ᠬᠠᠶᠢᠷᠤᠪ ᠤᠨ ᠲᠣᠬᠤᠢ ᠲᠣᠭᠤᠷᠢᠭ ᠠᠶᠤᠯᠭᠦᠶ ᠦᠢᠯᠡᠳᠪᠦᠷᠢᠯᠡᠯ ᠤᠨ ᠠᠵᠢᠯ ᠶᠢᠨ ᠬᠠᠮᠢᠶ᠎ᠠ ᠪᠥᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2019-11-04
     ᠡᠨᠡ ᠵᠢᠯ ᠠᠴᠠ ᠨᠠᠰᠢ ᠬᠠᠶᠢᠷᠤᠪ ᠤᠨ ᠲᠣᠬᠤᠢ ᠲᠣᠭᠤᠷᠢᠭ ᠳᠡᠭᠡᠳᠦ ᠱᠠᠲᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠶᠢᠨ ᠲᠤᠬᠠᠶ ᠠᠯᠢ ᠣᠯᠠᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ᠂ ︽ᠤᠯᠠᠭᠠᠨ ᠱᠤᠭᠤᠮ︾᠎ ᠤᠨ ᠤᠬᠠᠮᠰᠠᠷ ᠪᠣᠯᠤᠨ ︽ᠬᠤᠷᠢᠭ᠎ᠠ ᠱᠤᠭᠤᠮ︾᠎ ᠤᠨ ᠰᠡᠳᠬᠢᠬᠦᠶ ᠶᠢ ᠪᠠᠲᠤ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠤᠨ ︽ᠡᠷᠭᠢᠨ ᠬᠠᠷᠠᠬᠤ︾᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠵᠡᠷᠭᠡ ᠠᠵᠢᠯ ᠢ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢ ᠦᠨᠡᠨᠬᠦ ᠴᠢᠩᠭᠠᠳᠬᠠᠵᠤ᠂ ᠠᠶᠤᠯᠭᠦᠶ ᠦᠢᠯᠡᠳᠪᠦᠷᠢᠯᠡᠯ ᠢ ᠪᠦᠬᠦ ᠲᠠᠯ᠎ᠠ ᠪᠠᠷ ᠪᠠᠶᠢᠴᠠᠭᠠᠨ ᠵᠠᠰᠠᠵᠤ᠂ ᠠᠶᠤᠯᠭᠦᠶ ᠦᠢᠯᠡᠳᠪᠦᠷᠢᠯᠡᠯ ᠤᠨ ᠶᠡᠷᠦᠩᠬᠡᠶ ᠪᠠᠶᠢᠳᠠᠯ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠪᠠ᠃      10 ᠰᠠᠷ᠎ᠠ ᠶᠢᠨ 22᠎ ᠤ ᠡᠳᠦᠷ᠂ ᠬᠠᠶᠢᠷᠤᠪ ᠤᠨ ᠲᠣᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠬᠤᠸᠠ ᠰᠢᠨ ᠨᠡᠭᠦᠷᠡᠰᠦ ᠬᠡᠤᠷᠰᠢᠭᠦᠯᠬᠦ ᠬᠢᠵᠠᠭᠠᠷᠲᠤ ᠺᠣᠮᠫᠠᠨᠢ ᠳᠤ ᠬᠦᠷᠴᠦ᠂ ᠬᠤᠸᠠ ᠰᠢᠨ ᠨᠡᠭᠦᠷᠡᠰᠦ ᠬᠡᠤᠷᠰᠢᠭᠦᠯᠬᠦ ᠬᠢᠵᠠᠭᠠᠷᠲᠤ ᠺᠣᠮᠫᠠᠨᠢ ᠶᠢᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠠᠪᠬᠤᠷᠭ᠎ᠠ ᠶᠢᠨ ᠺᠠᠳ᠋ᠷ ᠲᠠᠢ ᠠᠶᠤᠯᠭᠦᠶ ᠦᠢᠯᠡᠳᠪᠦᠷᠢᠯᠡᠯ ᠤᠨ ᠴᠢᠬᠤᠯᠠ ᠴᠢᠨᠠᠷ ᠪᠣᠯᠤᠨ ᠡᠪᠦᠯ ᠤᠨ ᠤᠯᠠᠷᠢᠯ ᠤᠨ ᠦᠢᠯᠡᠳᠪᠦᠷᠢᠯᠡᠯ ᠤᠨ ᠴᠢᠬᠤᠯᠠ ᠴᠢᠨᠠᠷ ᠢ ᠬᠤᠷᠠᠯ ᠢᠶᠠᠷ ᠴᠢᠬᠤᠯᠠᠴᠢᠯᠠᠪᠠ᠃ ᠡᠨᠡ ᠨᠢ ᠮᠥᠨ ᠴᠦ ᠬᠠᠶᠢᠷᠤᠪ ᠤᠨ ᠲᠣᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠰᠠᠷ᠎ᠠ ᠪᠦᠷᠢ ᠶᠢᠨ ᠵᠤᠷᠰᠢᠯᠲᠤ ᠠᠮᠤᠷ ᠲᠦᠪᠰᠢᠨ ᠤ ᠪᠠᠶᠢᠴᠠᠭᠠᠯᠲᠠ ᠶᠢᠨ ᠵᠠᠩᠭᠢᠯᠠᠭ᠎ᠠ ᠶᠢᠨ ᠨᠢᠭᠡ ᠪᠣᠯᠤᠨ᠎ᠠ᠃      ᠬᠠᠶᠢᠷᠤᠪ ᠤᠨ ᠲᠣᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠯᠢ ᠹᠧᠩ ᠭᠤᠸᠠᠩ ᠲᠠᠨᠢᠯᠴᠠᠭᠤᠯᠬᠤ ᠳᠠᠭᠠᠨ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠷᠪᠠᠨ ᠨᠢᠭᠡᠳᠦᠭᠡᠷ ᠳᠤᠭᠤᠶᠢᠯᠠᠩ ᠤᠷᠢᠳ ᠬᠤᠵᠢᠳ ᠬᠤᠶᠠᠷ ᠤᠳᠠᠭ᠎ᠠ ᠮᠠᠨ ᠤ ᠬᠤᠲᠠ ᠳᠤ ᠬᠦᠷᠴᠦ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠥᠷᠨᠢᠭᠦᠯᠵᠦ᠂ ᠬᠠᠶᠢᠷᠤᠪ ᠤᠨ ᠲᠣᠬᠤᠢ ᠲᠣᠭᠤᠷᠢᠭ ᠲᠤ 202 ᠵᠦᠢᠯ ᠤᠨ ᠠᠰᠠᠭᠤᠳᠠᠯ ᠢ ᠰᠢᠯᠵᠢᠭᠦᠯᠦᠨ ᠭᠦᠢᠴᠡᠳᠭᠡᠯᠭᠡᠪᠡ᠃ 3 ᠰᠠᠷ᠎ᠠ ᠪᠤᠯᠲᠠᠯ᠎ᠠ ᠬᠠᠶᠢᠷᠤᠪ ᠤᠨ ᠲᠣᠬᠤᠢ ᠲᠣᠭᠤᠷᠢᠭ ᠰᠢᠯᠵᠢᠭᠦᠯᠦᠨ ᠭᠦᠢᠴᠡᠳᠭᠡᠬᠦ ᠠᠰᠠᠭᠤᠳᠠᠯ ᠢ ᠴᠥᠮ ᠴᠡᠭᠴᠡᠯᠡᠨ ᠰᠠᠶᠢᠵᠢᠷᠠᠭᠤᠯᠪᠠ᠃ 6 ᠳ᠋ᠤᠭᠠᠷ ᠰᠠᠷ᠎ᠠ ᠳᠤ ︽ᠡᠷᠭᠢᠨ ᠬᠠᠷᠠᠬᠤ︾ ᠰᠢᠯᠵᠢᠭᠦᠯᠦᠨ ᠭᠦᠢᠴᠡᠳᠭᠡᠬᠦ ᠠᠰᠠᠭᠤᠳᠠᠯ ᠣᠳᠣᠬᠠᠨ ᠳᠤ ᠪᠠᠰᠠ ᠨᠢᠭᠡ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠠᠶᠢᠨ᠎ᠠ᠃ ᠭᠤᠤᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ ᠠᠶᠤᠯ ᠲᠦᠭᠰᠢᠭᠦᠷᠢ ᠶᠢᠨ ᠡᠳᠦᠷ ᠤᠨ ᠮᠡᠳᠡᠭᠦᠯᠦᠯᠲᠡ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠵᠡᠷᠭᠡ ᠠᠵᠢᠯ ᠢ ᠥᠷᠨᠢᠭᠦᠯᠦᠭᠡᠳ᠂ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠮᠡᠳᠡᠭᠳᠡᠮ᠎ᠡ ᠶᠡᠭᠡ ᠰᠠᠶᠢᠵᠢᠷᠠᠯᠲᠠ ᠲᠠᠢ ᠪᠣᠯᠪᠠ᠃      ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠥᠯᠥᠭᠡ᠂ ᠡᠨᠡ ᠵᠢᠯ ᠬᠠᠶᠢᠷᠤᠪ ᠤᠨ ᠲᠣᠬᠤᠢ ᠲᠣᠭᠤᠷᠢᠭ ᠪᠦᠬᠦ ᠣᠷᠣᠨ ᠤ ᠬᠡᠪᠴᠢᠶᠡᠨ ᠳᠤ ᠠᠶᠤᠯᠭᠦᠶ ᠦᠢᠯᠡᠳᠪᠦᠷᠢᠯᠡᠯ ᠤᠨ ᠰᠠᠷ᠎ᠠ ᠶᠢᠨ ᠠᠵᠢᠯᠯᠠᠭ᠎ᠠ ᠥᠷᠨᠢᠭᠦᠯᠵᠦ᠂ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠠᠮᠤᠷ ᠲᠦᠪᠰᠢᠨ ᠤ ᠦᠨᠡᠯᠡᠯᠲᠡ ᠪᠠ ᠢᠯᠠ ᠳᠠᠯᠳᠠ ᠪᠠᠶᠢᠴᠠᠭᠠᠯᠲᠠ ᠶᠢ ᠲᠠᠰᠤᠷᠠᠯᠲᠠ ᠦᠭᠡᠢ ᠠᠬᠢᠭᠤᠯᠵᠤ᠂ ᠠᠶᠤᠯᠲᠠᠶ ᠬᠢᠮᠢ ᠶᠢᠨ ᠪᠣᠳᠠᠰ ᠤᠨ ᠪᠥᠲᠦᠭᠡᠭᠳᠡᠭᠦᠨ ᠤ ᠬᠠᠳᠠᠭᠠᠯᠠᠯᠲᠠ᠂ ᠡᠵᠡᠩᠨᠡᠯᠲᠡ᠂ ᠲᠡᠭᠡᠭᠡᠪᠦᠷᠢ᠂ ᠬᠡᠷᠡᠭᠯᠡᠯᠲᠡ ᠵᠡᠷᠭᠡ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ︔ ᠨᠡᠭᠦᠷᠡᠰᠦᠨ ᠤ ᠪᠤᠰᠤ ᠠᠭᠤᠷᠬᠠᠢ ᠶᠢᠨ ᠠᠮᠤᠷ ᠲᠦᠪᠰᠢᠨ ᠤ ᠲᠤᠰᠬᠠᠢ ᠵᠦᠢᠯ ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠳᠠᠭᠠᠭᠠᠴᠢᠯᠠᠭᠤᠯᠬᠤ ᠪᠠᠷ ᠬᠠᠮᠢᠶᠠᠷᠤᠯᠲᠠ ᠶᠢ ᠣᠷᠣᠯᠠᠭᠤᠯᠬᠤ︾᠂ ᠬᠤᠴᠣᠷᠤᠩᠭᠤᠢ ᠲᠥᠬᠦᠭᠡᠷᠦᠮᠵᠢ ᠪᠠ ᠦᠢᠯᠡᠳᠪᠦᠷᠢᠯᠡᠬᠦ ᠠᠷᠭ᠎ᠠ ᠶᠢ ᠬᠡᠷᠡᠭᠯᠡᠬᠦ ᠵᠡᠷᠭᠡ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠲᠣᠭᠲᠠᠭᠠᠨ᠂ ᠡᠯ᠎ᠡ ᠲᠥᠷᠥᠯ ᠤᠨ ᠠᠵᠤ ᠠᠬᠤᠶᠢᠯᠠᠯ᠂ ᠦᠢᠯᠡᠳᠪᠦᠷᠢᠯᠡᠯ ᠲᠤ ᠨᠡᠶᠢᠳᠡᠮ ᠢᠶᠠᠷ ᠢᠶᠠᠨ ᠪᠠᠶᠢᠴᠠᠭᠠᠯᠲᠠ ᠬᠢᠵᠦ᠂ ᠠᠮᠤᠷ ᠲᠦᠪᠰᠢᠨ ᠤ ᠳᠠᠯᠳᠠ ᠬᠡᠮ ᠢ ᠭᠦᠨᠵᠡᠭᠡᠢ ᠠᠷᠢᠯᠭᠠᠵᠤ᠂ ᠬᠦᠨᠳᠦ ᠶᠡᠭᠡ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠯ᠎ᠡ ᠲᠥᠷᠥᠯ ᠤᠨ ᠡ᠊ᠨᠳᠡᠯ ᠭᠠᠷᠬᠤ ᠶᠢ ᠬᠤᠷᠢᠭᠯᠠᠪᠠ᠃      ᠲᠠᠷᠠᠭᠠᠴᠢ ᠶᠢᠨ ᠠᠯᠬᠤᠮ ᠳᠤ᠂ ᠬᠠᠶᠢᠷᠤᠪ ᠤᠨ ᠲᠣᠬᠤᠢ ᠲᠣᠭᠤᠷᠢᠭ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠪᠢᠲᠡᠭᠦᠤ ᠴᠠᠭᠠᠷᠢᠭ ᠤᠨ ᠠᠵᠢᠯ ᠢ ᠡᠷᠡᠰ ᠰᠠᠶᠢᠲᠤᠷ ᠬᠢᠬᠦ ᠶᠢᠨ ᠬᠠᠮᠲᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ︽ᠡᠷᠭᠢᠨ ᠬᠠᠷᠠᠵᠤ︾᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ︔ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠬᠦᠷᠢᠶ᠎ᠡ ᠴᠠᠷᠢᠶᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠶᠤᠯᠲᠠᠶ ᠬᠢᠮᠢ ᠶᠢᠨ ᠡᠳ᠋᠂ ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ᠂ ᠭᠠᠯ ᠤᠨᠲᠠᠷᠠᠭᠠᠬᠤ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠬᠤ ᠶᠢᠨ ᠬᠠᠮᠲᠤ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠥᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠦᠨᠡᠨᠬᠦ ᠴᠢᠩᠭᠠᠳᠬᠠᠨ᠎ᠠ︔ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠰᠠᠭᠤᠷᠢ ᠠᠵᠢᠯ ᠢ ᠦᠷᠭᠦᠯᠵᠢᠯᠡᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠪᠡᠯᠡᠳᠬᠡᠯ ᠲᠥᠰᠦᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠠᠵᠤ ᠠᠬᠤᠶᠢᠯᠠᠯ ᠤᠨ ᠪᠦᠬᠦ ᠠᠵᠢᠯᠲᠠᠨ ᠤ ᠪᠣᠯᠪᠠᠰᠤᠷᠠᠭᠤᠯᠤᠯ ᠢ ᠦᠷᠭᠦᠯᠵᠢᠯᠡᠨ ᠥᠷᠨᠢᠭᠦᠯᠵᠦ᠂ ᠠᠵᠢᠯᠲᠠᠨ ᠤ ᠬᠡᠪ ᠴᠢᠨᠠᠷ ᠢ ᠴᠢᠩᠭᠠᠷᠠᠭᠤᠯᠤᠨ᠂ ᠡ᠊ᠨᠳᠡᠯ ᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠵᠤ᠂ ᠡ᠊ᠨᠳᠡᠯ ᠢ ᠤᠷᠢᠳᠴᠢᠯᠠᠨ ᠰᠡᠷᠭᠡᠶᠢᠯᠡᠬᠦ ᠪᠠ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠤᠨ᠂ ᠡ᠊ᠨᠳᠡᠯ ᠡᠭᠦᠰᠬᠦ ᠲᠣᠬᠢᠶᠠᠯᠳᠤᠮᠵᠢ ᠶᠢ ᠡᠬᠢ ᠰᠤᠷᠪᠤᠯᠵᠢ ᠠᠴᠠ ᠨᠢ ᠪᠠᠭᠠᠰᠬᠠᠨ᠎ᠠ︔ ᠨᠠᠮᠤᠷ ᠡᠪᠦᠯ ᠤᠨ ᠤᠯᠠᠷᠢᠯ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠠᠮᠤᠷ ᠡᠪᠦᠯ ᠬᠤᠶᠠᠷ ᠤᠯᠠᠷᠢᠯ ᠤᠨ ᠭᠠᠯ ᠤᠨ ᠠᠶᠤᠯ ᠣᠯᠠᠨ ᠡᠭᠦᠰᠬᠦ ᠬᠤᠭᠤᠴᠠᠭᠠᠨ ᠳᠠᠬᠢ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠵᠦ᠂ ᠨᠡᠶᠢᠭᠡᠮ ᠤᠨ ᠬᠢᠨ ᠤ ᠭᠠᠯ ᠤᠨ ᠠᠶᠤᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠥᠮᠦᠨ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠮᠡᠷᠭᠡᠵᠢᠯ ᠪᠠᠷ ᠰᠡᠷᠭᠡᠶᠢᠯᠡᠬᠦ ᠶᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠵᠦ᠂ ᠭᠠᠯ ᠰᠡᠷᠭᠡᠶᠢᠯᠡᠬᠦ ᠬᠠᠷᠢᠭᠤᠴᠠᠯᠭ᠎ᠠ ᠶᠢ ᠠᠵᠢᠯ ᠤᠨ ᠪᠠᠶᠢᠷᠢ ᠳᠤ ᠬᠦᠷᠲᠡᠯ᠎ᠡ ᠨᠠᠶᠢᠳᠠᠪᠤᠷᠢᠵᠢᠭᠤᠯᠬᠤ᠂ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃
 
ᠢᠷᠡᠯᠲᠡ᠄ ᠬᠠᠶᠢᠷᠤᠪ ᠤᠨ ᠲᠣᠬᠤᠢ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号