᠦᠯᠵᠦ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠲᠤᠭᠤᠷᠢᠭ ᠤᠨ ᠵᠠᠰᠠᠭ ᠤᠨ ᠤᠷᠳᠦᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号